| | | ᠊᠊᠊᠊᠊᠊ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠶᠢᠨ ᠲᠤᠬᠠᠢ ᠬᠦᠦᠷᠨᠢᠯ | ᠤᠷᠠᠯᠢᠭ ᠤᠨ ᠬᠦᠷᠢᠶᠡᠯᠡᠩ ᠳᠤ ᠵᠢᠷᠢᠮ ᠤᠨ ᠪᠠᠷ ᠵᠢᠷᠤᠭ ᠨᠢ ᠶᠠᠭ ᠯᠠ ᠨᠢᠭᠡᠨ ᠬᠡᠷᠡᠯᠳᠦ ᠰᠤᠪᠤᠳ ᠰᠢᠭ᠋ ᠥᠪᠡᠷᠮᠢᠴᠡ ᠤᠷᠠᠯᠢᠭ ᠤᠨ ᠭᠡᠷᠡᠯ ᠭᠢᠯᠪᠠᠭ᠎ᠠ ᠪᠠᠨ | ᠰᠠᠴᠤᠷᠠᠭᠤᠯᠵᠤ ᠪᠠᠶᠢᠳᠠᠭ᠃2020 ᠣᠨ ᠠᠴᠠ ᠵᠢᠷᠢᠮ ᠤᠨ ᠪᠠᠷ ᠵᠢᠷᠤᠭ ᠨᠢ ᠶᠡᠷᠦ ᠪᠤᠰᠤ ᠶᠢᠨ ᠤᠷᠠᠯᠢᠭ ᠤᠨ ᠷᠢᠳᠢ ᠰᠢᠳᠢ ᠪᠠ ᠭᠦᠨ ᠵᠤᠵᠠᠭᠠᠨ ᠰᠣᠶᠣᠯ ᠤᠨ | ᠠᠭᠤᠯᠬᠤᠨ ᠢᠶᠠᠨ ᠭᠠᠶᠢᠬᠠᠭᠤᠯᠤᠭᠰᠠᠨ ᠪᠦᠭᠦ ᠤᠯᠤᠰ ᠤᠨ ᠬᠡᠪᠴᠢᠶᠡᠨ ᠤ ᠲᠣᠭᠤᠷᠢᠨ ᠦᠵᠡᠭᠦᠯᠭᠡ ᠪᠠᠨ ᠡᠬᠢᠯᠡᠭᠦᠯᠦᠭᠰᠡᠨ ᠪᠢᠯᠡ᠃ 2024 ᠣᠨ ᠳᠤ ᠴᠠᠩᠱᠠ | ᠦᠷᠳᠡᠭᠡ ᠳᠤ ᠳᠠᠭᠤᠰᠬᠠᠬᠤ ᠪᠤᠯᠲᠠᠯ᠎ᠠ᠂ 3 ᠵᠢᠯ ᠭᠠᠷᠤᠢ ᠦᠷᠭᠦᠯᠵᠢᠯᠡᠵᠤ᠂ ᠪᠦᠭᠦ ᠤᠯᠤᠰ ᠤᠨ ᠲᠣᠭᠤᠷᠢᠨ ᠦᠵᠡᠭᠦᠯᠭᠡ ᠨᠢ ᠮᠠᠰᠢ ᠤᠯᠠᠨ ᠬᠤᠳᠠ ᠲᠠᠢ ᠬᠠᠶᠢᠷ᠎ᠠ᠂ | ᠰᠣᠶᠣᠯ ᠢᠶᠠᠷ ᠢᠶᠠᠨ ᠬᠤᠯᠪᠣᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠤᠷᠠᠯᠢᠭ ᠤᠨ | ᠦᠢᠯᠡᠳᠦᠯᠭᠡ ᠪᠣᠯᠤᠭᠰᠠᠨ ᠪᠠᠶᠢᠨ᠎ᠠ᠃ | ᠲᠣᠭᠤᠷᠢᠨ ᠦᠵᠡᠭᠦᠯᠭᠡ ᠶᠢᠨ ᠲᠤᠬᠠᠢ ᠡᠷᠭᠢᠴᠡᠭᠦᠯᠦᠯ | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠨᠢ ᠤᠷᠠᠯᠢᠭ ᠤᠨ ᠰᠣᠯᠢᠯᠴᠠᠭ᠎ᠠ ᠶᠢᠨ ᠲᠤᠬᠠᠢ ᠬᠦᠰᠡᠯ ᠡᠷᠡᠮᠡᠯᠵᠡᠯ ᠵᠢᠴᠢ ᠳᠤᠮᠳᠠᠳᠤ | ᠶᠢᠨ ᠦᠨᠳᠦᠰᠦᠲᠡᠨ ᠤ ᠰᠢᠯᠢᠳᠡᠭ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠡᠭᠦᠷᠭᠡ ᠬᠠᠷᠢᠭᠤᠴᠠᠯᠭ᠎ᠠ ᠠᠴᠠ ᠡᠭᠦᠰᠦᠯ ᠲᠠᠢ ᠶᠤᠮ᠃ ᠲᠡᠷᠡ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠭᠦᠨ ᠵᠤᠵᠠᠭᠠᠨ ᠬᠠᠶᠢᠷ᠎ᠠ ᠶᠢ ᠠᠴᠢᠶᠠᠯᠠᠵᠤ᠂ ᠡᠬᠡ | ᠣᠷᠣᠨ ᠤ ᠡᠮᠦᠨ᠎ᠡ ᠤᠮᠠᠷ᠎ᠠ ᠶᠢ ᠬᠤᠯᠪᠣᠭᠰᠠᠨ ᠰᠣᠶᠣᠯ ᠤᠨ ᠠᠶᠠᠯᠠᠯ ᠢ ᠡᠬᠢᠯᠡᠭᠦᠯᠦᠭᠰᠡᠨ ᠶᠤᠮ᠃ | | | | | 2022 ᠣᠨ ᠤ ᠵᠢᠶᠠᠩᠨᠠᠨ ᠣᠷᠣᠨ ᠤ ᠬᠠᠮᠤᠭ ᠤᠨ ᠰᠠᠶᠢᠬᠠᠨ ᠤᠯᠠᠷᠢᠯ ᠳᠤ᠂ ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ | ᠲᠦᠩᠯᠢᠶᠣᠣ ᠠᠴᠠ ᠭᠠᠷᠴᠤ᠂ ᠵᠢᠶᠠᠩᠰᠤ ᠶᠢᠨ ᠴᠠᠩᠱᠤ ᠳᠤ ᠦᠵᠡᠭᠦᠯᠭᠡ ᠶᠢᠨ ᠬᠥᠰᠢᠭᠡ ᠪᠠᠨ ᠰᠡᠬᠦᠭᠰᠡᠨ ᠪᠠᠶᠢᠨ᠎ᠠ᠃ 3 ᠵᠢᠯ ᠭᠠᠷᠤᠢ ᠶᠢᠨ ᠲᠤᠷᠰᠢ᠂ ᠦᠵᠡᠭᠦᠯᠭᠡ ᠨᠢ | ᠬᠥᠬᠡᠮᠥ᠋ᠷᠡᠨ ᠤ ᠡᠮᠦᠨ᠎ᠡ ᠤᠮᠠᠷ᠎ᠠ ᠶᠢ ᠬᠤᠯᠪᠣᠵᠤ᠂ ᠨᠠᠨᠵᠢᠩ᠂ ᠤᠯᠠᠭᠠᠨᠬᠠᠳᠠ᠂ ᠳ᠋ᠠᠯᠢᠶᠠᠨ᠂ ᠬᠠᠷᠪᠢᠨ᠂ ᠭᠦᠢᠶᠠᠩ᠂ ᠹᠦᠵᠧᠦ᠂ ᠬᠠᠶᠢᠺᠧᠦ᠂ ᠳ᠋ᠦᠡᠭᠭᠤᠸᠠᠨ᠂ ᠶᠠᠨ ᠠᠨ᠂ | ᠴᠦᠩᠴᠢᠩ᠂ ᠵᠢᠦᠴᠢᠦᠸᠠᠨ᠂ ᠬᠤᠸᠠᠩᠱᠢ ᠵᠡᠷᠭᠡ 20 ᠭᠠᠷᠤᠢ ᠬᠤᠳᠠ ᠳᠤ ᠤᠯᠠ ᠮᠥᠷ ᠢᠶᠠᠨ ᠲᠦᠭᠡᠭᠰᠡᠨ ᠪᠠᠶᠢᠨ᠎ᠠ᠃ ᠭᠦᠷᠦᠭᠰᠡᠨ ᠭᠠᠵᠠᠷ ᠪᠣᠯᠭᠠᠨ ᠳᠤ ᠴᠥᠮ ᠮᠠᠰᠢ | ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠦᠵᠡᠭᠦᠯᠭᠡ ᠶᠢ ᠦᠵᠡᠭᠰᠡᠳ ᠨᠡᠶᠢᠳᠡ 10 ᠲᠦᠮᠡ ᠰᠢᠬᠠᠮ ᠬᠥᠮᠥᠨ ᠤᠳᠠᠭ᠎ᠠ ᠳᠤ ᠬᠦᠷᠴᠦ᠂ ᠰᠠᠶᠢᠨ | ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠣᠯᠪᠠ᠃ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠥᠲᠥᠯᠥᠨ ᠳᠠᠭᠠᠭᠤᠯᠬᠤ | ᠲᠥᠷᠥᠯ ᠵᠦᠢᠯ ᠪᠣᠯᠤᠭᠰᠠᠨ ᠤ ᠬᠤᠪᠢ ᠳᠤ᠂ ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠨᠢ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠭᠤᠣᠯᠳᠠᠯᠭ᠎ᠠ ᠲᠠᠢ ᠠᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | | | | | ᠦᠵᠡᠭᠦᠯᠭᠡ ᠳᠤ ᠤᠷᠤᠯᠴᠠᠬᠰᠠᠨ ᠪᠦᠲᠦᠭᠡᠯ ᠨᠢ ᠥᠪᠡᠷᠮᠢᠴᠡ ᠤᠷᠠᠯᠢᠭ ᠤᠨ ᠬᠡᠪ ᠨᠠᠮᠪᠠ ᠪᠠᠷ ᠢᠶᠠᠨ ᠲᠤᠬᠠᠢ ᠶᠢᠨ ᠭᠠᠵᠠᠷ ᠤᠨ ᠰᠣᠶᠣᠯ ᠤᠨ ᠠᠭᠤᠷ | ᠠᠮᠢᠰᠬᠤᠯ ᠲᠠᠢ ᠠᠭᠤᠰᠤᠯᠴᠠᠵᠤ᠂ ᠴᠢᠩᠭ᠎ᠠ ᠤᠷᠠᠯᠢᠭ ᠤᠨ ᠨᠥᠯᠥᠭᠡᠯᠡᠬᠦ ᠬᠦᠴᠦᠨ ᠪᠠ ᠰᠣᠶᠣᠯ ᠤᠨ ᠠᠭᠤᠰᠤᠯᠴᠠᠯ ᠤᠨ ᠬᠦᠴᠦᠨ ᠢ ᠢᠯᠡᠷᠡᠭᠦᠯᠵᠦ᠂ ᠡᠯ᠎ᠡ | ᠭᠠᠵᠠᠷ ᠤᠨ ᠰᠣᠶᠣᠯ ᠤᠨ ᠰᠣᠯᠢᠯᠴᠠᠭ᠎ᠠ ᠶᠢᠨ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠦᠵᠡᠭᠦᠯᠭᠡ ᠨᠢ ︽ᠢᠲᠡᠭᠡᠯᠲᠦ ᠣᠷᠣᠨ ᠢᠪᠡᠭᠡᠯᠲᠦ ᠨᠤᠲᠤᠭ︾ ᠪᠤᠯᠬᠤ | ᠲᠠᠯ᠎ᠠ ᠨᠤᠲᠤᠭ ᠤᠨ ᠨᠠᠷᠠᠲᠤ ᠬᠤᠲᠠ ᠲᠦᠩᠯᠢᠶᠣᠣ ᠶᠢ ᠨᠠᠩ ᠠᠯᠳᠠᠷᠰᠢᠭᠤᠯᠵᠤ᠂ ᠵᠢᠷᠢᠮ ᠤᠨ ᠪᠠᠷ ᠵᠢᠷᠤᠭ ᠭᠡᠬᠦ ᠡᠨᠡ ᠬᠦ ︽ᠲᠠᠯ᠎ᠠ ᠨᠤᠲᠤᠭ ᠤᠨ ᠴᠡᠴᠡᠭ︾ ᠢ ᠡᠬᠡ | ᠤᠯᠤᠰ ᠤᠨ ᠡᠯ᠎ᠡ ᠭᠠᠵᠠᠷ ᠲᠤ ᠠᠯᠳᠠᠷᠰᠢᠭᠤᠯᠪᠠ᠃ | ᠵᠢᠷᠢᠮ ᠤᠨ ᠪᠠᠷ ᠵᠢᠷᠤᠭ ᠤᠨ ᠤᠷᠠᠯᠢᠭ ᠤᠨ ᠠᠭᠤᠯᠬᠤᠨ ᠪᠠ ᠭᠠᠵᠠᠷ ᠣᠷᠣᠨ ᠤ ᠣᠨᠴᠠᠯᠢᠭ | ᠲᠦᠩᠯᠢᠶᠣᠣ ᠬᠤᠳᠠ ᠨᠢ ᠪᠣᠯᠪᠠᠰᠤᠨ ᠤ ᠨᠠᠷ᠎ᠡ ᠮᠠᠨᠳᠤᠭᠰᠠᠨ ᠪᠠᠷᠠᠭᠤᠨ ᠯᠢᠶᠣᠤ ᠾᠧ ᠭᠤᠣᠯ᠂ ᠬᠤᠷᠴᠢᠨ ᠤ ᠲᠠᠯ᠎ᠠ ᠨᠤᠲᠤᠭ ᠤᠨ ᠥᠷᠥᠴᠡᠨ ᠳᠤ ᠪᠠᠶᠢᠷᠢᠯᠠᠵᠤ᠂ | ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠠᠶᠢᠵᠤ᠂ ᠵᠢᠷᠢᠮ ᠤᠨ ᠪᠠᠷ ᠵᠢᠷᠤᠭ ᠤᠨ ᠥᠯᠥᠭᠡᠢ ᠨᠤᠲᠤᠭ ᠪᠣᠯᠣᠨ᠎ᠠ᠃ ᠡᠬᠢ ᠡᠭᠦᠰᠦᠯ ᠢ ᠨᠢ ᠡᠷᠭᠢᠴᠡᠭᠦᠯᠪᠡᠯ᠂ ᠳᠡᠭᠡᠷ᠎ᠡ | ᠵᠠᠭᠤᠨ ᠤ ᠲᠠᠪᠢ ᠵᠢᠷᠠᠭᠠᠳ ᠣᠨ ᠤ ᠦᠶ᠎ᠡ ᠠᠴᠠ ᠬᠠᠭᠠᠰ ᠢᠯᠡᠭᠦᠦ ᠵᠠᠭᠤᠨ ᠤ ᠲᠤᠷᠰᠢ ᠬᠡᠳᠦᠨ ᠦᠶ᠎ᠡ ᠶᠢᠨ ᠤᠷᠠᠯᠢᠭᠴᠢᠳ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠡᠮᠵᠢᠨ᠂ ᠵᠢᠷᠢᠮ ᠤᠨ ᠪᠠᠷ ᠵᠢᠷᠤᠭ ᠨᠢ ᠬᠤᠷᠴᠢᠨ ᠨᠤᠲᠤᠭ ᠠᠴᠠ ᠠᠭᠠᠵᠢᠮ ᠠᠭᠠᠵᠢᠮ ᠢᠶᠠᠷ ᠪᠦᠭᠦ ᠤᠯᠤᠰ ᠲᠤ ᠲᠠᠨᠢᠭᠳᠠᠨ ᠮᠡᠳᠡᠷᠡᠭᠳᠡᠵᠦ᠂ | ᠠᠯᠳᠠᠷᠲᠠᠢ ᠪᠠᠷ ᠵᠢᠷᠤᠭ ᠤᠨ ᠵᠣᠬᠢᠶᠠᠨ ᠪᠦᠲᠦᠭᠡᠯᠭᠡ ᠶᠢᠨ ᠬᠠᠮᠲᠤᠯᠢᠭ ᠤᠨ ᠨᠢᠭᠡ ᠪᠣᠯᠤᠭᠰᠠᠨ ᠶᠤᠮ᠃ | | | | | ᠵᠢᠷᠢᠮ ᠤᠨ ᠪᠠᠷ ᠵᠢᠷᠤᠭ ᠨᠢ ᠭᠠᠵᠠᠷ ᠣᠷᠣᠨ ᠤ ᠣᠨᠴᠠᠯᠢᠭ ᠢᠶᠠᠷ ᠲᠣᠪᠣᠶᠢᠮ᠎ᠠ ᠪᠠᠶᠢᠵᠤ᠂ ᠲᠠᠯ᠎ᠠ ᠨᠤᠲᠤᠭ ᠤᠨ ᠠᠮᠢᠳᠤᠷᠠᠯ ᠳᠤ ᠰᠠᠭᠤᠷᠢᠯᠠᠵᠤ ᠲᠠᠯ᠎ᠠ ᠨᠤᠲᠤᠭ ᠤᠨ | ᠥᠷᠭᠡᠨ ᠠᠭᠤᠳᠠᠮ᠂ ᠣᠮᠣᠭᠯᠠᠩ ᠲᠠᠬᠰᠢᠨ᠂ ᠤᠶᠠᠨ ᠬᠠᠲᠠᠨ ᠵᠡᠷᠭᠡ ᠣᠨᠴᠠᠯᠢᠭ ᠢ ᠬᠠᠷᠠᠭᠤᠯᠵᠤ᠂ ᠲᠠᠯ᠎ᠠ ᠨᠤᠲᠤᠭ ᠤᠨ ᠵᠠᠩ ᠠᠭᠠᠯᠢ᠂ ᠠᠷᠠᠳ ᠤᠨ ᠵᠠᠩ ᠦᠢᠯᠡ ᠶᠢᠨ | ᠰᠣᠶᠣᠯ᠂ ᠮᠠᠯᠴᠢᠳ ᠤᠨ ᠠᠮᠢᠳᠤᠷᠠᠯ ᠵᠡᠷᠭᠡ ᠡᠯᠧᠮᠧᠨ᠋ᠲ ᠢ ᠵᠢᠷᠤᠭ ᠤᠨ ᠵᠣᠬᠢᠶᠠᠨ ᠪᠦᠲᠦᠭᠡᠯᠭᠡ ᠳᠡᠭᠡᠨ ᠤᠷᠠᠨ ᠢᠶᠠᠷ ᠠᠭᠤᠰᠬᠠᠭᠰᠠᠨ ᠶᠤᠮ᠃ ᠮᠡᠷᠭᠡᠵᠢᠯ ᠤᠨ ᠬᠤᠪᠢ ᠳᠤ | ᠵᠢᠷᠢᠮ ᠤᠨ ᠪᠠᠷ ᠵᠢᠷᠤᠭ ᠴᠤ ᠲᠠᠰᠤᠷᠠᠯᠲᠠ ᠦᠭᠡᠢ ᠰᠢᠨ᠎ᠡ ᠶᠢ ᠡᠭᠦᠳᠦᠨ ᠬᠥᠭᠵᠢᠵᠦ᠂ ᠣᠯᠠᠨ ᠵᠦᠢᠯ ᠤᠨ ᠤᠯᠠᠮᠵᠢᠯᠠᠯ ᠪᠠ ᠣᠲᠣ ᠦᠶ᠎ᠡ ᠶᠢᠨ ᠪᠠᠷ ᠵᠢᠷᠤᠭ ᠤᠨ ᠤᠷ᠎ᠠ | ᠮᠡᠷᠭᠡᠵᠢᠯ ᠢ ᠠᠭᠤᠰᠬᠠᠨ᠂ ᠤᠷᠢᠳ ᠬᠤᠵᠢᠳ ᠬᠤᠶᠠᠷ ᠤᠳᠠᠭ᠎ᠠ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠦᠵᠡᠭᠦᠯᠭᠡ ᠡᠷᠭᠢᠯᠡᠭᠰᠡᠨ ᠨᠢ ᠤᠷᠠᠨ | ᠵᠢᠷᠤᠭ ᠤᠨ ᠬᠢᠨ ᠤ ᠨᠥᠯᠥᠭᠡ ᠶᠢ ᠭᠦᠢᠴᠡᠳ ᠬᠠᠷᠠᠭᠤᠯᠵᠤ ᠪᠠᠶᠢᠭ᠎ᠠ ᠶᠤᠮ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠷᠠᠯᠢᠭ ᠤᠨ ᠦᠢᠯᠡᠳᠦᠯᠭᠡ | ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ︽ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ | ᠮᠥᠨ︾᠂ ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠪᠣᠯ ᠶᠠᠭ ᠡᠨᠡ ᠬᠦ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠬᠤ | ᠴᠢᠬᠤᠯᠠ ᠤᠷᠠᠯᠢᠭ ᠤᠨ ᠦᠢᠯᠡᠳᠦᠯᠭᠡ ᠮᠥᠨ᠃ | | | | | ᠲᠣᠭᠤᠷᠢᠨ ᠦᠵᠡᠭᠦᠯᠭᠡ ᠨᠢ ᠵᠢᠷᠢᠮ ᠤᠨ ᠪᠠᠷ ᠵᠢᠷᠤᠭ ᠭᠡᠬᠦ ᠡᠨᠡ ᠬᠦ ᠤᠷᠠᠯᠢᠭ ᠤᠨ ᠭᠡᠯᠪᠡᠷᠢ ᠪᠠᠷ ᠪᠦᠭᠦ ᠤᠯᠤᠰ ᠤᠨ ᠭᠠᠵᠠᠷ ᠣᠷᠣᠨ ᠠᠯᠤᠰᠯᠠᠭᠰᠠᠨ ᠰᠣᠶᠣᠯ ᠤᠨ | ᠰᠣᠯᠢᠯᠴᠠᠭ᠎ᠠ ᠪᠠᠷ ᠳᠡᠮᠵᠢᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠨᠠᠷ ᠤᠨ ᠦᠷ᠎ᠡ ᠰᠢᠭ ᠨᠢᠭᠲᠠ ᠪᠠᠷᠢᠯᠳᠤᠭᠰᠠᠨ ᠭᠤᠶᠣ ᠰᠠᠶᠢᠬᠠᠨ ᠵᠢᠷᠤᠭ ᠢ | ᠠᠮᠢᠳᠤᠯᠢᠭ ᠢᠶᠠᠷ ᠳᠡᠯᠭᠡᠨ ᠦᠵᠡᠭᠦᠯᠦᠭᠰᠡᠨ ᠶᠤᠮ᠃ ᠲᠣᠭᠤᠷᠢᠨ ᠦᠵᠡᠭᠦᠯᠭᠦ ᠶᠠᠪᠤᠴᠠ ᠳᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠬᠥᠮᠥᠰ | ᠠᠯᠢ ᠣᠯᠠᠨ ᠭᠤᠶᠢᠳᠠ ᠰᠠᠶᠢᠬᠠᠨ ᠪᠠᠷ ᠵᠢᠷᠤᠭ ᠢ ᠰᠣᠨᠢᠷᠬᠠᠵᠤ᠂ ᠤᠷᠠᠯᠢᠭ ᠤᠨ ᠭᠤᠸ᠎ᠠ ᠰᠠᠶᠢᠬᠠᠨ ᠢ ᠬᠠᠮᠲᠤ ᠪᠠᠷ ᠡᠳ᠋ᠯᠡᠵᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠣᠶᠣᠯ ᠤᠨ ᠮᠡᠳᠡᠷᠡᠮᠵᠢ ᠶᠢ ᠴᠢᠩᠭᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠦᠯᠬᠦᠮᠳᠡᠨ ᠳᠠᠪᠰᠢᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠶ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠯᠠᠨ ᠲᠦᠮᠡᠨ ᠤ ᠰᠡᠳᠬᠢᠯ ᠳᠤ | ᠬᠠᠳᠠᠩᠰᠢᠭᠤᠯᠵᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠦᠴᠦᠲᠡᠢ ᠬᠤᠯᠪᠣᠭᠠᠰᠤ | ᠪᠣᠯᠤᠭᠰᠠᠨ ᠪᠠᠶᠢᠨ᠎ᠠ᠃ | ᠤᠷᠠᠨ ᠪᠦᠲᠦᠭᠡᠯᠴᠢᠳ ᠵᠢᠴᠢ ᠲᠡᠲᠡᠨ ᠤ ᠪᠦᠲᠦᠭᠡᠯ ᠤᠨ ᠣᠯᠠᠨ ᠡᠰᠢᠲᠦ ᠢᠯᠡᠷᠡᠯ | ᠡᠨᠡ ᠤᠳᠠᠭᠠᠨ ᠤ ᠪᠦᠭᠦ ᠤᠯᠤᠰ ᠤᠨ ᠲᠣᠭᠤᠷᠢᠨ ᠦᠵᠡᠭᠦᠯᠭᠡ ᠶᠢᠨ ᠪᠦᠲᠦᠭᠡᠯ ᠤᠨ ᠤᠷᠠᠨ ᠪᠦᠲᠦᠭᠡᠯᠴᠢᠳ ᠨᠢ ᠠᠬᠠᠮᠠᠳ᠂ ᠢᠳᠡᠷ᠂ ᠵᠠᠯᠠᠭᠤ ᠭᠤᠷᠪᠠᠨ ᠦᠶ᠎ᠡ ᠶᠢ | ᠬᠠᠮᠤᠷᠴᠤ᠂ ᠴᠢᠩᠭ᠎ᠠ ᠠᠮᠢᠵᠢᠷᠠᠯ ᠤᠨ ᠬᠦᠴᠦᠨ ᠲᠠᠢ ᠪᠠᠶᠢᠯ᠎ᠠ᠃ ᠡᠭᠦᠨ ᠤ ᠳᠣᠲᠣᠷ᠎ᠠ ᠲᠤᠰᠬᠠᠢ ᠮᠡᠷᠭᠡᠵᠢᠯ ᠤᠨ ᠵᠢᠷᠤᠭᠴᠢᠨ ᠪᠤᠶ᠂ ᠲᠠᠳᠠ ᠤᠷᠠᠨ ᠨᠠᠷᠢᠯᠢᠭ ᠤᠷ᠎ᠠ | ᠮᠡᠷᠭᠡᠵᠢᠯ ᠪᠠ ᠭᠦᠨ ᠤᠬᠠᠭᠠᠯᠢᠭ ᠤᠷᠠᠯᠢᠭ ᠤᠨ ᠬᠡᠪ ᠪᠣᠯᠪᠠᠰᠤᠷᠠᠯ ᠢᠶᠠᠷ ᠢᠶᠠᠨ ᠲᠣᠭᠤᠷᠢᠨ ᠦᠵᠡᠭᠦᠯᠭᠡ ᠳᠤ ᠮᠠᠰᠢ ᠣᠯᠠᠨ ᠥᠨᠳᠥᠷ ᠬᠢᠷᠢ ᠲᠦᠪᠰᠢᠨ ᠲᠠᠢ | ᠤᠷᠠᠯᠢᠭ ᠤᠨ ᠰᠣᠳᠣᠨ ᠪᠦᠲᠦᠭᠡᠯ ᠢ ᠬᠠᠩᠭᠠᠵᠤ᠂ ᠣᠯᠠᠩᠬᠢ ᠨᠢ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠢᠯ ᠤᠨ ᠪᠠᠶᠢᠷᠢ ᠠᠴᠠ ᠢᠷᠡᠭᠰᠡᠨ ᠡᠩ ᠤᠨ | ᠠᠵᠢᠯᠲᠠᠨ ᠠᠵᠢᠯᠴᠢᠨ ᠣᠯᠠᠨ ᠲᠦᠮᠡᠨ ᠪᠣᠯᠣᠨ᠎ᠠ᠃ ᠲᠡᠳᠡ ᠠᠮᠢᠳᠤᠷᠠᠯ ᠳᠤ ᠰᠢᠩᠭᠡᠭᠡᠭᠰᠡᠨ ᠬᠠᠶᠢᠷ᠎ᠠ᠂ ᠦᠨᠳᠦᠰᠦᠲᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠵᠢᠴᠢ | ᠤᠷᠠᠯᠢᠭ ᠤᠨ ᠴᠥᠬᠦᠷᠡᠰᠢ ᠦᠭᠡᠢ ᠬᠥᠭᠡᠭᠡᠴᠡᠯᠳᠦᠯ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ | ᠰᠡᠳᠦᠪ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠮᠢᠳᠤᠷᠠᠯ ᠳᠤ ᠰᠠᠭᠤᠷᠢᠯᠠᠨ᠂ ᠭᠤᠣᠯ ᠭᠦᠭ ᠠᠶᠠᠰ ᠢ | ᠴᠤᠤᠷᠢᠶᠠᠲᠤᠭᠤᠯᠵᠤ᠂ ᠰᠠᠶᠢᠨ ᠰᠠᠶᠢᠬᠠᠨ ᠢ ᠮᠠᠭᠲᠠᠨ ᠳᠠᠭᠤᠯᠠᠪᠠ᠃ ᠲᠣᠭᠤᠷᠢᠨ ᠦᠵᠡᠭᠦᠯᠭᠡ ᠶᠢᠨ ᠣᠯᠠᠨ ᠪᠦᠲᠦᠭᠡᠯ ᠨᠢ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠭᠠᠷ ᠭᠠᠷ ᠢᠶᠠᠨ ᠬᠤᠯᠪᠣᠨ᠂ ᠬᠠᠲᠠᠭᠤ ᠪᠡᠷᠬᠡ ᠶᠢ ᠬᠠᠮᠲᠤ ᠪᠠᠷ ᠲᠤᠭᠤᠯᠤᠬᠰᠠᠨ ᠰᠡᠳᠬᠢᠯ ᠬᠥᠳᠡᠯᠭᠡᠮ᠎ᠡ ᠵᠢᠷᠤᠭ ᠳᠦᠷᠰᠦ ᠶᠢ ᠠᠮᠢᠳᠤᠯᠢᠭ ᠢᠶᠠᠷ ᠵᠢᠷᠤᠭᠯᠠᠵᠤ | ᠂ ᠪᠠᠰᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠨᠳᠦᠰᠦᠲᠡᠨ ᠤ ᠨᠥᠬᠦᠷᠯᠡᠯ ᠢ ᠢᠯᠡᠷᠡᠭᠦᠯᠵᠦ᠂ ᠲᠦᠩᠯᠢᠶᠣᠣ ᠬᠤᠳᠠ ᠶᠢᠨ ᠦᠨᠳᠦᠰᠦᠲᠡᠨ ᠨᠦᠭᠦᠳ ᠤᠨ | ᠤᠯᠠᠨ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠭᠰᠡᠨ ᠢ ᠢᠯᠡᠷᠡᠭᠦᠯᠵᠦ᠂ | ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠠᠲᠤ ᠢᠲᠡᠭᠡᠯ ᠢ ᠭᠦᠢᠴᠡᠳ ᠢᠯᠡᠳᠬᠡᠵᠡᠢ᠃ | | | | | ᠡᠯ᠎ᠡ ᠭᠠᠵᠠᠷ ᠤᠨ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠤᠭᠰᠠᠨ ᠤᠷᠠᠯᠢᠭ ᠤᠨ ᠲᠣᠭᠤᠷᠢᠨ ᠦᠵᠡᠭᠦᠯᠭᠡ | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠨᠢ ᠭᠦᠷᠦᠭᠰᠡᠨ ᠭᠠᠵᠠᠷ ᠪᠣᠯᠭᠠᠨ ᠳᠤ ᠵᠢᠷᠢᠮ ᠤᠨ ᠪᠠᠷ ᠵᠢᠷᠤᠭ ᠤᠨ ᠤᠷᠠᠯᠢᠭ ᠤᠨ | ᠷᠢᠳᠢ ᠰᠢᠳᠢ ᠶᠢ ᠭᠠᠶᠢᠬᠠᠭᠤᠯᠵᠠᠢ᠃ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠲᠠᠢ ᠡᠷᠲᠡᠨ ᠤ ᠨᠡᠶᠢᠰᠯᠡᠯ ᠬᠤᠳᠠ ᠳᠤ ᠬᠦᠷᠬᠦ ᠳᠤ᠂ ᠵᠢᠷᠢᠮ ᠤᠨ ᠪᠠᠷ ᠵᠢᠷᠤᠭ | ᠨᠢ ᠡᠷᠲᠡᠨ ᠤ ᠬᠤᠳᠠ ᠶᠢᠨ ᠡᠷᠲᠡᠨ ᠤ ᠪᠣᠷᠣᠭᠵᠢᠭᠤᠨ ᠭᠦᠭ ᠠᠶᠠᠰ ᠢ ᠰᠢᠩᠭᠡᠬᠡᠨ ᠠᠪᠴᠤ᠂ ᠬᠡᠪ ᠨᠠᠮᠪᠠ ᠶᠢᠨ ᠲᠠᠯ᠎ᠠ ᠪᠠᠷ ᠡᠷᠲᠡᠨ ᠤ ᠰᠣᠩᠭᠤᠳᠠᠭ ᠡᠯᠧᠮᠧᠨ᠋ᠲ ᠤᠳ ᠢ | ᠠᠭᠤᠰᠬᠠᠵᠤ ᠰᠢᠨ᠎ᠡ ᠶᠢ ᠡᠭᠦᠳᠪᠡ᠃ ᠤᠳᠤ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠮ᠎ᠠ ᠲᠠᠯᠠᠢ ᠳᠠᠭᠠᠤ ᠬᠤᠳᠠ ᠳᠤ ᠲᠡᠷᠡ ᠨᠢ ᠪᠠᠰᠠ ᠰᠢᠨ᠎ᠡ ᠶᠢ ᠡᠭᠦᠳᠬᠦ | ᠦᠵᠡᠯ ᠰᠠᠨᠠᠭᠠᠨ ᠤ ᠤᠷᠤᠰᠬᠠᠯ ᠤᠨ ᠨᠥᠯᠥᠭᠡ ᠶᠢ ᠬᠦᠷᠲᠡᠵᠦ᠂ ᠢᠯᠡᠷᠡᠬᠦ ᠭᠡᠯᠪᠡᠷᠢ ᠶᠢᠨ ᠲᠠᠯ᠎ᠠ ᠪᠠᠷ ᠨᠡᠩ ᠵᠣᠷᠢᠭᠲᠠᠢ ᠪᠠᠷ ᠬᠤᠰᠢᠭᠤᠴᠢ ᠪᠣᠯᠤᠭᠰᠠᠨ ᠪᠠᠶᠢᠨ᠎ᠠ᠃ | ᠡᠭᠦᠨ ᠤ ᠬᠠᠮᠲᠤ ᠲᠤᠬᠠᠢ ᠶᠢᠨ ᠭᠠᠵᠠᠷ ᠤᠨ ᠬᠥᠮᠥᠰ ᠲᠤ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠵᠠᠩ ᠦᠢᠯᠡ ᠶᠢ ᠣᠶᠢᠯᠠᠭᠠᠭᠤᠯᠵᠤ᠂ ᠲᠤᠬᠠᠢ ᠶᠢᠨ | ᠭᠠᠵᠠᠷ ᠤᠨ ᠰᠣᠶᠣᠯ ᠢ ᠪᠠᠶᠠᠯᠢᠭᠵᠢᠭᠤᠯᠤᠭᠰᠠᠨ ᠪᠠᠶᠢᠨ᠎ᠠ᠃ | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠶᠢᠨ ᠪᠦᠲᠦᠭᠡᠯ ᠳᠠᠬᠢ ᠥᠷᠭᠡᠨ ᠠᠭᠤᠳᠠᠮ ᠲᠠᠯ᠎ᠠ ᠨᠤᠲᠤᠭ ᠤᠨ ᠦᠵᠡᠮᠵᠢ ᠨᠢ | ᠦᠵᠡᠰᠬᠦᠯᠡᠩᠲᠦ ᠰᠠᠶᠢᠬᠠᠨ ᠬᠤᠲᠠ ᠶᠢᠨ ᠥᠩᠭᠡ ᠦᠵᠡᠮᠵᠢ ᠲᠠᠢ ᠢᠯᠡ ᠲᠣᠳᠣ ᠬᠠᠷᠢᠴᠠᠭᠤᠯᠤᠯ ᠪᠣᠯᠵᠤ᠂ ᠲᠡᠳᠡᠨ ᠢ ᠤᠷᠠᠯᠢᠭ ᠤᠨ ᠰᠣᠯᠢᠯᠴᠠᠭ᠎ᠠ ᠶᠢᠨ ᠳᠤᠮᠳᠠ | ᠠᠴᠠ ᠠᠳᠠᠯᠢ ᠲᠠᠯ᠎ᠠ ᠲᠠᠢ ᠪᠣᠯᠭᠠᠵᠠᠢ᠂ ᠡᠨᠡ ᠨᠢ ᠳᠠᠷᠤᠢ ᠨᠤᠲᠤᠭ ᠤᠰᠤᠨ ᠳᠠᠭᠠᠨ ᠰᠢᠩᠭᠡᠭᠡᠭᠰᠡᠨ ᠬᠠᠯᠠᠭᠤᠨ ᠬᠠᠶᠢᠷ᠎ᠠ ᠵᠢᠴᠢ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠬᠥᠭᠡᠭᠡᠴᠡᠯᠳᠦᠯ ᠪᠣᠯᠣᠨ᠎ᠠ᠃ | ᠲᠡᠭᠦᠰᠬᠡᠯ ᠤᠨ ᠥᠷᠲᠡᠭᠡ ᠪᠤᠯᠬᠤ ᠴᠠᠩᠱᠠ ᠳᠠᠬᠢ ᠦᠵᠡᠭᠦᠯᠭᠡ ᠶᠢᠨ ᠠᠴᠢ ᠬᠤᠯᠪᠣᠭᠳᠠᠯ ᠪᠠ ᠪᠠᠷᠠᠯᠠᠯ | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠴᠠᠩᠱᠠ ᠳᠤ ᠥᠨᠳᠥᠷᠯᠡᠭᠰᠡᠨ ᠨᠢ ᠤᠨᠴᠠᠭᠠᠢ ᠤᠳᠬ᠎ᠠ ᠠᠭᠤᠯᠭ᠎ᠠ ᠲᠠᠢ ᠶᠤᠮ᠃ | ᠲᠡᠷᠡ ᠨᠢ ᠨᠢᠭᠡ ᠤᠳᠠᠭᠠᠨ ᠤ ᠰᠣᠶᠣᠯ ᠤᠨ ᠦᠪᠡᠳᠡᠭᠰᠢ ᠰᠣᠯᠢᠯᠴᠠᠭ᠎ᠠ ᠪᠣᠯᠵᠤ᠂ ᠲᠠᠯ᠎ᠠ ᠨᠤᠲᠤᠭ ᠤᠨ ᠰᠣᠶᠣᠯ ᠪᠠ ᠬᠤᠨᠠᠨ ᠤ ᠰᠣᠶᠣᠯ ᠢ ᠨᠢᠭᠲᠠ | ᠠᠭᠤᠰᠤᠯᠴᠠᠭᠤᠯᠵᠤ᠂ 3 ᠵᠢᠯ ᠰᠢᠬᠠᠮ ᠤᠨ ᠤᠷᠠᠯᠢᠭ ᠤᠨ ᠠᠶᠠᠯᠠᠯ ᠢ ᠲᠡᠭᠦᠰ ᠠᠮᠵᠢᠯᠲᠠ ᠲᠠᠢ ᠲᠡᠭᠦᠰᠬᠡᠵᠡᠢ᠃ ᠴᠠᠩᠱᠠ ᠥᠷᠲᠡᠭᠡᠨ ᠤ ᠦᠵᠡᠭᠦᠯᠭᠡ ᠳᠤ᠂ ᠲᠦᠩᠯᠢᠶᠣᠣ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠤᠤ ᠬᠠᠩ ᠬᠡᠯᠡᠭᠰᠡᠨᠴᠢᠯᠡᠨ᠄︽ᠵᠢᠷᠢᠮ ᠤᠨ ᠪᠠᠷ ᠵᠢᠷᠤᠭ ᠤᠨ ᠪᠦᠭᠦ | ᠤᠯᠤᠰ ᠤᠨ ᠲᠣᠭᠤᠷᠢᠨ ᠦᠵᠡᠭᠦᠯᠭᠡ︾ ᠨᠢ ᠦᠵᠡᠭᠴᠢᠳ ᠲᠤ ᠵᠢᠷᠢᠮ ᠤᠨ ᠪᠠᠷ ᠵᠢᠷᠤᠭ ᠤᠨ ᠲᠠᠯ᠎ᠠ ᠨᠤᠲᠤᠭ ᠤᠨ ᠵᠠᠩ ᠠᠭᠠᠯᠢ ᠪᠣᠯᠣᠨ ᠦᠨᠳᠦᠰᠦᠲᠡᠨ ᠤ | ᠨᠥᠬᠦᠷᠯᠡᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠯ᠎ᠡ ᠭᠠᠵᠠᠷ ᠣᠷᠣᠨ ᠤ ᠠᠳᠠᠯᠢ ᠪᠤᠰᠤ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ | ᠬᠤᠶᠠᠷ ᠵᠦᠢᠯ ᠤᠨ ᠰᠣᠶᠣᠯ ᠨᠢ ᠤᠷᠠᠨ ᠵᠢᠷᠤᠭ ᠤᠨ ᠤᠷᠠᠯᠢᠭ ᠤᠨ ᠣᠷᠣᠨ ᠵᠠᠢ ᠳᠤ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠳᠠᠭ ᠭᠡᠪᠡ᠃ | ᠵᠢᠷᠢᠮ ᠤᠨ ᠪᠠᠷ ᠵᠢᠷᠤᠭ ᠨᠢ ᠤᠷᠠᠯᠢᠭ ᠤᠨ ᠥᠪᠡᠷᠮᠢᠴᠡ ᠷᠢᠳᠢ ᠰᠢᠳᠢ ᠪᠠᠷ ᠢᠶᠠᠨ ᠦᠷᠭᠦᠯᠵᠢᠯᠡᠨ ᠬᠥᠭᠵᠢᠬᠦ ᠨᠢ ᠯᠠᠪᠲᠠᠢ᠂ ᠲᠡᠷᠡ ᠨᠢ ᠰᠢᠨ᠎ᠡ ᠴᠠᠭ ᠦᠶ᠎ᠡ ᠶᠢᠨ | ᠰᠣᠶᠣᠯ ᠤᠨ ᠲᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠡᠷᠳᠡᠨᠢᠰ ᠤᠨ ᠰᠠᠩ ᠳᠠᠬᠢ ᠦᠨᠡᠲᠦ ᠡᠷᠳᠡᠨᠢ | ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠶᠤᠮ᠃ | | ︽ᠵᠢᠷᠢᠮ ᠤᠨ ᠪᠠᠷ ᠵᠢᠷᠤᠭ ᠤᠨ ᠪᠦᠭᠦ ᠤᠯᠤᠰ ᠤᠨ ᠲᠣᠭᠤᠷᠢᠨ ᠦᠵᠡᠭᠦᠯᠭᠡ︾ ᠨᠢ ᠵᠥᠪᠭᠡᠨ ᠤᠷᠠᠯᠢᠭ ᠤᠨ ᠦᠵᠡᠭᠦᠯᠭᠡ ᠲᠡᠳᠦᠢ ᠪᠢᠰᠢ ᠨᠠᠩ ᠴᠤ ᠨᠢᠭᠡ | ᠵᠦᠢᠯ ᠤᠨ ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠰᠠᠬᠢᠨ ᠪᠠᠷᠠᠯᠠᠯ ᠪᠤᠯᠬᠤ ᠶᠤᠮ᠂ ᠲᠡᠷᠡ ᠨᠢ ᠪᠠᠷ ᠵᠢᠷᠤᠭ ᠢᠶᠠᠷ ᠠᠴᠢᠶᠠᠯᠠᠪᠤᠷᠢ ᠪᠤᠯᠭᠠᠵᠤ᠂ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠰᠣᠯᠢᠯᠴᠠᠭ᠎ᠠ ᠪᠠ ᠪᠦᠯᠬᠦᠮᠳᠡᠯ ᠤᠨ ᠲᠡᠦᠬᠡᠨ ᠬᠠᠭᠤᠳᠠᠰᠤᠨ ᠳᠤ ᠥᠩᠭᠡ ᠢᠯᠭᠠᠷᠠᠮ᠎ᠠ ᠬᠠᠭᠤᠳᠠᠰᠤ ᠶᠢ ᠦᠯᠡᠳᠡᠭᠡᠭᠰᠡᠨ ᠶᠤᠮ᠂ ᠡᠭᠦᠨ ᠢ | ᠪᠢᠳᠡ ᠥᠨᠢ ᠤᠳᠠᠭᠠᠨ ᠪᠠᠲᠤ ᠴᠡᠭᠡᠵᠢᠯᠡᠭᠦᠰᠢᠲᠡᠢ ᠶᠤᠮ᠃ | (ᠬᠠᠨ ᠶᠠ ᠴᠧᠩ ᠯᠥᠸᠧ ᠵᠥᠩ ᠸᠧᠢ) |