ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/2
      1 ᠳ᠋ᠦ᠋ᠭᠡᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠡᠨᠡ ᠤᠳᠠᠭ᠎ᠠ ᠶᠢᠨ ᠪᠥᠬᠦᠳᠡ ᠬᠤᠷᠠᠯ ᠳᠡᠭᠡᠷ᠎ᠡ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠣᠣᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ