— 2025 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | | | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠴᠢ᠊ · ᠳᠠᠯᠠᠨᠲᠠᠢ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | 2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ | ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ | ᠨᠢᠭᠲᠠ ᠪᠦᠯᠬᠦᠮᠳᠡᠨ ᠲᠦᠰᠢᠭᠯᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠷᠭᠤᠭᠠᠨ ᠢᠨᠵᠧᠨᠧᠷᠢᠩ︾ ᠢ | ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠠᠷᠤᠯᠲᠠ ᠶᠢ ᠳᠠᠭᠠᠭᠠᠨ ᠡᠷᠡᠯᠬᠡᠭᠯᠡᠨ ᠤᠷᠤᠭᠰᠢᠯᠠᠵᠤ᠂ ᠬᠤᠳᠠ ᠶᠢᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠡᠯᠢᠶᠡᠳ | ᠰᠠᠶᠢᠨ ᠪᠡᠶᠡᠯᠡᠭᠦᠯᠵᠦ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠤᠯᠠᠨ ᠳᠠᠪᠬᠤᠷ ᠬᠦᠴᠢᠷᠳᠡᠯ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠦ᠂ ᠠᠵᠤ ᠠᠬᠤᠢ ᠶᠢᠨ ᠠᠵᠢᠯᠯᠠᠭᠠᠨ ᠢ | ᠲᠣᠭᠲᠠᠭᠤᠨ ᠤ ᠳᠤᠮᠳᠠ ᠤᠷᠤᠭᠰᠢᠯᠠᠭᠤᠯᠤᠨ ᠰᠠᠶᠢᠵᠢᠷᠠᠭᠤᠯᠪᠠ᠃ ᠶᠡᠭᠡ ᠬᠡᠮᠵᠢᠶᠡᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠠᠵᠤ | ᠦᠢᠯᠡᠳᠪᠦᠷᠢ ᠶᠢᠨ ᠪᠦᠲᠦᠭᠡᠭᠳᠡᠬᠦᠨ ᠤ ᠦᠨ᠎ᠡ ᠬᠠᠩᠰᠢ ᠪᠠᠭᠤᠷᠠᠭᠰᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠮᠠᠭᠤᠳᠠᠭᠰᠠᠨ ᠵᠡᠷᠭᠡ ᠠᠰᠢᠭ | ᠦᠭᠡᠢ ᠨᠥᠯᠥᠭᠡᠯᠡᠯ ᠤᠨ ᠡᠮᠦᠨ᠎ᠡ᠂ ᠲᠣᠬᠢᠷᠠᠭᠤᠯᠤᠯᠲᠠ ᠶᠢ ᠰᠤᠯᠠᠷᠠᠭᠤᠯᠤᠯ ᠦᠭᠡᠢ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠲᠣᠭᠲᠠᠭᠤᠨ ᠢᠶᠠᠷ ᠨᠡᠮᠡᠭᠳᠡᠭᠦᠯᠦᠨ᠂ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4% ᠨᠡᠮᠡᠭᠳᠡᠵᠦ᠂ 1686 ᠳ᠋ᠦᠩᠰᠢᠭᠤᠷ ᠲᠥᠭᠦᠷᠢᠭ ᠬᠦᠷᠪᠡ᠃ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠢᠨᠵᠧᠨᠧᠷᠢᠩ ᠤᠨ ᠦᠷ᠎ᠡ ᠪᠦᠲᠦᠮᠵᠢ ᠢᠯᠡᠷᠬᠡᠢ ᠪᠠᠶᠢᠵᠤ᠂ ᠳᠡᠭᠡᠳᠦ ᠱᠠᠲᠤᠨ ᠤ ᠲᠥᠰᠥᠪ ᠤᠨ ᠳᠣᠲᠣᠷᠠᠬᠢ ᠲᠥᠷᠥᠯ ᠵᠦᠢᠯ ᠤᠨ ᠪᠡᠯᠡ | ᠮᠥᠩᠭᠦ ᠪᠠ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ 200 ᠳ᠋ᠦᠩᠰᠢᠭᠤᠷ ᠲᠥᠭᠦᠷᠢᠭ ᠢᠯᠡᠭᠦᠣ ᠴᠢᠷᠮᠠᠶᠢᠨ ᠣᠯᠵᠦ᠂ ᠥᠩᠭᠡᠷᠡᠭᠰᠡᠨ ᠵᠢᠯ ᠤᠳ ᠤᠨ ᠰᠢᠨ᠎ᠡ | ᠲᠡᠮᠳᠡᠭᠯᠡᠯ ᠢ ᠡᠭᠦᠳᠪᠡ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ 609 ᠲᠥᠷᠥᠯ ᠵᠦᠢᠯ ᠢ ᠭᠡᠷ᠎ᠡ ᠲᠣᠭᠲᠠᠨ ᠣᠷᠣᠭᠤᠯᠵᠤ᠂ 393 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.8% ᠨᠡᠮᠡᠭᠳᠡᠵᠦ᠂ ᠳᠠᠷᠠᠭᠠᠯᠠᠨ ᠭᠤᠷᠪᠠᠨ ᠵᠢᠯ | 20% ᠠᠴᠠ ᠳᠡᠭᠡᠭᠰᠢ ᠦᠨᠳᠦᠷ ᠬᠤᠷᠳᠤᠴᠠᠲᠤ ᠨᠡᠮᠡᠭᠳᠡᠯ ᠢ ᠪᠠᠲᠤᠯᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ | 3.5% ᠨᠡᠮᠡᠭᠳᠡᠵᠦ᠂ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ 4 ᠨᠡᠷᠡᠰ ᠳᠡᠭᠡᠭᠰᠢᠯᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠤᠷᠤᠯᠭ᠎ᠠ 8. | 6% ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ 5.1%ᠨᠡᠮᠡᠭᠳᠡᠵᠦ᠂ 7 ᠵᠢᠯ ᠤᠨ ᠲᠤᠷᠰᠢᠬᠢ ᠬᠠᠮᠤᠭ ᠰᠠᠶᠢᠨ ᠬᠢᠷᠢ ᠪᠦᠲᠦᠮᠵᠢ ᠶᠢ ᠡᠭᠦᠳᠪᠡ᠃ | ᠨᠢᠭᠡ ᠵᠢᠯ ᠤᠨ ᠲᠤᠷᠰᠢ᠂ ᠪᠢᠳᠡ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠠᠯᠬᠤᠴᠠ ᠲᠦᠷᠭᠡᠳᠪᠡ᠃ 313 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠡᠷᠳᠡᠨᠢ ᠰᠢᠰᠢ ᠶᠢᠨ | ᠲᠠᠯᠠᠪᠠᠶ ᠨᠢᠭᠡᠴᠢ ᠶᠢᠨ ᠤᠨᠠᠯᠲᠠ ᠶᠢ 602 ᠲᠦᠮᠡᠨ ᠮᠦ ᠳᠡᠭᠡᠭᠰᠢᠯᠡᠭᠦᠯᠵᠦ᠂ 858 ᠲᠦᠮᠡᠨ ᠮᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ | ᠠᠮᠤ ᠪᠤᠳᠠᠭᠠᠨ ᠤ ᠶᠡᠷᠦᠩᠬᠡᠢ ᠤᠨᠠᠯᠲᠠ 194.1 ᠳ᠋ᠦᠩᠰᠢᠭᠤᠷ ᠵᠢᠩ ᠬᠦᠷᠴᠦ᠂ ᠪᠥᠬᠦ ᠤᠯᠤᠰ ᠤᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠡᠷᠳᠡᠨᠢ | ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃ ᠠᠯᠠᠰᠢᠨ ᠦᠬᠡᠷ ᠢ ᠡᠳ᠋ᠰᠢᠭᠦᠯᠦᠨ ᠪᠣᠷᠣᠯᠠᠭᠤᠯᠬᠤ ᠲᠥᠷᠥᠯ ᠵᠦᠢᠯ ᠢ 37 | ᠣᠷᠣᠭᠤᠯᠤᠨ ᠠᠪᠴᠢᠷᠠᠵᠤ᠂ ᠠᠯᠠᠰᠢᠨ ᠦᠬᠡᠷ ᠭᠠᠷᠭᠠᠬᠰᠠᠨ ᠬᠡᠮᠵᠢᠶ᠎ᠡ᠂ ᠠᠷᠠᠯᠵᠢᠶᠠᠯᠠᠬᠰᠠᠨ ᠬᠡᠮᠵᠢᠶ᠎ᠡ᠂ ᠨᠢᠲᠤᠯᠵᠤ ᠪᠣᠯᠪᠠᠰᠤᠷᠠᠭᠤᠯᠤᠬᠰᠨ ᠬᠡᠮᠵᠢᠶ᠎ᠡ ᠲᠣᠰ ᠲᠣᠰ 8. | 9%᠂ 20.9% ᠪᠠ 44.1% ᠨᠡᠮᠡᠭᠳᠡᠨ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠨᠠᠷᠠᠲᠤ ᠱᠣᠰᠢᠭ᠎ᠠ ᠶᠢᠨ ᠥᠷᠲᠡᠭ 271.6 ᠳ᠋ᠦᠩᠰᠢᠭᠤᠷ | ᠲᠥᠭᠦᠷᠢᠭ ᠬᠦᠷᠴᠦ᠂ ᠠᠷᠪᠠᠨ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠦᠬᠡᠷ ᠤᠨ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ | ᠡᠷᠭᠢᠯᠡᠪᠡ᠃ ᠵᠠᠬᠠᠨᠠᠭᠤᠷ ᠤᠨ ᠬᠥᠩᠭᠡᠨᠴᠠᠭᠠᠨ ᠤ ᠬᠤᠶᠠᠳᠤᠭᠠᠷ ᠬᠤᠭᠤᠴᠠᠭ᠎ᠠ᠂ ᠯᠦᠩ ᠮᠠ ᠶᠢᠨ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠵᠡᠷᠭᠡ 234 | ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠨ ᠪᠠᠶᠢᠭᠤᠯᠵᠤ᠂ ᠮᠧᠶ ᠬᠤᠸᠠ ᠶᠢᠨ 50 ᠲᠦᠮᠡᠨ ᠲᠣᠨ ᠠᠮᠲᠠ ᠶᠢᠨ ᠣᠬᠢ᠂ ᠳᠤᠮᠳᠠᠳᠤ | ᠤᠯᠤᠰ ᠤᠨ ᠬᠢᠮᠢ ᠶᠢᠨ ᠢᠨᠵᠧᠨ᠋ᠷᠢᠩ ᠤᠨ ᠪᠦᠯᠦᠭᠯᠡᠯ ᠤᠨ ᠬᠤᠶᠠᠷᠴᠢ ᠡᠲ᠋ᠠᠨᠤᠯ ᠠᠯᠺᠣᠣᠯ ᠵᠡᠷᠭᠡ 105 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠡᠷᠳᠡᠨᠢ ᠰᠢᠰᠢ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠵᠠᠪᠰᠠᠷ ᠤᠨ ᠴᠣᠭᠴᠠ᠂ ᠲᠦᠭᠦᠬᠡᠢ ᠮᠠᠲ᠋ᠧᠷᠢᠶᠠᠯ ᠤᠨ | ᠡᠮ ᠠᠴᠠ ᠪᠡᠯᠡᠨ ᠡᠮ ᠬᠦᠷᠲᠡᠯᠡᠬᠢ ᠰᠢᠪᠲᠤᠯᠤᠯᠲᠠ ᠶᠢ ᠪᠡᠶᠡᠯᠡᠭᠦᠯᠵᠦ᠂ ᠳᠡᠭᠡᠳᠦ ᠲᠠᠰ ᠤᠨ ᠬᠥᠩᠭᠡᠨᠴᠠᠭᠠᠨ ᠤ ᠦᠢᠯᠡᠳᠬᠦᠨ ᠤ ᠲᠣᠨ ᠬᠥᠩᠭᠡᠨᠴᠠᠭᠠᠨ ᠤ ᠨᠡᠮᠡᠯᠲᠡ | ᠥᠷᠲᠡᠭ ᠠᠩᠬ᠎ᠠ ᠤᠳᠠᠭ᠎ᠠ ᠲᠦᠮᠡᠨ ᠲᠥᠭᠦᠷᠢᠭ ᠢ ᠳᠠᠪᠠᠪᠠ᠃ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 40 ᠡᠷᠦᠬᠡ | ᠰᠢᠨ᠎ᠡ ᠨᠡᠮᠡᠭᠳᠡᠭᠦᠯᠵᠦ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠦᠩᠯᠢᠶᠣᠣ ᠶᠢᠨ ᠺᠣᠮᠫᠠᠨᠢ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ | ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠯᠢᠶᠠᠨ ᠱᠧᠩ ᠰᠢᠨ᠎ᠡ ᠡᠨᠧᠷᠭᠢ᠂ ᠮᠧᠶ ᠬᠤᠸᠠ ᠠᠮᠢᠳᠤ ᠪᠣᠳᠠᠰ | ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠢᠶᠠᠷ ᠦᠨᠡᠯᠡᠭᠳᠡᠪᠡ᠃ ᠦᠢᠯᠡᠴᠢᠯᠡᠭᠡᠨ ᠤ | ᠦᠢᠯᠡᠰ ᠤᠨ ᠭᠤᠣᠯᠳᠠᠯᠭ᠎ᠠ ᠲᠠᠢ ᠲᠦᠷᠦᠯ ᠵᠤᠶᠢᠯ ᠢ 186 ᠬᠡᠷᠡᠭᠵᠢᠭᠦᠯᠵᠦ᠂ ᠬᠡᠪᠴᠢᠶᠠᠵᠢᠯ ᠠᠴᠠ ᠲᠡᠭᠡᠭᠰᠢᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ 156 | ᠰᠢᠨ᠎ᠡ ᠨᠡᠮᠡᠭᠳᠡᠵᠦ᠂ 22.5% ᠨᠡᠮᠡᠭᠳᠡᠪᠡ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠠᠢᠮᠠᠨ ᠬᠤᠰᠢᠭᠤ ᠥᠪᠡᠷᠲᠡᠭᠡᠨ ᠵᠠᠰᠠᠬᠤ ᠣᠷᠣᠨ ᠤ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠳᠤ ᠰᠣᠩᠭᠤᠭᠳᠠᠨ ᠣᠷᠣᠵᠤ᠂ ᠬᠤᠤᠯᠢᠩᠭᠤᠣᠯ | ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠪᠦᠷᠢᠯᠡᠯ ᠤᠨ ᠦᠢᠯᠡᠴᠢᠯᠡᠭᠡᠨ ᠤ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠦ ᠪᠠᠷ | ᠵᠥᠪᠰᠢᠶᠡᠷᠡᠭᠳᠡᠪᠡ᠃ ᠪᠥᠬᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 1700 ᠳ᠋ᠦᠩᠰᠢᠭᠤᠷ ᠲᠥᠭᠦᠷᠢᠭ ᠢ ᠳᠠᠪᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠲᠦᠭᠡᠮᠡᠯ ᠬᠠᠷᠠᠭᠠᠯᠵᠠᠬᠤ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ | ᠲᠣᠰ ᠲᠣᠰ 32.5%᠂ 27.8% ᠪᠠ 25.2% ᠨᠡᠮᠡᠭᠳᠡᠪᠡ᠃ ᠶᠤᠸᠠᠢ ᠯᠠᠢ ᠾᠧ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠬᠥᠷ | ᠬᠥᠭᠵᠢᠶᠡᠨ ᠲᠠᠢ ᠵᠡᠭᠡᠯᠢ ᠨᠡᠭᠡᠭᠡᠵᠦ᠂ ᠪᠥᠬᠦ ᠬᠤᠲᠠ ᠳᠤ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠭᠥᠯᠢᠶᠡᠨ ᠠᠪᠤᠭᠰᠠᠨ ᠪᠠ ᠵᠤᠭᠠᠴᠠᠭᠰᠠᠳ ᠤᠨ ᠶᠡᠷᠦᠩᠬᠡᠢ | ᠵᠠᠷᠤᠳᠠᠯ ᠲᠣᠰ ᠲᠣᠰ 20.2% ᠪᠠ 24.5% ᠨᠡᠮᠡᠭᠳᠡᠵᠦ᠂ ︽ᠵᠣᠴᠢᠨᠰᠠᠭ ᠲᠦᠩᠯᠢᠶᠣᠣ︾ ᠶᠢᠨ ᠰᠣᠶᠣᠯ ᠵᠢᠭᠤᠯᠴᠢᠯᠠᠯ ᠤᠨ ᠨᠠᠷᠠᠲᠤ ᠱᠣᠰᠢᠭ᠎ᠠ ᠶᠢᠨ ᠬᠦᠷᠢᠶ᠎ᠡ | ᠬᠡᠪᠴᠢᠶ᠎ᠡ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ | ᠪᠠᠷᠢᠮᠲᠠᠯᠠᠵᠤ᠂ ᠳᠠᠪᠠᠯᠲᠠ ᠲᠠᠢ ᠨᠡᠬᠡᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠤᠷᠠᠮᠳᠤᠭᠤᠯᠪᠠ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠥᠭᠡᠷᠡᠴᠢᠯᠡᠯᠲᠡ ᠶᠢᠨ | ᠲᠤᠷᠰᠢᠯᠲᠠ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ︽ᠵᠠᠰᠠᠭ ᠤᠨ ᠣᠷᠳᠣᠨ ᠰᠢᠭᠦᠭᠦ ᠬᠤᠷᠢᠶ᠎ᠠ ᠬᠤᠯᠪᠤᠭᠠᠯᠠᠨ ᠬᠥᠳᠡᠯᠦᠯᠴᠡᠬᠦ︾ ︽8 ᠮᠢᠨᠦ᠋ᠲ︾ ᠤᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠤᠷᠢᠭ ᠵᠡᠷᠭᠡ 9 ᠬᠡᠷᠡᠭ ᠤᠨ ᠵᠢᠱᠢᠶ᠎ᠡ ᠪᠥᠬᠦ ᠤᠯᠤᠰ ᠤᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠵᠦ᠂ ︽ᠪᠡᠶ᠎ᠡ ᠶᠢᠨ | ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾᠂ ᠡᠮ ᠡᠮᠨᠡᠯᠭᠡ ᠶᠢᠨ ᠳᠠᠭᠠᠳᠬᠠᠯ ᠤᠨ | DIP ᠲᠣᠭᠠᠴᠠᠭ᠎ᠠ ︽ᠲᠠᠪᠤᠨ ᠬᠡᠮᠵᠢᠯᠲᠡ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠪᠥᠬᠦ | ᠣᠷᠣᠨ ᠪᠥᠬᠦ ᠤᠯᠤᠰ ᠲᠤ ᠳᠡᠯᠭᠡᠷᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ 49 ᠭᠤᠣᠯᠳᠠᠯᠭ᠎ᠠ ᠲᠠᠢ | ᠲᠥᠷᠥᠯ ᠵᠦᠢᠯ ᠵᠢᠴᠢ ᠵᠠᠩᠭᠢᠯᠠᠭ᠎ᠠ ᠶᠢᠨ ᠪᠣᠭᠤᠮᠲᠠ ᠰᠢᠪᠲᠤᠯᠬᠤ ᠲᠥᠷᠥᠯ ᠵᠦᠢᠯ ᠢ ᠬᠡᠷᠡᠭᠵᠢᠭᠦᠯᠵᠦ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠵᠡᠷᠭᠡ ᠣᠯᠠᠨ | ᠴᠡᠭ ᠪᠠᠶᠢᠷᠢ ᠳᠤ ᠰᠢᠪᠲᠤᠯᠤᠯᠲᠠ ᠲᠠᠢ ᠪᠣᠯᠵᠤ᠂ ᠮᠤᠩᠭᠤᠯ ᠡᠮ ᠤᠨ ᠤᠯᠠᠮᠵᠢᠯᠠᠯᠲᠦ ᠵᠤᠷ ᠤᠨ ᠬᠤᠶᠠᠳᠤᠭᠠᠷ ᠤᠳᠠᠭ᠎ᠠ ᠶᠢᠨ ᠨᠡᠭᠡᠭᠡᠯᠲᠡ ᠶᠢᠨ ᠭᠤᠤᠯᠳᠠᠯᠭ᠎ᠠ ᠲᠠᠢ | ᠲᠤᠷᠰᠢᠯᠲᠡ ᠶᠢᠨ ᠲᠠᠰᠤᠭ ᠵᠦᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢᠨ ︽ᠬᠤᠭᠤᠰᠤᠨ︾ ᠢ ᠨᠦᠬᠦᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 73 ᠨᠡᠮᠡᠭᠳᠡᠵᠦ᠂ ᠮᠡᠷᠭᠡᠵᠢᠯ ᠤᠨ | ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 2 ᠳ᠋ᠦᠩᠰᠢᠭᠤᠷ ᠲᠥᠭᠦᠷᠢᠭ ᠢ ᠳᠠᠪᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ | ᠰᠢᠨ᠎ᠡ ᠶᠢ ᠡᠭᠦᠳᠬᠦ ᠰᠢᠪᠲᠤᠯᠤᠯᠲᠠ ᠶᠢᠨ ᠣᠨ ᠤ ᠠᠵᠢᠯᠯᠠᠭ᠎ᠠ ᠶᠢ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠶᠢ ᠡᠭᠦᠳᠬᠦ | 118 ᠵᠦᠢᠯ ᠤᠨ ᠬᠢᠯᠠᠰ ᠴᠡᠭ ᠢ ᠪᠣᠶᠢᠵᠢᠭᠤᠯᠵᠤ᠂ ᠲᠣᠰ ᠭᠠᠵᠠᠷ ᠤᠨ ᠣᠨᠴᠠᠯᠢᠭ ᠲᠠᠢ 12 ︽ᠨᠢᠭᠡ ᠶᠠᠪᠤᠳᠠᠯ︾ ᠢ ᠭᠠᠷᠭᠠᠵᠤ᠂ ︽ᠥᠨᠳᠥᠷ ᠪᠦᠲᠦᠮᠵᠢᠲᠡᠶ ᠪᠠᠷ | ᠨᠢᠭᠡ ᠶᠠᠪᠤᠳᠠᠯ ᠢ ᠪᠡᠶᠡᠯᠡᠭᠦᠯᠬᠦ︾ ᠶᠢ 7.4 ᠲᠦᠮᠡᠨ ᠬᠤᠪᠢ ᠭᠦᠢᠴᠡᠳᠬᠡᠵᠦ᠂ ᠭᠦᠢᠴᠡᠳᠬᠡᠬᠦ ᠴᠠᠭ ᠤᠨ ᠬᠢᠵᠠᠭᠠᠷ᠂ ᠬᠡᠷᠡᠭ ᠭᠦᠢᠴᠡᠳᠬᠡᠬᠦ ᠭᠤᠭᠴᠤᠭ᠎ᠠ ᠶᠢ ᠲᠣᠰ | ᠲᠣᠰ 48.7% ᠪᠠ 67.3% ᠪᠠᠭᠠᠰᠬᠠᠨ᠂ ᠥᠨᠳᠥᠷ ᠳᠠᠪᠲᠠᠮᠵᠢ ᠲᠠᠢ 979 ᠵᠦᠢᠯᠡᠰ ᠢ ︽ᠠᠯᠠᠭᠠᠨ ᠲᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ 12345 | ᠬᠠᠯᠠᠮᠰᠢᠯ ᠤᠲᠠᠰᠤᠨ ᠤ ︽ᠳᠥᠷᠪᠡᠨ ᠨᠣᠷᠮ᠎ᠠ︾ ᠨᠢ ᠴᠥᠮ 95% ᠠᠴᠠ ᠳᠡᠭᠡᠭᠰᠢ ᠬᠦᠷᠴᠦ᠂ ︽2024 ᠣᠨ ᠤ ᠠᠵᠤ ᠠᠬᠤᠶᠢᠯᠠᠯ ᠳᠤ ᠠᠰᠢᠭ ᠬᠦᠷᠲᠡᠭᠡᠵᠦ | ᠠᠷᠠᠳ ᠲᠤ ᠠᠰᠢᠭ ᠬᠦᠷᠲᠡᠭᠡᠬᠦ ᠬᠠᠮᠤᠭ ᠤᠨ ᠰᠠᠶᠢᠨ ᠦᠢᠯᠡᠳᠦᠯᠭᠡ ᠶᠢᠨ ᠬᠤᠲᠠ︾ ︽2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠬᠠᠮᠤᠭ ᠤᠨ ᠰᠠᠶᠢᠨ ᠬᠤᠲᠠ︾ ᠪᠠᠷ ᠦᠨᠡᠯᠡᠭᠳᠡᠪᠡ᠃ ᠦᠨᠡᠨᠴᠢ ᠢᠲᠡᠭᠡᠮᠵᠢ ᠶᠢᠨ ᠪᠠᠢᠭᠤᠯᠤᠯᠲᠠ ᠶᠢᠨ ᠢᠨᠵᠧᠨᠧᠷᠢᠩ ᠠᠮᠵᠢᠯᠲᠠ | ᠤᠯᠵᠤ᠂ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠨᠡᠷᠡᠰ ᠤᠨ ᠵᠢᠭᠰᠠᠭᠠᠯᠲᠠ ᠪᠦᠬᠦ ᠤᠯᠤᠰ ᠤᠨ ᠵᠠᠭᠤᠨ ᠬᠦᠴᠦᠷᠬᠡᠭ ᠲᠤ ᠣᠷᠣᠪᠠ᠃ ᠴᠢᠯᠥᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠢᠭᠤᠯᠬᠤ ᠢᠨᠵᠧᠨᠧᠷᠢᠩ ᠢ ᠯᠠᠪᠳᠠᠭᠤᠨ ᠠᠬᠢᠭᠤᠯᠵᠤ᠂ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠲᠥᠪ ᠵᠢᠩᠬᠢᠨᠢ ᠪᠠᠷ ᠵᠥᠪᠰᠢᠶᠡᠷᠡᠭᠳᠡᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ︽ᠨᠢᠭᠡ | ᠬᠠᠭᠤᠳᠠᠰᠤ ᠶᠢᠨ ᠳᠦᠷᠢᠮ︾ ︽ᠨᠢᠭᠡ ᠴᠢᠩᠭᠡᠯᠢᠭ ᠤᠨ ᠳᠦᠷᠢᠮ︾ ᠢ ᠪᠡᠶᠡᠯᠡᠭᠦᠯᠵᠦ᠂ ᠪᠣᠳᠠᠲᠠᠢ ᠡᠵᠡᠩᠨᠡᠵᠦ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ 17 | ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠤᠳᠠᠳᠤ ᠠᠮᠵᠢᠯᠲᠠ ᠲᠠᠢ ᠠᠵᠤ ᠠᠬᠤᠶᠢᠯᠠᠯ 20 ᠰᠢᠨ᠎ᠡ ᠨᠡᠮᠡᠭᠳᠡᠵᠦ᠂ ᠭᠠᠳᠠᠭᠠᠳᠤ | ᠪᠡᠯᠡ ᠭᠠᠳᠠᠭᠠᠳᠤ ᠠᠷᠠᠯᠵᠢᠶ᠎ᠠ ᠶᠢᠨ ︽ᠬᠤᠣᠰ ᠨᠡᠮᠡᠭᠳᠡᠯ︾ ᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ︽ᠦᠵᠡᠰᠬᠦᠯᠡᠩᠲᠦ ᠰᠠᠶᠢᠬᠠᠨ ᠲᠦᠩᠯᠢᠶᠣᠣ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ | ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠨᠠᠩ ᠪᠠᠲᠤ ᠪᠠᠬᠢ ᠪᠣᠯᠭᠠᠪᠠ᠃ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠠᠵᠢᠯᠯᠠᠭᠠᠨ ᠢ ᠭᠦᠨᠵᠡᠭᠡᠢ | ᠲᠦᠯᠬᠢᠨ ᠠᠬᠢᠭᠤᠯᠵᠤ᠂ 410 ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠵᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠡᠯᠡᠰᠦ ᠶᠢ ᠵᠠᠰᠠᠬᠤ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ ᠪᠠᠷᠠᠭᠤᠨ ᠯᠢᠶᠤᠤ ᠡᠾᠧ ᠭᠤᠣᠯ ᠤᠨ ᠭᠤᠣᠯ ᠤᠷᠤᠰᠬᠠᠯ 26 ᠵᠢᠯ ᠤᠨ ᠲᠤᠷᠰᠢᠬᠢ ᠬᠠᠮᠤᠭ ᠤᠨ ᠤᠷᠲᠤ ᠤᠷᠤᠰᠬᠠᠯ ᠢ ᠪᠡᠶᠡᠯᠡᠭᠦᠯᠪᠡ᠃ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ᠪᠥᠬᠦ ᠬᠤᠲᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ᠂ ᠭᠠᠵᠠᠷ ᠳᠡᠭᠡᠷᠡᠬᠢ ᠤᠰᠤᠨ ᠤ | ᠤᠯᠤᠰ ᠤᠨ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠶᠠᠰᠤ ᠴᠢᠨᠠᠷ ᠴᠥᠮ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ ᠪᠦᠬᠦ ᠪᠥᠮᠪᠥᠷᠴᠡᠭ ᠤᠨ ︽ᠪᠠᠶᠢᠭᠠᠯᠢ ᠶᠢᠨ ᠬᠤᠲᠠ︾ ᠳᠤ ᠰᠣᠩᠭᠤᠭᠳᠠᠪᠠ᠃ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠴᠦ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠮᠵᠢᠶ᠎ᠡ 1410 ᠲᠦᠮᠡᠨ ᠺᠢᠯᠣᠸᠠᠲ ᠬᠦᠷᠴᠦ᠂ ᠡᠵᠡᠯᠡᠬᠦ ᠬᠠᠷᠢᠴᠠᠯ 60% ᠶᠢ ᠳᠠᠪᠠᠵᠤ᠂ ᠡᠨᠧᠷᠭᠢ ᠬᠠᠳᠠᠭᠠᠯᠠᠬᠤ ᠬᠡᠪᠴᠢᠶ᠎ᠡ 88 ᠲᠦᠮᠡᠨ | ᠺᠢᠯᠣᠸᠠᠲ ᠬᠦᠷᠪᠡ᠃ ᠪᠥᠬᠦ ᠤᠯᠤᠰ ᠤᠨ ᠠᠩᠬᠠᠳᠠᠭᠴᠢ ᠬᠥᠩᠭᠡᠨᠴᠠᠭᠠᠨ ᠤ ᠠᠵᠢᠯ ᠲᠥᠷᠥᠯ ᠤᠨ ᠪᠣᠬᠢᠷᠲᠤᠯ ᠦᠭᠡᠢ ᠬᠥᠩᠭᠡᠨᠴᠠᠭᠠᠨ ᠤ ᠨᠡᠭᠦᠷᠡᠰᠦᠲᠥ᠋ᠷᠥᠭᠴᠢ ᠶᠢᠨ | ᠤᠯᠠ ᠮᠥᠷ ᠢ ᠦᠨᠡᠯᠡᠬᠦ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠵᠦ᠂ ᠤᠯᠤᠰ ᠤᠨ ᠲᠠᠰ ᠤᠨ ︽ᠪᠣᠬᠢᠷᠲᠤᠯ ᠦᠭᠡᠢ ᠦᠢᠯᠡᠳᠪᠦᠷᠢ︾ ᠶᠢ 2 ᠡᠭᠦᠳᠦᠨ ᠪᠠᠶᠢᠭᠤᠯᠵᠤ | ᠂ ᠠᠩᠬᠠᠨ ᠤ ᠬᠤᠭᠤᠴᠠᠭᠠᠨ ᠤ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠶᠢ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠬᠢᠵᠠᠭᠠᠷᠯᠠᠬᠤ ᠬᠠᠷᠠᠯᠲᠠ ᠳᠤ ᠨᠢᠭᠡ ᠵᠢᠯ ᠤᠷᠢᠳᠴᠢᠯᠠᠨ ᠬᠦᠷᠪᠡ᠃ | ᠨᠢᠭᠡ ᠵᠢᠯ ᠤᠨ ᠲᠤᠷᠰᠢ᠂ ᠪᠢᠳᠡ ᠬᠦᠲᠦᠯᠦᠨ ᠳᠠᠭᠠᠭᠤᠯᠵᠤ ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ᠂ ᠬᠤᠲᠠ ᠬᠥᠳᠡᠭᠡ ᠶᠢᠨ ᠳᠦᠷᠰᠦ | ᠪᠠᠶᠢᠳᠠᠯ ᠳᠤ ᠪᠠᠰᠠ ᠰᠢᠨ᠎ᠡ ᠰᠠᠶᠢᠵᠢᠷᠠᠯᠲᠠ ᠲᠠᠢ ᠪᠣᠯᠪᠠ᠃ ᠭᠤᠤᠯ ᠬᠤᠳᠠ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠠᠬᠢᠭᠤᠯᠵᠤ᠂ | ᠬᠤᠣᠯᠢᠩᠭᠤᠣᠯ ᠶᠡᠭᠡ ᠵᠡᠭᠡᠯᠢ ᠶᠢᠨ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ | ᠳᠡᠭᠡᠭᠰᠢᠯᠡᠭᠦᠯᠬᠦ 75 ᠲᠦᠷᠦᠯ ᠵᠦᠢᠯ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠬᠡᠮᠵᠢᠶ᠎ᠡ ᠥᠩᠭᠡᠷᠡᠭᠰᠡᠨ ᠲᠦᠷᠪᠡᠨ ᠵᠢᠯ ᠤᠨ ᠶᠡᠷᠦᠩᠬᠡᠢ ᠲᠤᠭ᠎ᠠ ᠪᠣᠯᠪᠠ᠃ | ᠬᠤᠳᠠ ᠪᠠᠯᠭᠠᠰᠤᠨ ᠤ 134 ᠬᠠᠭᠤᠴᠢᠨ ᠰᠠᠭᠤᠭᠠᠯᠢ ᠲᠤᠭᠤᠷᠢᠭ᠂ 2 ᠲᠦᠮᠡ ᠭᠠᠷᠤᠢ ᠡᠷᠤᠭᠡ ᠶᠢ ᠥᠭᠡᠷᠡᠴᠢᠯᠡᠨ ᠵᠠᠰᠠᠵᠤ᠂ 3941 ᠢᠵᠢ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢ ᠪᠡᠯᠡᠳᠬᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠨᠡᠶᠢᠲᠡ ᠶᠢᠨ ᠲᠡᠷᠭᠡᠨ ᠵᠣᠭᠰᠣᠭᠠᠯ ᠢ 667 ᠰᠢᠨ᠎ᠡ ᠪᠠᠶᠢᠭᠤᠯᠪᠠ᠃ ᠬᠤᠲᠠ ᠶᠢᠨ | ᠬᠠᠮᠢᠶᠠᠷᠤᠯᠲᠠ ᠶᠢᠨ ᠣᠶᠤᠨᠴᠢ ᠬᠡᠷᠡᠭᠯᠡᠭᠡᠨ ᠤ ᠠᠬᠤᠢ ᠪᠠᠶᠢᠳᠠᠯ ᠢ ᠠᠯᠬᠤᠮ ᠠᠯᠬᠤᠮ ᠢᠶᠠᠷ ᠥᠷᠭᠡᠳᠬᠡᠵᠦ᠂ ︽AI︾ ᠲᠦᠩᠯᠢᠶᠣᠣ APP ᠶᠢ ᠰᠦᠯᠵᠢᠶᠡᠨ ᠳᠤ | ᠣᠷᠣᠭᠤᠯᠤᠨ ᠬᠡᠷᠡᠭᠯᠡᠪᠡ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ 353 ᠲᠥᠷᠥᠯ ᠵᠦᠢᠯ ᠢ ᠬᠡᠷᠡᠭᠵᠢᠭᠦᠯᠵᠦ᠂ 112 ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠢ ᠪᠦᠲᠦᠭᠡᠨ ᠪᠠᠶᠢᠭᠤᠯᠵᠤ᠂ 566 ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ᠂ 1.5 ᠲᠦᠮᠡᠨ ᠡᠷᠦᠬᠡ ᠶᠢᠨ ᠵᠣᠷᠯᠣᠩ ᠢ | ᠥᠭᠡᠷᠡᠴᠢᠯᠡᠨ ᠵᠠᠰᠠᠵᠤ᠂ 125 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠪᠠ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ 73 ᠲᠥᠷᠥᠯ ᠵᠦᠢᠯ ᠢ ᠨᠠᠶᠢᠳᠠᠪᠤᠷᠢᠵᠢᠭᠤᠯᠵᠤ᠂ 1.1 ᠲᠦᠮᠡᠨ ᠬᠥᠮᠥᠨ ᠢ ᠬᠠᠪᠰᠤᠷᠤᠨ ᠲᠡᠳᠬᠦᠵᠦ ᠠᠵᠢᠯ ᠣᠯᠭᠤᠨ | ᠣᠷᠣᠯᠭ᠎ᠠ ᠶᠢ ᠨᠢ ᠨᠡᠮᠡᠭᠳᠡᠭᠦᠯᠵᠦ᠂ 23 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠬᠤ ᠶᠢ | ᠪᠡᠶᠡᠯᠡᠭᠦᠯᠵᠦ᠂ 6.4 ᠳᠠᠬᠢᠨ ᠢᠶᠠᠷ ᠨᠡᠮᠡᠭᠳᠡᠪᠡ᠃ ᠴᠤᠤᠯ ᠭᠤᠣᠯ ᠤᠨ ᠤᠰᠣ ᠶᠢ ᠯᠢᠶᠣᠤ ᠾᠧ ᠭᠤᠣᠯ ᠳᠤ ᠲᠠᠳᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠳ᠋ᠠᠴᠢᠩ ᠠᠴᠠ ᠭᠤᠸᠠᠩᠵᠸᠦ ᠬᠦᠷᠬᠦ ᠲᠦᠷᠭᠡᠨ ᠵᠠᠮ ᠪᠣᠯᠣᠨ ᠥᠨᠳᠥᠷ ᠬᠤᠷᠳᠤᠴᠠᠲᠤ ᠲᠡᠮᠦᠷ | ᠵᠠᠮ ᠤᠨ ᠦᠷᠳᠡᠭᠡ ᠶᠢᠨ ᠲᠦᠷᠭᠡᠨ ᠵᠠᠮ ᠤᠨ ᠬᠠᠷᠢᠯᠴᠠᠨ ᠨᠡᠪᠲᠡᠷᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠬᠥᠳᠡᠭᠡ ᠲᠣᠰᠬᠤᠨ ᠤ | ᠴᠠᠬᠢᠯᠭᠠᠨ ᠲᠣᠣᠷ ᠢ 765 ᠺᠢᠯᠣᠮᠧᠲᠷ ᠰᠢᠨ᠎ᠡ ᠪᠠᠶᠢᠭᠤᠯᠤᠨ ᠥᠭᠡᠷᠡᠴᠢᠯᠡᠵᠦ᠂ 5G ᠶᠢᠨ ᠰᠠᠭᠤᠷᠢ ᠦᠷᠳᠡᠭᠡ ᠶᠢ 1211 ᠰᠢᠨ᠎ᠡ ᠨᠡᠮᠡᠭᠳᠡᠭᠦᠯᠵᠦ᠂ ᠤᠯᠤᠰ ᠤᠨ | ︽ᠮᠢᠩᠭᠠᠨ ᠮᠧᠭ᠎ᠠ ᠬᠤᠳᠠ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠨᠡᠨ ᠰᠡᠳᠬᠢᠯ ᠠᠴᠠ ᠪᠠᠨ ᠴᠢᠷᠮᠠᠶᠢᠨ ᠨᠡᠮᠡᠭᠳᠡᠭᠦᠯᠵᠦ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠨᠠᠩ ᠢᠯᠡᠭᠦᠦ ︿ᠬᠠᠯᠠᠭᠤᠨ ᠳᠣᠯᠠᠭᠠᠨ﹀ ᠪᠣᠯᠭᠠᠪᠠ᠃ ᠪᠦᠬᠦ ᠬᠤᠳᠠ ᠶᠢᠨ 70% ᠶᠢᠨ ᠡᠳ᠋ ᠤᠨ ᠵᠠᠰᠠᠭ ᠤᠨ ᠵᠠᠷᠤᠯᠭ᠎ᠠ ᠶᠢ | ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠠᠷᠠᠳ ᠤᠨ ᠠᠮᠢᠳᠤᠷᠠᠯ ᠤᠨ 20 ᠵᠦᠢᠯ ᠤᠨ ᠪᠣᠳᠠᠲᠤ ᠶᠠᠪᠤᠳᠠᠯ ᠨᠢ ᠬᠤᠲᠠ ᠪᠠᠯᠭᠠᠰᠤ ᠶᠢᠨ 1.58 | ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 43.57 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 4.8% ᠪᠠ 6.7% ᠨᠡᠮᠡᠭᠳᠡᠪᠡ᠃ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠢ 59 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠤᠷᠤᠬᠴᠢ ᠡᠯᠰᠡᠬᠦ ᠲᠤᠭ᠎ᠠ ᠪᠠ ᠬᠡᠥᠬᠡᠳ ᠡᠯᠰᠡᠬᠦ ᠲᠤᠭ᠎ᠠ ᠶᠢ 4320 | ᠰᠢᠨ᠎ᠡ ᠨᠡᠮᠡᠭᠳᠡᠭᠦᠯᠵᠦ᠂ 809 ᠪᠠᠭᠰᠢ ᠶᠢ ᠤᠷᠢᠨ ᠨᠥᠬᠦᠪᠦᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ | ᠨᠣᠷᠮ᠎ᠠ ᠶᠢ 6 ᠬᠤᠪᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ︽ | ᠬᠤᠶᠠᠷ ᠢ ᠪᠦᠷᠢᠨ ᠪᠦᠷᠬᠦᠭᠦᠯᠬᠦ︾ ᠶᠢ ᠪᠡᠶᠡᠯᠡᠭᠦᠯᠵᠦ᠂ ᠪᠥᠬᠦ ᠣᠷᠣᠨ ᠤ ᠲᠦᠷᠦᠭᠦᠸ ᠪᠦᠯᠦᠭ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠰᠤᠷᠭᠠᠨ ᠬᠥᠮᠦᠵᠢᠯ ᠤᠨ | ᠠᠭᠤᠰᠤᠯᠴᠠᠭᠰᠠᠨ ᠴᠣᠭᠴᠠ ᠶᠢᠨ ᠲᠤᠷᠰᠢᠯᠲᠠ ᠶᠢᠨ ᠴᠡᠭ ᠤᠨ ᠠᠶᠢᠮᠠᠭ ᠬᠤᠲᠠ ᠳᠤ ᠰᠣᠩᠭᠤᠭᠳᠠᠪᠠ᠃ ᠬᠤᠲᠠ ᠶᠢᠨ ᠡᠮᠴᠢᠯᠡᠭᠡᠨ ᠤ ᠪᠦᠯᠦᠭᠯᠡᠯ ᠢ 2 ᠵᠣᠬᠢᠶᠠᠨ | ᠪᠠᠶᠢᠭᠤᠯᠵᠤ᠂ 7 ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠢ ᠥᠨᠳᠥᠷ ᠪᠦᠲᠦᠮᠵᠢᠲᠡᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠪᠠᠷ ᠰᠣᠩᠭᠤᠭᠳᠠᠨ᠂ | ᠤᠯᠤᠰ ᠤᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠣᠷᠣᠨ ᠢᠶᠠᠷ ᠵᠥᠪᠰᠢᠶᠡᠷᠡᠭᠳᠡᠪᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 2700 ᠭᠠᠷᠤᠢ ᠤᠳᠠᠭ᠎ᠠ ᠥᠷᠨᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠭᠡᠬᠦ ᠭᠤᠣᠯ | ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ 200 ᠭᠠᠷᠤᠢ ᠵᠣᠬᠢᠶᠠᠨ ᠪᠦᠲᠦᠭᠡᠵᠦ᠂ ︽ᠥᠩᠭᠡᠲᠦ ᠡᠭᠦᠯᠡ ᠬᠦᠪᠦᠯᠵᠡᠭᠰᠡᠨ ᠭᠠᠵᠠᠷ︾ ᠨᠢ ︽ᠰᠢ ᠵᠦᠴᠦᠬᠡᠲᠦ | ᠳᠤᠮᠳᠠᠳᠤ ᠤᠯᠤᠰ︾ ᠤᠨ ᠬᠠᠮᠤᠭ ᠤᠨ ᠰᠢᠯᠢᠳᠡᠭ ᠵᠦᠴᠦᠭᠡ ᠶᠢᠨ ᠵᠣᠬᠢᠶᠠᠯ ᠤᠨ ᠢᠷᠠᠭᠤ ᠠᠯᠳᠠᠷ ᠢ ᠣᠯᠣᠭᠰᠠᠨ ᠪᠠᠶᠢᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠭᠡᠷ 3᠂ ᠪᠡᠶ᠎ᠡ ᠴᠢᠭᠢᠷᠠᠭᠵᠢᠭᠤᠯᠬᠤ ᠵᠠᠮ 30 ᠶᠢ ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠨᠡᠶᠢᠲᠡ ᠳᠤ ᠬᠠᠨᠳᠤᠭᠤᠯᠤᠨ | 75 ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠪᠥᠬᠦ ᠤᠯᠤᠰ ᠤᠨ ᠨᠠᠰᠤᠲᠠᠶᠢᠴᠤᠳ ᠤᠨ | ᠲᠣᠣᠷ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ ᠦᠨᠳᠦᠰᠦᠨ ᠨᠠᠰᠤᠵᠢᠯ᠂ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ 5.9 ᠬᠤᠪᠢ ᠲᠡᠭᠡᠭᠰᠢᠯᠡᠭᠦᠯᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ | ᠡᠮᠨᠡᠯᠭᠡ ᠶᠢ ᠨᠢᠭᠡᠳᠦᠯᠲᠡᠢ ᠲᠥᠯᠥᠪᠯᠡᠬᠦ ᠠᠵᠢᠯ ᠢ ᠡᠬᠢᠯᠡᠭᠦᠯᠵᠦ᠂ 391 ᠲᠦᠮᠡᠨ ᠬᠥᠮᠥᠨ ᠤᠳᠠᠭ᠎ᠠ ᠳᠤ ᠠᠰᠢᠭ ᠬᠦᠷᠳᠡᠬᠡᠵᠦ᠂ ᠭᠤᠷᠪᠠᠨ ᠳᠠᠪᠬᠤᠷ ᠡᠮ | ᠡᠮᠨᠡᠯᠭᠡ ᠶᠢᠨ ᠪᠠᠲᠤᠯᠠᠭ᠎ᠠ ᠪᠠᠷ ᠬᠦᠴᠢᠷᠳᠡᠯᠲᠡᠢ ᠤᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠢ 7.1 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃ ᠰᠤᠮᠤ ᠰᠢᠶᠠᠩ | ᠪᠠᠯᠭᠠᠰᠤ ᠶᠢᠨ ᠣᠷᠣᠨ ᠪᠦᠰᠡ ᠶᠢᠨ 22 ᠨᠠᠰᠤᠵᠢᠯ ᠤᠨ ᠠᠰᠠᠷᠠᠮᠵᠢ ᠶᠢᠨ ᠲᠥᠪ᠂ 478 ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ ᠶᠢ ᠪᠦᠲᠦᠭᠡᠨ ᠪᠠᠶᠢᠭᠤᠯᠵᠤ᠂ 1261 ᠡᠷᠦᠬᠡ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠲᠦᠷᠦᠭᠦᠸ ᠪᠦᠯᠦᠭ | ᠨᠠᠰᠤᠵᠢᠯᠲᠠ ᠳᠤ ᠲᠣᠬᠢᠷᠠᠬᠤ 40 ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠪᠠ᠃ ᠮᠢᠩᠭᠠᠨ ᠬᠥᠮᠥᠨ ᠪᠦᠷᠢ ᠳᠤ ᠨᠣᠭᠳᠠᠬᠤ ᠨᠠᠶᠢᠳᠠᠯᠭ᠎ᠠ | ᠬᠦᠯᠢᠶᠡᠨ ᠠᠪᠬᠤ ᠲᠤᠭ᠎ᠠ ᠶᠢ 4.5 ᠪᠣᠯᠭᠠᠨ ᠨᠡᠮᠡᠭᠳᠡᠭᠦᠯᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠨᠡᠶᠢᠳᠡᠮ | ᠬᠠᠮᠤᠷᠤᠭᠤᠯᠵᠤ᠂ ᠲᠥᠪ ᠤᠨ ᠡᠳ᠋ ᠤᠨ ᠵᠠᠰᠠᠭ ᠠᠴᠠ ᠨᠡᠶᠢᠳᠡᠮ ᠠᠰᠢᠭ ᠬᠦᠷᠲᠡᠭᠡᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠵᠢᠱᠢᠶ᠎ᠡ | ᠦᠵᠡᠭᠦᠯᠬᠦ ᠲᠦᠷᠦᠯ ᠵᠤᠶᠢᠯ ᠤᠨ ᠬᠤᠳᠠ ᠪᠠᠷ ᠰᠣᠩᠭᠤᠭᠳᠠᠪᠠ᠃ ︽ᠲᠤᠯᠠᠭᠠᠯᠭ᠎ᠠ ᠶᠢᠨ ᠢᠨᠵᠧᠨᠧᠷᠢᠩ︾ ᠤᠨ ᠣᠨ ᠤ ᠲᠦᠷᠦᠯ ᠵᠤᠶᠢᠯ ᠤᠨ 60 ᠪᠠᠷᠢᠯᠭ᠎ᠠ ᠶᠢ | ᠪᠦᠬᠦᠨ ᠢ ᠳᠠᠭᠤᠰᠬᠠᠵᠤ᠂ 378 ᠢᠯᠴᠢ ᠰᠣᠯᠢᠯᠴᠠᠬᠤ ᠦᠷᠳᠡᠭᠡ ᠶᠢ ᠥᠭᠡᠷᠡᠴᠢᠯᠡᠨ ᠪᠠᠶᠢᠭᠤᠯᠵᠤ᠂ 612 ᠺᠢᠯᠣᠮᠧᠲᠷ ᠤᠨ ᠬᠤᠭᠤᠯᠠᠢ ᠶᠢᠨ ᠲᠣᠣᠷ ᠢ ᠪᠠᠶᠢᠭᠤᠯᠵᠤ᠂ | 371 ᠰᠠᠭᠤᠭᠠᠯᠢ ᠲᠤᠭᠤᠷᠢᠭ ᠤᠨ 12.5 ᠲᠦᠮᠡᠨ ᠡᠷᠦᠬᠡ ᠶᠢᠨ ᠢᠯᠴᠢ ᠬᠠᠩᠭᠠᠬᠤ ᠶᠠᠰᠤ ᠴᠢᠨᠠᠷ ᠢ ᠰᠠᠶᠢᠵᠢᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠤ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠪᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠳᠠ ᠰᠢᠪᠳᠤᠯᠠᠬᠤ ᠭᠤᠷᠪᠠᠨ | ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠲᠤᠭ᠎ᠠ ᠪᠠ ᠦᠬᠦᠭᠰᠡᠨ ᠬᠥᠮᠥᠨ ᠤ | ᠲᠤᠭ᠎ᠠ 5 ᠵᠢᠯ ᠳᠠᠷᠠᠭᠠᠯᠠᠨ ︽ᠬᠤᠣᠰ ᠪᠠᠭᠤᠷᠠᠪᠠ︾᠃ ᠬᠤᠲᠠ ᠶᠢᠨ ᠲᠣᠰ ᠱᠠᠲᠤ ᠪᠠ 3 ᠬᠤᠰᠢᠭᠤ ᠰᠢᠶᠠᠨ ᠤ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ | ᠪᠠᠭᠤᠷᠠᠭᠤᠯᠬᠤ ᠶᠢ ᠪᠡᠶᠡᠯᠡᠭᠦᠯᠵᠦ᠂ ᠾᠧᠩ ᠳ᠋ᠡ᠂ ᠪᠢ ᠬᠦᠶ ᠶᠤᠸᠠᠨ ᠤ ︽ᠲᠤᠰᠢᠶᠠᠬᠤ ᠪᠠᠲᠤᠯᠠᠭ᠎ᠠ ᠲᠠᠢ ᠠᠰᠠᠷ︾ ᠤᠨ ᠲᠥᠷᠥᠯ ᠵᠦᠢᠯ ᠲᠣᠭᠲᠠᠭᠰᠠᠨ | ᠬᠤᠭᠤᠴᠠᠭᠠᠨ ᠳᠤ ᠭᠡᠷ ᠪᠠᠶᠢᠰᠢᠩ ᠢᠶᠠᠨ ᠲᠤᠰᠢᠶᠠᠵᠤ᠂ ᠪᠥᠬᠦ ᠬᠤᠲᠠ ᠶᠢᠨ ᠪᠠᠩᠬᠢ ᠶᠢᠨ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ | ᠥᠩᠭᠡᠷᠡᠭᠰᠡᠨ ᠵᠢᠯ ᠤᠳ ᠤᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠪᠠ᠃ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠥᠪ ᠢ | ᠪᠠᠶᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠬᠠᠮᠲᠤᠷᠠᠨ ᠵᠢᠭᠰᠠᠭᠠᠵᠤ | ᠬᠠᠮᠲᠤ ᠪᠠᠷ ᠰᠢᠢᠳᠪᠤᠷᠢᠯᠡᠬᠦ ᠶᠢ ᠴᠢᠩᠭᠠᠳᠬᠠᠵᠤ᠂ ᠲᠦᠪᠡᠭ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ 816 ᠬᠡᠷᠡᠭ ᠢ ᠰᠢᠢᠳᠪᠦᠷᠢᠯᠡᠪᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠤᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠬᠦᠨᠳᠦ ᠴᠣᠬᠢᠯᠲᠠ | ᠥᠭᠴᠦ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠭᠦᠨᠵᠡᠭᠡᠢ ᠡᠭᠦᠳᠦᠨ ᠪᠠᠶᠢᠭᠤᠯᠵᠤ᠂ ︽ᠠᠨᠠᠷ ᠤᠨ ᠦᠷ᠎ᠡ︾ ᠶᠢᠨ ᠲᠥᠷᠥᠯ ᠲᠡᠮᠳᠡᠭ ᠢ 73᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ 67 ᠪᠣᠶᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ | ᠠᠯᠪᠠᠨ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠳᠠᠭᠠᠳᠤ ᠶᠠᠪᠤᠳᠠᠯ | ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠲᠧᠯᠸᠢᠰ᠂ ᠲᠡᠦᠬᠡ ᠣᠶᠢᠯᠠᠯᠭ᠎ᠠ ᠲᠠᠩᠰᠠ ᠡᠪᠬᠡᠮᠡᠯ᠂ ᠪᠠᠶᠢᠭᠤᠯᠭ᠎ᠠ ᠶᠢᠨ ᠶᠠᠪᠤᠳᠠᠯ᠂ | ᠭᠠᠵᠠᠷ ᠬᠥᠳᠡᠯᠦᠯᠲᠡ᠂ ᠴᠠᠭ ᠠᠭᠤᠷ᠂ ᠬᠠᠩᠭᠠᠨ ᠪᠣᠷᠣᠯᠠᠭᠤᠯᠬᠤ᠂ ᠰᠢᠤᠳᠠᠨ᠂ ᠪᠣᠭᠤᠮᠲᠠ ᠵᠡᠷᠭᠡ ᠶᠢᠨ ᠠᠵᠢᠯ ᠰᠢᠨ᠎ᠡ ᠳᠠᠪᠰᠢᠯᠲᠠ ᠲᠠᠢ ᠪᠣᠯᠵᠤ᠂ ᠨᠠᠰᠤᠲᠠᠶᠢᠴᠤᠳ᠂ | ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠠᠵᠢᠯᠴᠢᠨ ᠤ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠨᠢᠭᠦᠯᠡᠰᠦᠩᠭᠦᠢ ᠶᠢᠨ ᠦᠢᠯᠡᠰ᠂ ᠤᠯᠠᠭᠠᠨ ᠵᠠᠭᠠᠯᠮᠠᠶᠢᠲᠠᠨ ᠤ ᠦᠢᠯᠡᠰ᠂ ᠰᠠᠶᠢᠨ ᠳᠤᠷ᠎ᠠ ᠶᠢᠨ ᠦᠢᠯᠡᠴᠢᠯᠡᠭᠡ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ | ᠠᠵᠢᠯ ᠦᠢᠯᠡᠰ ᠰᠢᠨ᠎ᠡ ᠬᠥᠭᠵᠢᠯᠲᠡ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠰᠠᠯᠤᠯ ᠦᠭᠡᠢ ᠳᠠᠭᠠᠵᠤ᠂ ᠵᠠᠰᠠᠭ ᠤᠨ ᠣᠷᠳᠣᠨ ᠤ | ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠡᠷᠡ ᠬᠡᠪ ᠢᠶᠠᠷ ᠨᠢ ᠨᠠᠶᠢᠳᠠᠪᠤᠷᠢᠵᠢᠭᠤᠯᠪᠠ᠃ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠠ | ᠨᠡᠶᠢᠭᠡᠮ ᠤᠨ ᠡᠯ᠎ᠡ ᠡᠲᠡᠭᠡᠳ ᠲᠤ ᠪᠠᠶᠢᠳᠠᠯ ᠢ 67 ᠤᠳᠠᠭ᠎ᠠ ᠮᠡᠳᠡᠭᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 130 | ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 317 ᠬᠤᠪᠢ ᠳᠤᠷᠠᠳᠤᠯᠭ᠎ᠠ ᠳᠤ ᠬᠠᠷᠢᠭᠤ ᠥᠭᠪᠡ᠃ 204 ᠬᠢᠨᠠᠨ ᠪᠤᠳᠤᠬᠤ | ᠲᠥᠷᠥᠯ ᠵᠦᠢᠯ ᠢ ᠪᠡᠶᠡᠯᠡᠭᠦᠯᠵᠦ᠂ 917 ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠬᠢᠨᠠᠨ ᠪᠣᠳᠣᠯᠲᠠ ᠶᠢᠨ ᠪᠠᠶᠢᠩᠭᠤᠵᠢᠭᠰᠠᠨ | ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢᠨ ᠦᠢᠯᠡᠳᠦᠯ ᠢ ᠪᠠᠳᠠᠷᠠᠭᠤᠯᠤᠨ᠂ ᠬᠤᠲᠠ ᠶᠢᠨ ᠬᠢᠨᠠᠨ ᠪᠤᠳᠤᠯᠲᠠ ᠶᠢᠨ ᠲᠣᠪᠴᠢᠶ᠎ᠠ ︽ᠪᠥᠬᠦ ᠤᠯᠤᠰ ᠤᠨ | ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ︾ ᠪᠠᠷ ᠦᠨᠡᠯᠡᠭᠳᠡᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ | ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠵᠠᠰᠠᠵᠤ᠂ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠵᠠᠰᠠᠭ ᠤᠨ ᠣᠷᠳᠣᠨ ᠤ ᠤᠯᠠᠨ | ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠬᠡᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠲᠦᠩᠯᠢᠶᠣᠣ ᠶᠢᠨ ᠡᠯ᠎ᠡ ᠠᠵᠤ ᠦᠢᠯᠡᠰ ᠤᠨ ᠬᠥᠭᠵᠢᠯᠲᠡ ᠳᠠᠪᠰᠢᠯᠲᠠ ᠶᠢᠨ | ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠤ ᠪᠤᠢ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ | ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ | ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ | ᠳᠡᠮᠵᠢᠵᠦ ᠤᠷᠤᠯᠴᠠᠭᠰᠠᠨ ᠪᠣᠶ ᠪᠦᠬᠦᠢ ᠨᠠᠶᠢᠵᠠ ᠨᠥᠬᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠣᠳᠣᠬᠠᠨ ᠳᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠬᠦ ᠴᠥᠭᠡᠨ ᠪᠤᠰᠤ | ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠪᠠ᠃ ᠭᠤᠤᠯᠳᠠᠭᠤ᠂ ᠠᠵᠤ ᠠᠬᠤᠢ ᠶᠢᠨ ᠰᠠᠶᠢᠵᠢᠷᠠᠬᠤ ᠬᠠᠨᠲᠤᠰᠢ | ᠲᠤᠭᠲᠠᠭᠤᠨ ᠪᠢᠰᠢ᠂ ᠬᠡᠰᠡᠭ ᠭᠦᠢᠴᠡᠳᠬᠡᠯ ᠲᠤᠭ᠎ᠠ ᠶᠢᠨ ᠨᠡᠮᠡᠭᠳᠡᠯ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠠᠵᠤ ᠦᠢᠯᠡᠰ ᠤᠨ ᠲᠤᠯᠭᠠᠭᠤᠷᠢᠯᠠᠯ ᠴᠢᠩᠭ᠎ᠠ | ᠪᠢᠰᠢ᠂ ᠮᠠᠯ ᠲᠠᠷᠢᠶᠠᠯᠠᠩ ᠤᠨ ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠦᠭᠡᠳ ᠦᠷ᠎ᠡ ᠠᠰᠢᠭ ᠢ ᠨᠡᠮᠡᠭᠳᠡᠭᠦᠯᠬᠦ ᠦᠭᠡᠢ᠂ ᠠᠵᠤ ᠦᠢᠯᠡᠳᠪᠦᠷᠢ ᠶᠢᠨ | ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠵᠤ ᠳᠡᠶᠢᠯᠬᠦ ᠦᠭᠡᠢ᠂ ᠦᠢᠯᠡᠴᠢᠯᠡᠭᠡᠨ ᠤ ᠦᠢᠯᠡᠰ ᠤᠨ ᠳᠠᠶᠢᠴᠢᠯᠠᠬᠤ ᠦᠢᠯᠡᠳᠦᠯ ᠪᠠᠭᠤᠷᠠᠵᠤ᠂ ᠬᠡᠰᠡᠭ ᠠᠵᠢᠯ | ᠲᠥᠷᠥᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠦᠴᠢᠷᠳᠡᠯ ᠲᠤᠯᠭᠠᠷᠠᠵᠤ ᠪᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠠᠪᠴᠢᠷᠠᠬᠤ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ ᠪᠠᠭᠤᠷᠠᠵᠤ᠂ ᠬᠡᠷᠡᠭᠯᠡᠭᠡ ᠪᠠᠭᠤᠷᠠᠢ᠂ ᠭᠠᠳᠠᠭᠠᠳᠤ ᠭᠠᠷᠭᠠᠯᠲᠠ ᠪᠠᠭ᠎ᠠ ᠪᠠᠶᠢᠵᠤ᠂ ᠠᠵᠤ ᠠᠬᠤᠢ ᠶᠢᠨ | ᠨᠡᠮᠡᠭᠳᠡᠯ ᠢ ᠳᠠᠶᠢᠴᠢᠯᠠᠬᠤ ᠲᠠᠯ᠎ᠠ ᠪᠠᠷ ᠬᠢᠵᠠᠭᠠᠷ ᠲᠠᠢ ᠪᠠᠶᠢᠨ᠎ᠠ᠃ ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠤᠨ ᠳᠠᠷᠤᠯᠲᠠ ᠨᠡᠮᠡᠭᠳᠡᠵᠦ᠂ | ᠰᠤᠷᠭᠠᠨ ᠬᠥᠮᠦᠵᠢᠯ᠂ ᠡᠮ ᠡᠮᠨᠡᠯᠭᠡ᠂ ᠬᠡᠤᠬᠡᠳ ᠨᠠᠶᠢᠳᠠᠨ ᠰᠠᠭᠠᠲᠠᠭᠤᠯᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠤᠯᠠᠨ ᠲᠦᠮᠡᠨ ᠤ ᠬᠦᠰᠡᠯ ᠡᠷᠡᠮᠡᠯᠵᠡᠯ ᠲᠠᠢ | ᠪᠠᠰᠠ ᠵᠥᠷᠢᠶ᠎ᠡ ᠲᠠᠢ ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠲᠠᠭᠤ ᠪᠡᠷᠬᠡ ᠪᠠᠶᠢᠵᠤ᠂ ᠠᠶᠤᠯᠭᠦᠢ ᠦᠢᠯᠡᠳᠪᠦᠷᠢᠯᠡᠯ᠂ | ᠭᠡᠷ ᠪᠠᠶᠢᠰᠢᠩ ᠭᠠᠵᠠᠷ ᠰᠢᠷᠦᠢ ᠶᠢᠨ ᠬᠥᠷᠥᠩᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠳᠤ ᠰᠢᠨ᠎ᠡ ᠰᠢᠯᠭᠠᠯᠲᠠ | ᠲᠤᠯᠭᠠᠷᠠᠵᠤ ᠪᠠᠶᠢᠨ᠎ᠠ᠃ ᠡᠲᠡᠭᠡᠷ ᠠᠰᠠᠭᠤᠳᠠᠯ ᠭᠠᠷᠤᠭᠰᠠᠨ ᠨᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠨᠢ ᠬᠠᠷᠢᠴᠠᠩᠭᠤᠶ ᠪᠠᠷ | ᠤᠳᠠᠭᠠᠨ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠵᠠᠯᠭᠠᠯᠳᠤᠭᠤᠯᠤᠨ ᠬᠤᠪᠢᠷᠠᠭᠤᠯᠬᠤ ᠬᠦᠴᠦᠨ ᠮᠡᠬᠦᠰᠳᠡᠵᠦ᠂ ᠨᠡᠶᠢᠭᠡᠮ ᠤᠨ ᠬᠡᠷᠡᠭᠯᠡᠭᠡᠨ ᠤ ᠳᠠᠯᠳᠠ | ᠬᠦᠴᠦᠨ ᠢ ᠠᠭᠤᠳᠠᠯᠤᠭᠰᠠᠨ ᠢᠶᠠᠷ ᠬᠦᠷᠦᠯᠴᠡᠬᠦ ᠥᠬᠡᠶ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠥᠬᠡᠶ ᠵᠡᠷᠭᠡ ᠪᠤᠰᠤᠳᠴᠢ ᠬᠦᠴᠦᠨ ᠵᠦᠢᠯ | ᠪᠠᠶᠢᠬᠤ ᠪᠦᠭᠡᠳ ᠨᠠᠩ ᠴᠤ ᠵᠠᠰᠠᠭ ᠤᠨ ᠣᠷᠳᠣᠨ ᠤ ᠰᠢᠰᠲ᠋ᠧᠮ ᠤᠨ ᠬᠡᠰᠡᠭ ᠺᠠᠳ᠋ᠷᠴᠤᠳ ᠤᠨ ᠠᠵᠠ ᠲᠣᠬᠢᠶᠠᠯ ᠢ ᠠᠳᠬᠤᠬᠤ᠂ ᠬᠥᠭᠵᠢᠯᠲᠡ ᠶᠢ ᠡᠷᠢᠯᠬᠢᠯᠡᠬᠦ᠂ | ᠬᠦᠴᠢᠷ ᠠᠰᠠᠭᠤᠳᠠᠯ ᠢ ᠰᠢᠢᠳᠪᠦᠷᠢᠯᠡᠬᠦ ᠤᠬᠠᠮᠰᠠᠷ ᠨᠢ ᠴᠢᠩᠭ᠎ᠠ ᠪᠢᠰᠢ᠂ ᠴᠢᠳᠠᠪᠤᠷᠢ ᠨᠢ ᠬᠦᠷᠦᠯᠴᠡᠬᠦ ᠥᠬᠡᠶ᠂ ᠠᠵᠢᠯ ᠨᠢ ︽ᠤᠳᠠᠭᠠᠨ ᠪᠦᠳᠦᠭᠦᠯᠢᠭ ᠬᠡᠶᠢᠰᠪᠤᠷᠢ︾ | ᠵᠡᠷᠭᠡ ᠪᠡᠶᠡᠴᠢ ᠰᠢᠯᠲᠠᠭᠠᠨ ᠠᠴᠠ ᠪᠣᠯᠤᠭᠰᠠᠨ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠨ᠎ᠡ᠃ | ᠬᠤᠶᠠᠷ᠂ 2025 ᠤᠨ ᠤ ᠭᠤᠤᠯᠳᠠᠯᠭ᠎ᠠ ᠲᠠᠢ ᠠᠵᠢᠯ | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢ ᠲᠥᠯᠥᠪᠯᠡᠬᠦ ᠵᠢᠯ ᠮᠥᠨ᠃ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢᠶᠠᠨ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠦᠴᠢᠷᠳᠡᠯ ᠢ ᠪᠥᠬᠦ | ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠯᠲᠡ︾ ᠶᠢᠨ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠵᠢᠳᠬᠦᠵᠦ᠂ ᠴᠢᠷᠮᠠᠶᠢᠨ ᠲᠡᠮᠡᠴᠡᠬᠦ ᠶᠢ ᠲᠡᠷᠢᠭᠦᠨ ᠳᠤ ᠲᠠᠯᠪᠢᠵᠤ ᠬᠥᠭᠵᠢᠯᠲᠡ ᠶᠢ ᠠᠳᠬᠤᠨ᠂ ᠣᠳᠣᠬᠢᠴᠢᠯᠠᠭᠰᠠᠨ | ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠬᠦ ᠰᠠᠭᠤᠷᠢ ᠶᠢ ᠪᠠᠲᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠳᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7% ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠬᠤ ᠪᠠᠷᠢᠮᠵᠢᠶ᠎ᠠ ᠪᠠᠷ | 8% ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 6. | 5% ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ 7 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠳᠣᠲᠣᠭᠠᠳᠤ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡᠨ ᠤ ᠪᠡᠯᠡ ᠣᠷᠣᠭᠤᠯᠤᠯᠲᠠ ᠶᠢᠨ | ︽ᠬᠤᠣᠰ ᠬᠦᠷᠳᠦ︾ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠯᠠᠪᠳᠠᠭᠤᠨ ᠲᠣᠭᠲᠠᠭᠤᠨ ᠢᠶᠠᠷ ᠠᠵᠢᠯᠯᠠᠬᠤ᠂ ᠥᠭᠡᠳᠡᠯᠡᠨ | ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ︽ᠲᠦᠷᠦᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯ | ᠪᠣᠯᠭᠠᠬᠤ︾ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡᠨ ᠤ ᠲᠤᠰᠬᠠᠢ ᠠᠵᠢᠯᠯᠠᠭ᠎ᠠ ᠶᠢ | ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ ︽ᠭᠤᠣᠯ ᠬᠥᠳᠡᠯᠭᠡᠭᠦᠷ︾ ᠢ ᠬᠦᠴᠦᠷᠬᠡᠭᠵᠢᠭᠦᠯᠦᠨ᠎ᠡ᠃ | ᠳᠠᠯᠳᠠ ᠬᠦᠴᠦᠨ ᠲᠠᠢ ᠬᠡᠷᠡᠭᠯᠡᠭᠡ ᠶᠢ ᠬᠥᠭᠵᠢᠭᠡᠨ᠎ᠡ᠃ ᠬᠡᠷᠡᠭᠯᠡᠭᠡᠨ ᠤ ᠴᠢᠳᠠᠪᠤᠷᠢ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠤᠮᠳᠠ | ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠣᠯᠠᠨ ᠬᠦᠷᠢᠶᠡᠨ ᠳᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ︽ | ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠬᠡᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠲᠥᠬᠦᠭᠡᠷᠦᠮᠵᠢ᠂ ᠪᠠᠷᠢᠯᠭ᠎ᠠ ᠶᠢᠨ | ᠮᠠᠰᠢᠨ᠂ ᠬᠠᠭᠤᠴᠢᠨ ᠴᠠᠬᠢᠯᠭᠠᠨ ᠱᠠᠲᠤ᠂ ᠡᠵᠡᠩᠨᠡᠯᠲᠡ ᠶᠢᠨ ᠪᠠᠷᠠᠭᠠᠨ ᠤ ᠲᠡᠷᠭᠡ ᠵᠡᠷᠭᠡ ᠶᠢ ︽ᠰᠣᠯᠢᠬᠤ ᠶᠣᠰᠣᠲᠠᠢ ᠶᠢ ᠨᠢ ᠪᠦᠷ ᠰᠣᠯᠢᠬᠤ︾ ᠶᠢ ᠠᠬᠢᠭᠤᠯᠤᠨ᠂ | ᠮᠠᠰᠢᠨ ᠲᠡᠷᠭᠡ᠂ ᠭᠡᠷ ᠤᠨ ᠬᠡᠷᠡᠭᠰᠡᠯ ᠭᠡᠷ ᠤᠨ ᠴᠠᠬᠢᠯᠭᠠᠨ ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ | ᠭᠡᠷ ᠤᠨ ᠶᠠᠪᠤᠳᠠᠯ ᠤᠨ ᠦᠢᠯᠡᠴᠢᠯᠡᠭᠡ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠬᠤᠭᠤᠯᠠ ᠤᠮᠳᠠ ᠬᠤᠨᠤᠭ ᠪᠠᠭᠤᠳᠠᠯ ᠵᠡᠷᠭᠡ ᠰᠠᠭᠤᠷᠢ ᠬᠡᠯᠪᠡᠷᠢ ᠶᠢᠨ | ᠬᠡᠷᠡᠭᠯᠡᠭᠡ ᠶᠢ ᠠᠭᠤᠳᠠᠯᠤᠨ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠬᠤᠨᠤᠵᠦ ᠬᠡᠪᠲᠡᠬᠦ ᠦᠢᠯᠡᠴᠢᠯᠡᠭᠡ ᠵᠡᠷᠭᠡ ᠰᠠᠶᠢᠵᠢᠷᠠᠭᠤᠯᠬᠤ ᠬᠡᠯᠪᠡᠷᠢ ᠶᠢᠨ ᠬᠡᠷᠡᠭᠯᠡᠭᠡ ᠶᠢ | ᠬᠥᠭᠵᠢᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠬᠡᠷᠡᠭᠯᠡᠭᠡᠨ ᠤ ᠪᠠᠶᠢᠳᠠᠯ ᠢ ᠣᠯᠠᠨ ᠡᠰᠢᠵᠢᠭᠦᠯᠦᠨ | ᠪᠠᠶᠠᠯᠢᠭᠵᠢᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ︽ᠳᠠᠭᠠᠭᠤᠯᠤᠭᠴᠢ ᠰᠢᠶᠠᠨ︾ ᠵᠢᠴᠢ ᠰᠢᠶᠠᠨ ᠤ ᠬᠡᠪᠴᠢᠶᠡᠨ ᠤ | ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠲᠥᠯᠥᠪᠵᠢᠭᠦᠯᠦᠨ ᠪᠣᠶᠢᠵᠢᠭᠤᠯᠵᠤ᠂ ᠵᠢᠵᠢᠭᠯᠡᠨ ᠬᠤᠳᠠᠯᠳᠤᠬᠤ ᠦᠢᠯᠡᠰ ᠤᠨ | ᠰᠢᠨ᠎ᠡ ᠶᠢ ᠡᠭᠦᠳᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠨᠠᠩ ᠣᠯᠠᠨ ᠴᠠᠭ ᠤᠨ ᠤᠷᠤᠰᠬᠠᠯ ᠢ ᠲᠠᠭᠠᠬᠰᠠᠨ ᠰᠥᠨᠢ ᠶᠢᠨ ᠵᠠᠬ᠎ᠠ ᠳᠡᠯᠭᠡᠭᠦᠷ᠂ | ᠠᠷᠠᠳ ᠤᠨ ᠠᠮᠢᠳᠤᠷᠠᠯ ᠤᠨ ᠡᠷᠲᠡ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠢ ᠶᠢ ᠪᠣᠶ ᠪᠣᠯᠭᠠᠵᠤ᠂ ᠠᠩᠬᠠᠨ ᠤ ᠠᠵᠤ ᠠᠬᠤᠢ᠂ | ᠪᠤᠭᠤᠷᠤᠯᠴᠤᠳ ᠤᠨ ᠠᠵᠤ ᠠᠬᠤᠢ᠂ ᠲᠣᠭᠯᠠᠯᠲᠠ ᠶᠢᠨ ᠠᠵᠤ ᠠᠬᠤᠢ᠂ ᠤᠷᠤᠯᠳᠤᠭᠠᠨ ᠤ ᠠᠵᠤ ᠠᠬᠤᠢ ᠶᠢ ᠬᠥᠭᠵᠢᠭᠦᠯᠵᠦ᠂ ᠲᠣᠭᠠᠴᠢᠯᠠᠭᠰᠠᠨ ᠬᠡᠷᠡᠭᠯᠡᠭᠡ᠂ | ᠡᠷᠡᠭᠦᠯᠵᠢᠯ ᠤᠨ ᠬᠡᠷᠡᠭᠯᠡᠭᠡ ᠶᠢ ᠪᠣᠶᠢᠵᠢᠭᠤᠯᠤᠨ᠂ ᠨᠠᠩ ᠣᠯᠠᠨ ᠬᠡᠷᠡᠭᠯᠡᠭᠡᠨ ᠤ ᠨᠡᠮᠡᠭᠳᠡᠯ ᠤᠨ ᠴᠡᠭ ᠢ ᠪᠣᠶ ᠪᠣᠯᠭᠠᠨ᠎ᠠ᠃ | ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠥᠷᠥᠯ ᠵᠦᠢᠯ ᠢ ᠲᠥᠯᠥᠪᠯᠡᠵᠦ ᠨᠥᠭᠡᠴᠡᠯᠡᠬᠦ ᠪᠠᠨ ᠴᠢᠩᠭᠠᠳᠬᠠᠵᠤ᠂ ᠬᠤᠲᠠ ᠬᠤᠰᠢᠭᠤ | ᠬᠤᠶᠠᠷ ᠱᠠᠲᠤᠨ ᠤ ᠲᠥᠷᠥᠯ ᠵᠦᠢᠯ ᠢ ᠲᠥᠰᠥᠪᠯᠡᠨ ᠲᠣᠬᠢᠷᠠᠭᠤᠯᠬᠤ ᠶᠢ ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠯᠠᠭᠴᠢ ᠠᠵᠤ ᠦᠢᠯᠡᠰ ᠤᠨ | ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠳᠦᠷᠢᠮ ᠢ ᠪᠠᠶᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠴᠢᠨᠠᠷ ᠰᠠᠶᠢᠲᠠᠢ | ᠨᠠᠶᠢᠷᠠᠭᠤᠯᠤᠨ ᠵᠣᠬᠢᠶᠠᠵᠤ᠂ ᠤᠯᠤᠰ ᠤᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠢᠳᠡᠪᠬᠢᠲᠡᠢ ᠵᠣᠯᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠤᠨ ᠡᠯ᠎ᠡ ᠬᠦᠷᠢᠶ᠎ᠡ ᠶᠢᠨ ᠲᠣᠭᠤᠷᠢᠨ ᠳᠤ᠂ ᠨᠢᠭᠡ | ᠪᠦᠯᠦᠭ ᠴᠢᠨᠠᠷ ᠰᠠᠶᠢᠲᠠᠢ ᠲᠦᠷᠦᠯ ᠵᠦᠢᠯ᠂ ᠭᠤᠣᠯᠯᠠᠭᠴᠢ ᠲᠦᠷᠦᠯ ᠵᠦᠢᠯ ᠢ ᠲᠥᠯᠥᠪᠵᠢᠭᠦᠯᠵᠦ᠂ ᠨᠡᠩ ᠤᠯᠠᠨ ᠲᠦᠷᠦᠯ ᠵᠦᠢᠯ ᠢ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ︽ᠲᠣᠮᠣ ᠬᠡᠪᠴᠢᠶᠡᠨ︾ ᠳᠤ ᠣᠷᠣᠭᠤᠯᠬᠤ ᠪᠠᠷ ᠴᠢᠷᠮᠠᠶᠢᠵᠤ᠂ ᠪᠦᠬᠦ ᠵᠢᠯ ᠳᠤ ᠳᠡᠭᠡᠳᠦ ᠱᠠᠲᠤᠨ ᠤ ᠲᠥᠰᠥᠪ ᠤᠨ ᠳᠣᠲᠣᠷᠠᠬᠢ ᠲᠦᠷᠦᠯ | ᠵᠦᠢᠯ ᠤᠨ ᠪᠡᠯᠡ ᠮᠥᠩᠭᠦ ᠶᠢ 10 ᠬᠤᠪᠢ ᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠶᠢ | ᠴᠢᠩᠭᠠᠷᠠᠭᠤᠯᠵᠤ᠂ ᠭᠠᠵᠠᠷ ᠬᠡᠷᠡᠭᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠶᠢ ᠬᠢᠨᠠᠨ ᠵᠥᠪᠰᠢᠶᠡᠷᠡᠵᠦ ᠮᠡᠳᠡᠭᠦᠯᠦᠨ ᠵᠥᠪᠰᠢᠶᠡᠷᠡᠭᠦᠯᠬᠦ ᠶᠢ | ᠵᠣᠯᠭᠠᠭᠤᠯᠬᠤ ᠴᠤᠪᠤᠷᠠᠯ ᠢ ᠰᠢᠯᠢᠳᠡᠭᠵᠢᠭᠦᠯᠵᠦ᠂ ︽ᠵᠣᠭᠰᠣᠩᠭᠢᠷᠠᠭᠰᠠᠨ ᠲᠥᠷᠥᠯ ᠵᠦᠢᠯ ᠢ ᠠᠮᠢᠳᠤᠯᠢᠭ ᠪᠣᠯᠭᠠᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ | ᠪᠣᠯᠭᠠᠬᠤ᠂ ᠨᠢᠭᠡᠨᠲᠡ ᠲᠣᠬᠢᠷᠠᠭᠤᠯᠤᠭᠰᠠᠨ ᠬᠦᠴᠦᠨ ᠵᠦᠢᠯ ᠢ ᠠᠮᠢᠳᠤᠯᠢᠭ ᠪᠣᠯᠭᠠᠬᠤ︾ ᠢᠨᠵᠧᠨᠧᠷᠢᠩ ᠢ ᠶᠡᠷᠦᠩᠬᠡᠶᠢᠯᠡᠨ ᠬᠡᠷᠡᠭᠵᠢᠭᠦᠯᠵᠦ᠂ ᠲᠥᠷᠥᠯ ᠵᠦᠢᠯ ᠢ | ᠲᠦᠷᠭᠡᠨ ᠪᠦᠲᠦᠭᠡᠨ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠥᠬᠦ ᠵᠢᠯ ᠳᠤ 500 ᠭᠠᠷᠤᠢ ᠭᠤᠣᠯᠳᠠᠯᠭ᠎ᠠ ᠲᠠᠢ ᠲᠥᠷᠥᠯ | ᠵᠦᠢᠯ ᠢ ᠡᠬᠢᠯᠡᠭᠦᠯᠦᠨ ᠰᠡᠷᠭᠦᠭᠡᠵᠦ᠂ ᠪᠡᠯᠡ ᠣᠷᠣᠭᠤᠯᠤᠯᠲᠠ ᠶᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠷᠠᠳ ᠤᠨ ᠳᠤᠮᠳᠠᠬᠢ | ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠲᠥᠷᠥᠯ ᠵᠦᠢᠯ ᠢ ᠪᠠᠶᠢᠩᠭᠤᠵᠢᠭᠤᠯᠤᠨ ᠲᠠᠨᠢᠯᠴᠠᠭᠤᠯᠬᠤ ᠲᠣᠭᠲᠠᠴᠠ ᠶᠢ ᠪᠠᠶᠢᠭᠤᠯᠤᠨ᠂ ᠠᠷᠠᠳ ᠤᠨ | ᠳᠤᠮᠳᠠᠬᠢ ᠬᠥᠷᠥᠩᠭᠡ ᠶᠢᠨ ᠬᠡᠰᠡᠭ ᠲᠣᠭᠤᠷᠢᠭ ᠢ ᠨᠡᠭᠡᠭᠡᠨ ᠬᠥᠭᠵᠢᠭᠦᠯᠬᠦ᠂ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠤᠨ ᠬᠦᠷᠢᠶᠡᠯᠡᠩ ᠪᠠ ᠰᠢᠨ᠎ᠡ ᠬᠡᠯᠪᠡᠷᠢ ᠶᠢᠨ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠤᠨ ᠲᠥᠷᠥᠯ ᠵᠦᠢᠯ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠤᠭᠤᠳᠴᠤ | ᠳᠡᠮᠵᠢᠵᠦ᠂ ᠠᠷᠠᠳ ᠤᠨ ᠳᠤᠮᠳᠠᠬᠢ ᠬᠥᠷᠥᠩᠭᠡ ᠶᠢ ᠣᠷᠣᠭᠤᠯᠵᠤ ᠳᠡᠶᠢᠯᠬᠦ᠂ ᠰᠠᠶᠢᠨ ᠣᠷᠣᠭᠤᠯᠬᠤ ᠪᠣᠯᠭᠠᠨ᠎ᠠ᠃ | ᠴᠢᠨᠠᠷ ᠰᠠᠶᠢᠲᠠᠢ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠱᠠᠳᠤ ᠨᠢᠭᠡᠲᠦᠯᠲᠡᠢ ᠲᠦᠯᠦᠪᠯᠡᠬᠦ᠂ ᠰᠠᠯᠠᠭ᠎ᠠ ᠮᠥᠴᠢᠷ ᠬᠤᠯᠪᠤᠭᠠᠯᠠᠨ ᠬᠦᠳᠡᠯᠦᠯᠴᠡᠬᠦ᠂ | ᠬᠤᠰᠢᠭᠤ ᠰᠢᠶᠠᠨ ᠲᠦᠷᠦᠭᠦᠯᠡᠨ᠂ ᠬᠦᠷᠢᠶᠡᠯᠡᠩ ᠲᠣᠭᠤᠷᠢᠭ ᠬᠤᠰᠢᠭᠤᠴᠢ ᠪᠣᠯᠬᠤ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠳᠠᠭᠠᠨ | ᠳᠠᠭᠠᠭᠠᠮᠠᠭᠠᠢ ᠲᠡᠶᠢᠨ ᠪᠠ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠤᠳᠠᠯᠳᠤᠭᠠᠴᠢᠨ | ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ᠂ ᠬᠤᠳᠠᠯᠳᠤᠭᠠᠴᠢᠨ ᠤᠷᠢᠬᠤ ᠲᠦᠯᠦᠪᠯᠡᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠡᠯᠡ | ᠣᠷᠣᠭᠤᠯᠤᠯᠲᠠ ᠶᠢᠨ ᠠᠵᠠ ᠲᠣᠬᠢᠶᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ᠂ ᠭᠤᠣᠯᠯᠠᠬᠤ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠠᠨᠳᠤᠯᠭᠠᠲᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠬᠡᠯᠬᠢᠶᠡᠨ ᠤ ᠡᠵᠡᠨ ᠬᠤᠳᠠᠯᠳᠤᠭᠠᠴᠢᠨ | ᠤᠷᠢᠬᠤ᠂ ᠠᠵᠤ ᠦᠢᠯᠡᠰ ᠤᠨ ᠬᠦᠷᠢᠶᠡᠯᠡᠩ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠂ ︽ᠰᠠᠭᠤᠷᠢ ᠮᠥᠩᠭᠦ +︾ ᠵᠡᠷᠭᠡ ᠵᠠᠬ᠎ᠠ ᠳᠡᠯᠭᠡᠭᠦᠷᠴᠢᠯᠡᠨ | ᠬᠤᠳᠠᠯᠳᠤᠭᠠᠴᠢᠨ ᠤᠷᠢᠬᠤ ᠶᠢ ᠬᠠᠶᠢᠨ ᠰᠦᠪᠡᠭᠴᠢᠯᠡᠵᠦ᠂ ᠬᠤᠳᠠᠯᠳᠤᠭᠠᠴᠢᠨ ᠤᠷᠢᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠥᠷᠥᠯ ᠵᠦᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠠᠩᠬ᠎ᠠ ᠶᠠᠷᠢᠯᠴᠠᠬᠤ ᠪᠠᠨ ᠮᠡᠳᠡᠭᠦᠯᠦᠨ ᠳᠠᠩᠰᠠᠯᠠᠭᠤᠯᠬᠤ ᠳᠦᠷᠢᠮ ᠢ | ᠪᠠᠶᠢᠭᠤᠯᠵᠤ᠂ ᠰᠢᠨ᠎ᠡ ᠬᠠᠭᠤᠴᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠵᠤ᠂ ᠶᠡᠭᠡ ᠪᠠᠭ᠎ᠠ ᠲᠥᠷᠥᠯ ᠵᠦᠢᠯ ᠢ ᠠᠳᠠᠯᠢᠬᠠᠨ ᠢᠶᠠᠷ ᠴᠢᠬᠤᠯᠠᠴᠢᠯᠠᠨ᠂ | ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠷᠠᠭᠤᠯᠤᠨ᠂ ᠠᠮᠠᠯᠠᠯᠲᠠ ᠶᠢᠨ ᠵᠦᠢᠯᠡᠰ ᠢ ᠪᠡᠶᠡᠯᠡᠭᠦᠯᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠨᠡᠮᠡᠭᠳᠡᠯ ᠢ 10% ᠠᠴᠠ ᠳᠡᠭᠡᠭᠰᠢ ᠪᠠᠶᠢᠯᠭᠠᠬᠤ ᠶᠢ ᠦᠨᠡᠨᠬᠦ | ᠪᠠᠲᠤᠯᠠᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠢᠶᠠᠨ ᠲᠥᠪᠯᠡᠷᠡᠭᠦᠯᠦᠨ᠂ ᠲᠤᠭ᠎ᠠ ᠬᠡᠮᠵᠢᠶ᠎ᠡ ᠪᠠᠨ | ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠡᠷᠭᠡᠪᠡᠷ ᠠᠳᠬᠤᠨ ᠵᠡᠷᠭᠡᠪᠡᠷ ᠠᠬᠢᠭᠤᠯᠵᠤ᠂ ᠳᠠᠪᠠᠭᠤᠯᠢᠭ ᠣᠨᠴᠠᠯᠢᠭ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ᠂ | ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠭᠤᠷᠪᠠᠨ ᠠᠵᠤ ᠦᠢᠯᠡᠰ ᠬᠠᠮᠵᠢᠯᠴᠠᠨ ᠬᠦᠴᠦᠯᠡᠵᠦ᠂ ᠪᠦᠲᠦᠴᠡ ᠶᠢ ᠲᠣᠬᠢᠷᠠᠭᠤᠯᠬᠤ | ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦ ᠲᠠᠯᠪᠢᠨ᠎ᠠ᠃ | ᠮᠠᠯ ᠲᠠᠷᠢᠶᠠᠯᠠᠩ ᠤᠨ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠮᠢᠩᠭᠠᠨ ᠲᠦᠮᠡᠨ ᠮᠦ ᠣᠳᠣ ᠦᠶ᠎ᠡ ᠶᠢᠨ ᠤᠰᠤ ᠠᠷᠪᠢᠯᠠᠬᠤ | ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠦᠷ᠎ᠡ ᠪᠦᠳᠦᠮᠵᠢ᠂ ᠲᠠᠯᠠᠪᠠᠶ ᠨᠢᠭᠡᠴᠢ ᠶᠢᠨ | ᠤᠨᠠᠯᠲᠠ ᠪᠠ ᠦᠷ᠎ᠡ ᠠᠰᠢᠭ ᠤᠨ ︽ᠭᠤᠷᠪᠠ ᠶᠢ ᠳᠡᠭᠡᠭᠰᠢᠯᠡᠭᠦᠯᠬᠦ︾ ᠬᠠᠷᠠᠯᠲᠠ ᠶᠢᠨ ᠲᠣᠭᠤᠷᠢᠨ ᠳᠤ᠂ ᠲᠥᠷᠥᠯ ᠵᠦᠢᠯ ᠢ ᠡᠮᠬᠢᠯᠡᠨ ᠨᠡᠶᠢᠯᠡᠭᠦᠯᠬᠦ᠂ ᠮᠡᠷᠭᠡᠵᠢᠯ ᠢ | ᠬᠤᠷᠠᠮᠳᠤᠭᠤᠯᠬᠤ᠂ ᠵᠠᠭᠪᠤᠷ ᠤᠨ ᠰᠢᠨ᠎ᠡ ᠶᠢ ᠡᠭᠦᠳᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ 300 ᠲᠦᠮᠡᠨ ᠮᠦ ᠠᠴᠠ ᠳᠡᠭᠡᠭᠰᠢ ᠬᠡᠷᠡᠭᠵᠢᠭᠦᠯᠬᠦ ᠪᠠᠷ ᠴᠢᠷᠮᠠᠶᠢᠵᠤ᠂ ︽ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ | ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ + ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ︾ ᠤ ᠰᠢᠨ᠎ᠡ ᠵᠠᠭᠪᠤᠷ ᠢ 1000 ᠲᠦᠮᠡᠨ ᠮᠦ ᠠᠴᠠ ᠳᠡᠭᠡᠭᠰᠢ | ᠬᠡᠷᠡᠭᠵᠢᠭᠦᠯᠵᠦ᠂ 5 ᠵᠠᠭᠤᠨ ᠲᠦᠮᠡᠨ ᠮᠦ᠂ 3 ᠠᠷᠪᠠᠨ ᠲᠦᠮᠡᠨ ᠮᠦ᠂ ᠡᠳᠦᠢ ᠲᠡᠳᠦᠢ ᠲᠦᠮᠡᠨ ᠮᠦ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠤᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 200 ᠳ᠋ᠦᠩᠰᠢᠭᠤᠷ ᠵᠢᠩ ᠠᠴᠠ ᠳᠠᠪᠠᠭᠤᠯᠬᠤ ᠪᠠᠷ ᠴᠢᠷᠮᠠᠶᠢᠨ᠎ᠠ᠃ | ︽ᠪᠦᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ︾ ᠶᠢ ᠲᠦᠷᠭᠡᠳᠬᠡᠨ ᠪᠠᠶᠢᠭᠤᠯᠵᠤ᠂ ︽ᠬᠡᠪ ᠤᠨ ᠪᠤᠰᠣ︾ | ᠰᠡᠳᠬᠢᠴᠡ ᠪᠠᠨ ᠭᠤᠶᠢᠪᠢᠰᠢ ᠦᠭᠡᠢ ᠪᠠᠷᠢᠮᠲᠠᠯᠠᠵᠤ᠂ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ᠂ ᠲᠤᠭᠠᠴᠢᠯᠠᠬᠤ᠂ ᠨᠡᠷᠡᠲᠦ ᠲᠡᠮᠳᠡᠭᠵᠢᠭᠦᠯᠬᠦ ᠲᠣᠭᠤᠷᠢᠨ ᠳᠤ᠂ | ︽ᠡᠳ᠋ᠰᠢᠭᠦᠯᠵᠦ ᠪᠣᠷᠣᠯᠠᠭᠤᠯᠬᠤ ᠳᠠᠭᠠᠭᠤᠯᠤᠭᠴᠢ ᠠᠵᠤ ᠠᠬᠤᠶᠢᠯᠠᠯ + ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ + ᠲᠡᠵᠢᠭᠡᠨ ᠦᠷᠡᠵᠢᠭᠦᠯᠬᠦ ᠡᠷᠦᠬᠡ︾ ᠶᠢᠨ | ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠳ᠋ᠠᠶᠢᠲ᠋ᠠ ᠶᠢᠨ ᠬᠡᠯᠬᠢᠶ᠎ᠡ᠂ ᠮᠥᠩᠭᠦᠨ ᠭᠦᠢᠯᠭᠡᠭᠡᠨ ᠤ ᠬᠡᠯᠬᠢᠶ᠎ᠡ᠂ ᠦᠢᠯᠡᠴᠢᠯᠡᠭᠡᠨ ᠤ ᠬᠡᠯᠬᠢᠶ᠎ᠡ ᠶᠢᠨ ︽ᠭᠤᠷᠪᠠᠨ | ᠬᠡᠯᠬᠢᠶ᠎ᠡ ᠶᠢ ᠠᠭᠤᠰᠤᠯᠴᠠᠭᠤᠯᠬᠤ︾ ᠲᠤᠯᠭᠠᠭᠤᠷᠢᠯᠠᠬᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ | ᠡᠳ᠋ᠰᠢᠭᠦᠯᠦᠨ ᠪᠣᠷᠣᠯᠠᠭᠤᠯᠬᠤ ᠬᠥᠲᠥᠴᠢ ᠠᠵᠤ ᠠᠬᠤᠶᠢᠯᠠᠯ ᠢ 30 ᠡᠷᠦᠬᠡ ᠠᠴᠠ ᠳᠡᠭᠡᠭᠰᠢ ᠣᠷᠣᠭᠤᠯᠤᠨ ᠪᠣᠶᠢᠵᠢᠭᠤᠯᠵᠤ᠂ 30 ᠠᠰᠢᠭ ᠲᠤᠰᠠ ᠶᠢᠨ | ᠬᠤᠯᠪᠣᠯᠳᠤᠭᠰᠠᠨ ᠬᠡᠯᠬᠢᠶ᠎ᠡ ᠶᠢ ᠪᠣᠶ ᠪᠣᠯᠭᠠᠵᠤ᠂ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ ᠢ 50 ᠡᠷᠦᠬᠡ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ | ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠢ 100᠂ ᠵᠢᠱᠢᠶ᠎ᠡ ᠦᠵᠡᠭᠦᠯᠬᠦ ᠲᠠᠯᠠᠪᠠᠶ ᠡᠷᠦᠬᠡ ᠶᠢ 1000 ᠡᠷᠦᠬᠡ ᠠᠴᠠ ᠳᠡᠭᠡᠭᠰᠢ ᠳᠠᠶᠢᠴᠢᠯᠠᠨ᠂ ᠦᠬᠡᠷ ᠤᠨ | ᠮᠢᠬᠠᠨ ᠤ ᠲᠣᠮᠣ ᠲᠠᠩ ᠪᠦᠲᠦᠭᠡᠭᠳᠡᠬᠦᠨ ᠢ 10 ᠠᠴᠠ ᠳᠡᠭᠡᠭᠰᠢ ᠪᠣᠶᠢᠵᠢᠭᠤᠯᠵᠤ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ | ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠣᠨᠴᠠᠯᠢᠭᠲᠤ ᠮᠠᠯ ᠲᠠᠷᠢᠶᠠᠯᠠᠩ ᠤᠨ ᠠᠵᠤ ᠠᠬᠤᠢ ᠶᠢ ᠬᠥᠭᠵᠢᠭᠦᠯᠬᠦ | ᠶᠠᠪᠤᠳᠠᠯ ᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠲᠦᠬᠦᠬᠡᠷᠦᠮᠵᠢᠳᠦ ᠲᠠᠷᠢᠶᠠᠯᠠᠩ᠂ ᠣᠨᠴᠠᠯᠢᠭᠲᠤ | ᠳᠠᠷᠢᠵᠤ ᠲᠡᠵᠢᠭᠡᠬᠦ ᠦᠢᠯᠡᠰ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠦᠬᠦᠬᠡᠷᠦᠮᠵᠢᠳᠦ ᠲᠠᠷᠢᠶᠠᠯᠠᠩ ᠢ 1600 ᠮᠦ ᠠᠴᠠ ᠳᠡᠭᠡᠭᠰᠢ | ᠰᠢᠨ᠎ᠡ ᠪᠠᠷ ᠪᠠᠶᠢᠭᠤᠯᠵᠤ᠂ ᠲᠦᠬᠦᠬᠡᠷᠦᠮᠵᠢᠳᠦ ᠲᠠᠷᠢᠶᠠᠯᠠᠩ ᠤᠨ ᠰᠣᠳᠣᠨ ᠪᠦᠲᠦᠭᠡᠭᠳᠡᠬᠦᠨ ᠤ ᠬᠦᠷᠢᠶᠡᠯᠡᠩ ᠲᠣᠭᠤᠷᠢᠭ ᠢ 3 ᠪᠠᠶᠢᠭᠤᠯᠵᠤ᠂ ᠬᠠᠳᠠᠭᠠᠭᠰᠠᠨ ᠣᠯᠠᠭᠠᠨ | ᠯᠠᠵᠤᠤ᠂ ᠠᠮᠲᠠᠲᠤ ᠲᠥᠮᠥᠰᠥ᠂ ᠰᠠᠭᠠᠭ ᠵᠡᠷᠭᠡ ᠣᠨᠴᠠᠯᠢᠭᠲᠤ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠠᠯᠠᠰᠢᠨ ᠬᠤᠨᠢ᠂ ᠢᠳᠡᠰᠢᠨ ᠲᠠᠬᠢᠶ᠎ᠠ ᠵᠡᠷᠭᠡ ᠤᠨᠴᠠᠯᠢᠭᠲᠤ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠲᠠᠳ ︵ᠮᠣᠩᠭᠤᠯ | ︶ ᠡᠮ ᠤᠨ ᠮᠠᠲ᠋ᠧᠷᠢᠶᠠᠯ᠂ ᠢᠳᠡᠰᠢᠨ ᠨᠣᠭᠤᠭ᠎ᠠ᠂ ᠭᠤᠸ᠎ᠠ ᠵᠢᠮᠢᠰ ᠵᠡᠷᠭᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠭᠵᠢᠭᠦᠯᠦᠨ᠎ᠡ᠃ ᠲᠠᠷᠢᠶᠠᠯᠠᠩ ᠤᠨ ᠲᠤᠰᠠᠯᠠᠬᠤ | ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠣᠨᠴᠠᠯᠢᠭᠲᠤ ᠡᠳ᠋ᠰᠢᠭᠦᠯᠬᠦ | ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠤᠨ᠂ ︽ | ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ︾ ᠤ ᠨᠠᠷᠠᠲᠤ ᠱᠣᠰᠢᠭ᠎ᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠨᠥᠭᠡᠴᠡᠯᠡᠵᠦ ᠪᠠᠲᠤᠯᠠᠬᠤ ᠴᠢᠳᠠᠪᠤᠷᠢ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠨᠡᠩ ᠶᠡᠭᠡ ᠡᠭᠦᠷᠭᠡᠯᠡᠯ ᠢᠶᠠᠨ ᠢᠯᠡᠷᠡᠭᠦᠯᠬᠦ ᠪᠠᠷ ᠴᠢᠷᠮᠠᠶᠢᠨ᠎ᠠ᠃ | ︽ᠠᠵᠤ ᠦᠢᠯᠡᠳᠪᠦᠷᠢ ᠶᠢ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢᠨ | ᠭᠤᠣᠯᠳᠠᠯᠭ᠎ᠠ ᠲᠠᠢ ᠲᠦᠷᠦᠯ ᠵᠦᠢᠯ ᠢ 140 ᠠᠴᠠ ᠳᠡᠭᠡᠭᠰᠢ ᠨᠡᠭᠡᠭᠡᠨ ᠬᠥᠭᠵᠢᠭᠦᠯᠵᠦ᠂ 60 ᠠᠴᠠ ᠳᠡᠭᠡᠭᠰᠢ ᠪᠦᠲᠦᠭᠡᠨ ᠪᠠᠶᠢᠭᠤᠯᠵᠤ ᠠᠰᠢᠭᠯᠠᠯᠲᠠ ᠳᠤ | ᠣᠷᠣᠭᠤᠯᠵᠤ᠂ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 30 ᠰᠢᠨ᠎ᠡ ᠨᠡᠮᠡᠭᠳᠡᠭᠦᠯᠦᠨ᠎ᠡ᠃ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭ᠎ᠠ᠂ ᠺᠠᠩ ᠬᠤᠩ ᠬᠦᠩᠭᠡᠨᠴᠠᠭᠠᠨ ᠤ ᠢᠰᠦᠯ ᠵᠡᠷᠭᠡ ᠰᠤᠨᠤᠮᠠᠯ | ᠬᠡᠯᠬᠢᠶᠡᠲᠦ ᠴᠢᠩᠭ᠎ᠠ ᠬᠡᠯᠬᠢᠶᠡᠲᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠠᠨᠦᠮᠧᠲᠷ ᠤᠨ ᠬᠦᠩᠭᠡᠨᠴᠠᠭᠠᠨ ᠤ ᠮᠥᠩᠭᠦᠨ ᠡᠭᠡᠳᠡᠩ᠂ | ᠳ᠋ᠢᠶᠠᠨ ᡂᠢ ᠴᠠᠭᠠᠰᠤ᠂ ᠮᠠᠰᠢᠨ ᠲᠡᠷᠭᠡᠨ ᠤ ᠬᠥᠩᠭᠡᠨ ᠬᠡᠮᠵᠢᠶᠡᠵᠢᠭᠦᠯᠦᠭᠰᠡᠨ ᠰᠡᠯᠪᠢᠭ ᠲᠣᠨᠤᠭ ᠵᠡᠷᠭᠡ ᠲᠦᠷᠦᠯ ᠵᠦᠢᠯ ᠤᠨ ᠭᠠᠷᠤᠯᠲᠠ ᠶᠢ ᠲᠣᠭᠲᠠᠪᠤᠷᠢᠵᠢᠭᠤᠯᠤᠨ | ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠬᠦᠩᠭᠡᠨᠴᠠᠭᠠᠨ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠢ | ᠮᠢᠩᠭᠠᠨ ᠳ᠋ᠦᠩᠰᠢᠭᠤᠷ ᠲᠥᠭᠦᠷᠢᠭ ᠤᠨ ᠳᠠᠪᠠᠭᠤᠯᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠲᠡᠮᠦᠷ ᠤᠨ ᠬᠠᠶᠢᠯᠤᠰᠢ ᠵᠢᠴᠢ ᠵᠢᠪᠡᠷᠡᠬᠦ ᠦᠭᠡᠢ ᠪᠣᠯᠣᠳ ᠤᠨ | ᠭᠤᠤᠯᠯᠠᠬᠴᠢ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢᠨ ᠤᠷᠠᠯᠠᠯ ᠢ ᠲᠠᠰ ᠳᠡᠪᠰᠢᠭᠦᠯᠬᠦ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠲᠦᠴᠡ ᠶᠢ | ᠰᠢᠯᠢᠳᠡᠭᠵᠢᠭᠦᠯᠦᠨ᠂ ᠦᠢᠯᠡᠳᠪᠦᠷᠢᠯᠡᠬᠦ ᠴᠢᠳᠠᠪᠤᠷᠢ ᠶᠢ ᠲᠣᠭᠲᠠᠭᠤᠨ ᠢᠶᠠᠷ ᠪᠠᠳᠠᠷᠠᠭᠤᠯᠵᠦ᠂ ᠵᠢᠪᠡᠷᠡᠬᠦ ᠦᠭᠡᠢ ᠪᠣᠯᠣᠳ ᠢ ᠬᠦᠢᠲᠡᠨ ᠢᠶᠠᠷ ᠬᠡᠪᠰᠢᠭᠦᠯᠬᠦ᠂ ᠦᠢᠯᠡᠳᠬᠦᠨ | ᠵᠡᠷᠭᠡ ᠳᠣᠣᠷᠠᠳᠤ ᠤᠷᠤᠰᠬᠠᠯ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠨᠢᠺᠧᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠡᠯᠬᠢᠶᠡᠵᠢᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠵᠥᠩ ᠪᠦᠸᠧ ᠶᠢᠨ ᠬᠡᠷᠡᠯ ᠸᠣᠯᠲ ᠤᠨ ᠰᠢᠯ᠂ ᠱᠧᠩ ᠪᠦᠦ ᠰᠢᠯ ᠤᠨ | ᠪᠦᠲᠦᠭᠡᠭᠳᠡᠬᠦᠨ᠂ ᠰᠢᠩ ᠬᠥ᠋ ᠨᠢᠭᠡᠳᠦᠭᠡᠷ ᠬᠤᠭᠤᠴᠠᠭᠠᠨ ᠤ ᠡᠨᠧᠷᠭᠢ ᠶᠢᠨ ᠦᠷᠭᠡᠳᠭᠡᠯ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠬᠦᠴᠦᠯᠡᠨ ᠠᠬᠢᠭᠤᠯᠵᠤ᠂ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠨᠡᠮᠡᠯᠲᠡ | ᠥᠷᠲᠡᠭ ᠢ ᠳᠡᠭᠡᠭᠰᠢᠯᠡᠭᠦᠯᠦᠨ᠎ᠡ᠃ ᠮᠧᠶ ᠬᠤᠸᠠ ᠰᠷᠸᠤ᠋ ᠰᠢᠪᠲᠦᠷᠲᠦ ᠬᠦᠴᠢᠯ᠂ ᠢᠦᠢ ᠸᠠᠩ ᠯᠠᠶᠢᠰᠢᠨ ᠠᠮᠢᠨᠤ᠋ ᠬᠦᠴᠢᠯ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ | ᠡᠷᠳᠡᠨᠢ ᠰᠢᠰᠢ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠬᠤᠯᠬᠤᠪᠴᠢ᠂ ᠤᠳᠠᠭᠠᠰᠢᠷᠠᠭᠤᠯᠬᠤ ᠮᠠᠰᠢᠨ ᠤ ᠳᠠᠪᠲᠠᠮᠠᠯ | ᠲᠣᠨᠤᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠵᠤ᠂ ᠬᠡᠷᠡᠭᠯᠡᠭᠡᠨ ᠠᠴᠠ ᠭᠠᠷᠤᠬᠰᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢ ᠡᠷᠭᠢᠯᠳᠦᠭᠦᠯᠦᠨ | ᠠᠰᠢᠭᠯᠠᠬᠤ ᠠᠵᠤ ᠦᠢᠯᠡᠰ ᠢ ᠪᠠᠶᠢᠷᠢᠰᠢᠭᠤᠯᠤᠨ᠎ᠠ᠃ ᠪᠣᠬᠢᠷᠳᠣᠯ ᠦᠭᠡᠢ ᠡᠨᠧᠷᠭᠢ ᠶᠢᠨ ᠳᠠᠪᠠᠭᠤᠯᠢᠭ ᠢ ᠪᠠᠳᠠᠷᠠᠭᠤᠯᠤᠨ ᠪᠣᠬᠢᠷᠲᠤᠯ ᠦᠭᠡᠢ ᠤᠰᠤᠲᠥ᠋ᠷᠥᠭᠴᠢ | ᠰᠢᠪᠲᠦᠷᠲᠦ ᠠᠯᠺᠣᠣᠯ ᠤᠨ ᠠᠵᠤ ᠦᠢᠯᠡᠰ ᠢ ᠪᠣᠶᠢᠵᠢᠭᠤᠯᠵᠤ᠂ ᠵᠠᠭᠤᠨ ᠲᠦᠮᠡᠨ ᠲᠣᠨ ᠤ ᠲᠠᠰ ᠤᠨ ᠤᠰᠤᠲᠥ᠋ᠷᠥᠭᠴᠢ ᠪᠠᠷ ᠰᠠᠭᠤᠷᠢ ᠪᠣᠯᠭᠠᠭᠰᠠᠨ ᠡᠨᠧᠷᠭᠢ ᠶᠢᠨ | ᠠᠵᠤ ᠦᠢᠯᠡᠰ ᠤᠨ ᠰᠦᠷᠦᠭᠵᠢᠯ ᠢ ᠲᠥᠯᠥᠪᠵᠢᠭᠦᠯᠦᠨ ᠪᠠᠶᠢᠭᠤᠯᠤᠨ᠎ᠠ᠃ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠵᠤ᠂ ᠬᠤᠷᠴᠢᠨ ᠲᠣᠭᠤᠷᠢᠭ ᠤᠨ ᠳᠣᠣᠷ᠎ᠠ ᠣᠭᠲᠠᠷᠭᠤᠢ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠳᠣᠣᠷ᠎ᠠ ᠣᠭᠲᠠᠷᠭᠤᠢ ᠶᠢᠨ ᠵᠤᠭᠠᠴᠠᠨ ᠲᠣᠭᠤᠷᠢᠬᠤ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠷ ᠪᠠᠶᠢᠷᠢᠰᠢᠭᠤᠯᠵᠤ᠂ ᠢᠷᠡᠭᠡᠳᠦᠢ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠰᠢ ᠠᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ | ᠲᠦᠩᠯᠢᠶᠣᠣ ᠶᠢᠨ ᠤᠬᠠᠭᠳᠠᠬᠤᠨ ᠤ ᠰᠢᠯᠭᠠᠨ ᠪᠠᠲᠤᠯᠠᠬᠤ ᠲᠥᠪ ᠢ ᠪᠦᠲᠦᠭᠡᠨ ᠪᠠᠶᠢᠭᠤᠯᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠪᠠ | ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠯᠠᠢ ᠸᠧᠢ ᠪᠤᠬᠢᠷᠲᠤᠯ ᠦᠭᠡᠢ ᠨᠡᠭᠦᠷᠡᠰᠦᠲᠥ᠋ᠷᠥᠭᠴᠢᠲᠦ ᠨᠠᠨᠤᠮᠧᠲᠷ ᠤᠨ ᠬᠤᠭᠤᠯᠠᠢ ᠶᠢᠨ ᠲᠦᠷᠦᠯ | ᠵᠦᠢᠯ ᠢ ᠪᠣᠲᠠᠲᠠᠶᠢᠵᠢᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢᠲᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ | ᠠᠭᠤᠷᠬᠠᠢ ᠶᠢᠨ ᠦᠢᠯᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠲᠠᠯ᠎ᠠ ᠪᠠᠷ ᠰᠢᠪᠲᠤᠯᠤᠯᠲᠠ ᠭᠠᠷᠭᠠᠬᠤ | ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠠᠶᠢᠭᠠᠯᠢ ᠶᠢᠨ ᠬᠤᠵᠢᠷ᠂ ᠬᠤᠪᠣᠷ ᠰᠢᠷᠣᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ | ᠲᠦᠷᠭᠡᠳᠬᠡᠨ᠂ ᠨᠠᠢᠮᠠᠨ ᠤ ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠡᠬᠢ ᠪᠠᠶᠠᠯᠢᠭ ᠤᠨ | ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ | | ᠦᠢᠯᠡᠴᠢᠯᠡᠭᠡᠨ ᠤ ᠦᠢᠯᠡᠰ ᠤᠨ ᠲᠥᠪᠯᠡᠷᠡᠩᠭᠦᠢ ᠪᠤᠭᠤᠮᠳᠠ ᠰᠢᠪᠳᠤᠯᠠᠬᠤ ᠶᠢ ᠭᠦᠨᠵᠡᠭᠡᠶᠢᠷᠡᠭᠦᠯᠦᠨ᠎ᠡ᠃ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ | ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ 191 ᠭᠤᠣᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠭᠦᠯᠵᠦ᠂ | ᠬᠡᠪᠴᠢᠶᠡᠵᠢᠯ ᠠᠴᠠ ᠲᠡᠭᠡᠭᠰᠢᠬᠢ ᠬᠢᠵᠠᠭᠠᠷᠳᠦ ᠨᠤᠷᠮ᠎ᠠ ᠠᠴᠠ ᠲᠡᠭᠡᠭᠰᠢᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 120 ᠡᠷᠦᠭᠡ ᠠᠴᠠ ᠳᠡᠭᠡᠭᠰᠢ | ᠰᠢᠨ᠎ᠡ ᠨᠡᠮᠡᠭᠳᠡᠭᠦᠯᠦᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ᠂ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠭᠤᠣᠯ ᠬᠦᠢᠰᠦ᠂ ᠤᠯᠤᠰ ᠤᠨ | ᠭᠤᠤᠯᠯᠠᠬᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠰᠦᠪᠡᠭᠴᠢᠯᠡᠨ ᠠᠬᠢᠭᠤᠯᠵᠤ᠂ | ᠵᠠᠮ ᠤᠨ ᠬᠠᠵᠠᠭᠤ ᠶᠢᠨ ᠠᠵᠤ ᠠᠬᠤᠢ ᠶᠢ ᠬᠥᠭᠵᠢᠭᠦᠯᠦᠨ᠎ᠡ᠃ ᠮᠥᠩᠭᠦᠨ ᠭᠦᠢᠯᠭᠡᠭᠡᠨ ᠢᠶᠠᠷ ᠭᠤᠣᠯᠯᠠᠬᠤ ᠠᠵᠤ ᠦᠢᠯᠡᠰ᠂ ᠪᠣᠳᠠᠲᠤ ᠠᠵᠤ ᠠᠬᠤᠢ ᠳᠤ ᠡᠨᠧᠷᠭᠢ | ᠣᠯᠭᠤᠬᠤ ᠶᠢ ᠠᠬᠢᠭᠤᠯᠵᠤ᠂ ᠠᠯᠠᠰᠢᠨ ᠦᠬᠡᠷ ᠵᠡᠷᠭᠡ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠢ ᠠᠮᠢᠳᠤᠯᠢᠭ ᠪᠣᠯᠭᠠᠵᠤ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠵᠢᠭᠡᠯᠡᠯᠭᠡ ᠶᠢ ᠲᠣᠰ ᠲᠣᠰ 15% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ᠰᠠᠯᠬᠢᠨ ᠬᠦᠴᠦᠨ ᠤ ᠮᠠᠰᠢᠨ ᠤ ᠢᠯᠲᠠᠰᠤ᠂ ᠡᠨᠧᠷᠭᠢ ᠬᠠᠳᠠᠭᠠᠯᠠᠬᠤ ᠳ᠋ᠢᠶᠠᠨ ᡂᠢ ᠵᠡᠷᠭᠡ ᠬᠦᠷᠢᠶ᠎ᠡ ᠴᠠᠷᠠᠭ᠎ᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢ ᠢᠳᠡᠪᠬᠢᠲᠡᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠰᠢᠨ᠎ᠡ ᠡᠨᠧᠷᠭᠢ ᠶᠢᠨ ᠠᠵᠢᠯᠯᠠᠭᠤᠯᠵᠤ ᠪᠠᠲᠤᠯᠠᠬᠤ ᠦᠢᠯᠡᠰ ᠢ ᠬᠥᠭᠵᠢᠭᠦᠯᠦᠨ᠎ᠡ | ᠃ ᠮᠠᠯ ᠲᠠᠷᠢᠶᠠᠯᠠᠩ ᠤᠨ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠵᠢᠯ ᠤᠨ ᠡᠵᠡᠩᠨᠡᠯᠲᠡ ᠶᠢᠨ ᠣᠷᠣᠯᠭ᠎ᠠ ᠨᠢ | ᠮᠢᠩᠭᠠᠨ ᠲᠦᠮᠡᠨ ᠲᠥᠭᠦᠷᠢᠭ ᠢ ᠳᠠᠪᠠᠭᠰᠠᠨ 15 ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠠᠢᠮᠠᠨ ᠬᠤᠰᠢᠭᠤᠨ ᠤ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠰᠠᠶᠢᠲᠤᠷ ᠠᠳᠬᠤᠨ᠎ᠠ᠃ ︽ᠨᠠᠰᠤᠵᠢᠯ ᠤᠨ ᠠᠰᠠᠷᠠᠮᠵᠢ +︾ | ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ᠂ ᠵᠢᠭᠤᠯᠴᠢᠯᠠᠨ ᠰᠠᠭᠤᠬᠤ ᠨᠠᠰᠤᠵᠢᠯ ᠤᠨ | ᠠᠰᠠᠷᠠᠮᠵᠢ ᠭᠥᠷᠳᠡᠬᠦ ᠵᠡᠷᠭᠡ ᠣᠨᠴᠠᠯᠢᠭᠲᠤ ᠦᠢᠯᠡᠴᠢᠯᠡᠭᠡ ᠶᠢ ᠪᠠᠶᠠᠯᠢᠭᠵᠢᠭᠤᠯᠤᠨ᠎ᠠ᠃ 108 ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ ᠢ | ᠡᠬᠢᠯᠡᠭᠦᠯᠦᠨ ᠰᠡᠷᠭᠦᠭᠡᠵᠦ᠂ 150 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢ ᠪᠡᠶᠡᠯᠡᠭᠦᠯᠵᠦ᠂ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠦᠢᠯᠡᠰ ᠤᠨ ᠲᠣᠭᠲᠠᠭᠤᠨ ᠢᠶᠠᠷ ᠳᠡᠭᠡᠭᠰᠢᠯᠡᠬᠦ ᠪᠠ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ 3 ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠶᠤᠸᠠᠢ ᠯᠠᠢ ᠾᠧ ᠰᠣᠶᠣᠯ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠦᠩᠭᠦᠨ ᠲᠤᠬᠤᠢ ᠶᠢᠨ 5A | ᠳᠡᠰ ᠤᠨ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠠᠭᠤᠰᠤᠯᠴᠠᠬᠤ ᠣᠨᠣᠯᠵᠢᠬᠤᠨ ᠢᠶᠠᠷ ᠪᠠᠷᠠᠭᠤᠨ ᠯᠢᠶᠣᠤ ᠾᠧ ᠭᠤᠣᠯ ᠤᠨ | ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ︽ᠪᠠᠷᠠᠭᠤᠨ ᠯᠢᠶᠣᠤ ᠾᠧ ᠭᠤᠣᠯ ᠤᠨ ᠮᠥᠰᠥ ᠴᠠᠰᠤᠨ ᠤ ᠶᠡᠭᠡ ᠶᠢᠷᠲᠢᠨᠴᠦ︾ ᠵᠡᠷᠭᠡ | ᠮᠥᠰᠥ ᠴᠠᠰᠤᠨ ᠤ ᠵᠢᠭᠤᠯᠴᠢᠯᠠᠯ ᠤᠨ IP ᠶᠢ ᠴᠣᠭᠴᠠᠯᠠᠨ ᠪᠠᠶᠢᠭᠤᠯᠵᠤ᠂ ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠶᠡᠭᠡ ᠵᠠᠮ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ︵ᠭᠤᠷᠪᠠ︶ ᠬᠦᠴᠢᠷᠳᠡᠯ ᠢ ᠢᠯᠠᠨ ᠳᠠᠪᠠᠵᠤ ᠰᠢᠨ᠎ᠡ ᠪᠠᠶᠢᠳᠠᠯ ᠢ ᠡᠭᠦᠳᠬᠦ ᠪᠠᠷ ᠭᠤᠣᠯᠳᠠᠭᠤᠯᠵᠤ᠂ ᠰᠢᠨ᠎ᠡ ᠶᠢ ᠡᠭᠦᠳᠬᠦ ᠪᠠᠷ ᠥᠭᠡᠷᠡᠴᠢᠯᠡᠯᠲᠡ ᠶᠢᠨ ᠴᠢᠳᠠᠪᠤᠷᠢ | ᠣᠯᠭᠤᠬᠤ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠨ᠎ᠡ᠃ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠬᠤ᠂ ᠰᠢᠨ᠎ᠡ ᠶᠢ ᠡᠭᠦᠳᠬᠦ ᠪᠠᠷ ᠲᠤᠯᠭᠠᠭᠤᠷᠢᠯᠠᠬᠤ᠂ ᠨᠡᠭᠡᠭᠡᠯᠲᠡ ᠪᠠᠷ ᠣᠷᠣᠨ ᠵᠠᠢ ᠶᠢ ᠥᠷᠭᠡᠳᠬᠡᠬᠦ ᠶᠢ | ᠪᠠᠷᠢᠮᠲᠠᠯᠠᠵᠤ᠂ ᠨᠡᠩ ᠰᠢᠯᠢᠳᠡᠭ ᠣᠷᠴᠢᠨ ᠲᠣᠭᠤᠷᠢᠨ ᠢᠶᠠᠷ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠡᠬᠢ ᠪᠠᠶᠠᠯᠢᠭ ᠢ | ᠢᠯᠭᠠᠷᠠᠭᠤᠯᠤᠨ ᠪᠠᠶᠢᠴᠠᠭᠠᠬᠤ ᠪᠠ ᠠᠮᠢᠳᠤᠯᠢᠭ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠷ | ᠬᠤᠲᠠ ᠶᠢᠨ ᠬᠠᠷᠢᠶ᠎ᠠ ᠶᠢᠨ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠬᠤᠬᠢᠷᠠᠯ ᠢ ᠪᠠᠭᠠᠰᠬᠠᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠭ᠎ᠠ᠂ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠬᠠᠤᠯᠢ ᠲᠣᠭᠲᠠᠭᠠᠯ | ᠶᠣᠰᠣᠭᠠᠷ ᠲᠥᠯᠥᠵᠦ ᠳᠠᠭᠤᠰᠬᠠᠨ᠂ ᠠᠷᠠᠳ ᠤᠨ ᠡᠵᠡᠩᠨᠡᠯᠲᠠ ᠶᠢᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠣᠯᠢ ᠶᠤᠰᠤᠨ ᠤ ᠡᠷᠬᠡ ᠠᠰᠢᠭ ᠢ | ᠬᠠᠮᠠᠭᠠᠯᠠᠨ᠎ᠠ᠃ ᠬᠤᠳᠠ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠡᠭ ᠰᠠᠭᠤᠷᠢ ᠶᠢᠨ | ᠲᠥᠰᠥᠪ ᠤᠨ ᠥᠭᠡᠷᠡᠴᠢᠯᠡᠯᠲᠡ ᠶᠢ ᠡᠬᠢᠯᠡᠭᠦᠯᠵᠦ᠂ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠤᠯᠠᠨ ᠡᠰᠢᠲᠦ | ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ ᠶᠢ ᠬᠥᠭᠵᠢᠭᠦᠯᠵᠦ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ | ᠲᠡᠮᠵᠢᠨ᠎ᠡ᠃ ᠳᠠᠭᠠᠭᠠᠴᠢᠯᠠᠯᠲᠠ ᠶᠢᠨ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ | ᠡᠭᠡᠯᠵᠢ ᠶᠢᠨ ᠭᠠᠵᠠᠷ ᠰᠢᠷᠣᠢ ᠪᠠ ᠬᠠᠳᠤᠯᠠᠩ ᠪᠡᠯᠴᠢᠭᠡᠷ ᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠶᠢᠨ ᠴᠡᠭ ᠢ ᠯᠠᠪᠳᠠᠭᠤᠨ ᠠᠬᠢᠭᠤᠯᠤᠨ᠎ᠠ᠃ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠰᠢᠯᠢᠳᠡᠭ ᠪᠥᠭᠡᠳ ᠲᠡᠩᠴᠡᠭᠦᠷᠢᠲᠡᠢ | ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ︽ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠎ᠠ᠃ ᠪᠠᠶᠢᠭᠠᠯᠢ ᠶᠢᠨ | ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠤᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠲᠦᠯᠬᠢᠨ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ | ᠵᠠᠶᠢᠯᠠᠰᠢ ᠦᠭᠡᠢ ᠨᠡᠮᠡᠭᠳᠡᠯ ᠢ ᠪᠠᠲᠤᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠩᠨᠠᠬᠤ ᠲᠣᠭᠲᠠᠴᠠ ᠶᠢ ᠰᠢᠯᠢᠳᠡᠭᠵᠢᠭᠦᠯᠦᠨ᠂ | ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ 20% ᠠᠴᠠ ᠲᠡᠭᠡᠭᠡᠰᠢ ᠨᠡᠮᠡᠭᠳᠡᠬᠦ ᠶᠢ ᠦᠨᠡᠨᠬᠦ ᠪᠠᠲᠤᠯᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠤᠣᠰ ᠴᠢᠭᠯᠡᠯ ᠤᠨ ᠨᠢᠰᠦᠭᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠯᠠᠬᠴᠢ ᠠᠵᠤ ᠠᠬᠤᠶᠢᠯᠠᠯ ᠤᠨ | ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 10 ᠠᠴᠠ ᠳᠡᠭᠡᠭᠰᠢ ᠪᠠᠶᠢᠭᠤᠯᠬᠤ ᠶᠢ ᠳᠡᠮᠵᠢᠵᠦ᠂ ᠥᠨᠳᠥᠷ ᠡᠨᠧᠷᠭᠢ ᠶᠢᠨ ᠲᠠᠰ ᠤᠨ ᠰᠢᠨ᠎ᠡ ᠶᠢ | ᠡᠭᠦᠳᠬᠦ ᠲᠠᠪᠴᠠᠩ ᠢ ᠪᠣᠶᠢᠵᠢᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠲᠠᠬᠢᠨ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ 20% ᠠᠴᠠ ᠳᠡᠭᠡᠭᠰᠢ ᠨᠡᠮᠡᠭᠳᠡᠬᠦ ᠶᠢ | ᠦᠨᠡᠨᠬᠦ ᠪᠠᠲᠤᠯᠠᠨ᠎ᠠ᠃ ︽ᠴᠢᠳᠠᠪᠤᠷᠢᠲᠠᠨ ᠢᠶᠠᠷ ᠥᠪᠦᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠤᠶᠠᠨ ᠬᠠᠳᠠᠨ ᠢᠶᠠᠷ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ᠂ ᠣᠯᠠᠨ ᠡᠰᠢᠲᠦ ᠡᠨᠧᠷᠭᠢ ᠬᠠᠳᠠᠭᠠᠯᠠᠬᠤ᠂ ᠬᠢᠲᠠᠳ ︵ᠮᠣᠩᠭᠤᠯ︶ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ | ᠰᠢᠪᠲᠤᠯᠤᠯᠲᠠ ᠶᠢᠨ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 50 ᠠᠴᠠ ᠳᠡᠭᠡᠭᠰᠢ ᠲᠡᠮᠳᠡᠭᠯᠡᠨ᠎ᠡ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠢ ᠶᠡᠭᠡ | ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠶᠢᠨ ᠲᠤᠭ᠎ᠠ ᠶᠢ 20% ᠠᠴᠠ ᠳᠡᠭᠡᠭᠰᠢ | ᠨᠡᠮᠡᠭᠳᠡᠭᠦᠯᠬᠦ ᠶᠢ ᠳᠠᠶᠢᠴᠢᠯᠠᠨ᠎ᠠ᠃ ︽ᠲᠣᠭᠠᠴᠢᠯᠠᠭᠰᠠᠨ ᠲᠦᠩᠯᠢᠶᠣᠣ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠥᠷ ᠮᠣᠩᠭᠤᠯ ᠤᠨ ᠵᠡᠭᠦᠨ | ᠬᠡᠰᠡᠭ ᠤᠨ ᠪᠣᠬᠢᠷᠲᠤᠯ ᠦᠭᠡᠢ ᠲᠣᠭᠠᠴᠢᠯᠠᠭᠰᠠᠨ ᠣᠶᠤᠨᠲᠤ ᠪᠣᠳᠣᠯᠲᠠ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠦᠲᠦᠭᠡᠨ ᠪᠠᠶᠢᠭᠤᠯᠵᠤ᠂ ︽ᠡᠭᠦᠯᠡᠨᠴᠡᠷ᠂ | ᠰᠦᠯᠵᠢᠶ᠎ᠡ᠂ ᠲᠤᠭ᠎ᠠ᠂ ᠪᠤᠳᠤᠬᠤ︾ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ︽ᠵᠣᠬᠢᠶᠠᠮᠠᠯ ᠣᠶᠤᠨ +︾ ᠠᠵᠢᠯᠯᠠᠭ᠎ᠠ ᠶᠢ | ᠥᠷᠨᠢᠭᠦᠯᠵᠦ᠂ ᠤᠶᠤᠨᠴᠢ ᠲᠠᠷᠢᠶᠠᠯᠠᠩ ᠢ ᠬᠦᠭᠵᠢᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ | ᠣᠷᠣᠨ ᠤ ᠦᠢᠯᠡᠳᠬᠦ ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢ ᠰᠠᠶᠢᠲᠤᠷ ᠠᠳᠬᠤᠵᠤ᠂ ᠦᠢᠯᠡᠴᠢᠯᠡᠭᠡᠨ ᠤ ᠦᠢᠯᠡᠰ ᠤᠨ | ᠲᠣᠭᠠᠴᠢᠯᠠᠯᠲᠠ ᠶᠢᠨ ᠴᠢᠳᠠᠪᠤᠷᠢ ᠤᠯᠬᠤ ᠶᠢ ᠲᠦᠷᠭᠡᠳᠬᠡᠨ᠂ ᠡᠮᠴᠢᠯᠡᠭᠡ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠦᠷᠢᠶᠡᠨ ᠳᠠᠬᠢ ᠲᠣᠭᠠᠴᠢᠯᠠᠯᠲᠠ ᠶᠢᠨ ᠵᠠᠰᠠᠯᠲᠠ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳ᠋ᠠᠶᠢᠲ᠋ᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠳ᠋ᠠᠶᠢᠲ᠋ᠠ ᠶᠢᠨ ᠠᠵᠤ ᠦᠢᠯᠡᠰ ᠢ | ᠬᠥᠭᠵᠢᠭᠦᠯᠦᠨ᠎ᠡ᠃ | ᠭᠠᠳᠠᠭᠰᠢ ᠨᠡᠬᠡᠬᠡᠯᠲᠡ ᠬᠢᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ | ᠥᠷᠨᠢᠭᠦᠯᠵᠦ᠂ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ | ᠬᠠᠮᠲᠤᠪᠠᠷ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠬᠢᠯᠢ ᠳᠠᠭᠠᠤ ᠶᠢᠨ ᠪᠣᠭᠤᠮᠲᠠ ᠪᠣᠯᠣᠨ ᠲᠡᠯᠡᠶ ᠳᠠᠭᠠᠤ ᠶᠢᠨ ᠭᠠᠷᠠᠮ ᠤᠨ ᠬᠤᠲᠠ ᠯᠤᠭ᠎ᠠ ᠶᠢᠨ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠵᠡᠷᠭᠡ ᠨᠡᠭᠡᠭᠡᠯᠲᠡᠲᠤ ᠲᠠᠪᠴᠠᠩ ᠤᠨ ᠴᠢᠳᠠᠪᠤᠷᠢ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠴᠢᠬᠤᠯᠠ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ᠂ ᠣᠨᠴᠠᠯᠢᠭᠲᠤ ᠦᠢᠯᠡᠳᠬᠦᠨ ᠢ ᠭᠠᠳᠠᠭᠠᠳᠤ ᠳᠤ | ᠭᠠᠷᠭᠠᠬᠤ ᠵᠠᠮ ᠢ ᠬᠦᠴᠦᠯᠡᠨ ᠰᠠᠭᠠᠳ ᠦᠭᠡᠢ ᠨᠠᠪᠲᠠᠷᠡᠭᠦᠯᠵᠦ᠂ ᠭᠠᠳᠠᠭᠠᠳᠤ ᠪᠡᠯᠡ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠠᠩ ᠣᠯᠠᠨ ︽ᠪᠡᠭᠡᠵᠢᠩ ᠤᠨ ᠪᠡᠯᠡ ᠮᠦᠩᠭᠦ︾ ︽ᠪᠡᠭᠡᠵᠢᠩ ᠤᠨ | ᠮᠡᠷᠭᠡᠵᠢᠯ︾ ︽ᠪᠡᠭᠡᠵᠢᠩ ᠤᠨ ᠪᠠᠭᠰᠢ︾ ︽ᠪᠡᠭᠡᠵᠢᠩ ᠤᠨ ᠡᠮᠨᠡᠯᠭᠡ︾ ᠶᠢᠨ ᠲᠤᠰᠠᠯᠠᠨ ᠬᠠᠮᠵᠢᠯᠴᠠᠬᠤ ᠶᠢ ᠲᠡᠳᠡᠨ ᠠᠪᠴᠢᠷᠠᠵᠤ᠂ ᠴᠢᠨᠠᠷ ᠰᠠᠶᠢᠲᠠᠢ ᠮᠠᠯ ᠲᠠᠷᠢᠶᠠᠯᠠᠩ | ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠨᠴᠠᠯᠢᠭᠲᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠨᠡᠶᠢᠰᠯᠡᠯ ᠤᠨ ᠵᠠᠬ᠎ᠠ ᠳᠡᠯᠭᠡᠭᠦᠷ ᠢ | ᠰᠠᠨᠠᠭᠠᠴᠢᠯᠠᠭ᠎ᠠ ᠠᠴᠠ ᠪᠠᠨ ᠨᠡᠭᠡᠭᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠤ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠢᠳᠡᠪᠬᠢᠲᠡᠢ ᠪᠠᠷ ᠵᠠᠯᠭᠠᠨ ᠠᠪᠴᠤ᠂ ᠬᠢᠷᠢᠨ ᠤ ᠡᠮᠦᠨ᠎ᠡ ᠬᠡᠰᠡᠭ ᠯᠢᠶᠣᠤᠨᠢᠩ ᠤᠨ ᠬᠤᠶᠢᠨ᠎ᠠ | ᠬᠡᠰᠡᠭ ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠬᠤᠲᠠ ᠶᠢᠨ ᠨᠢᠭᠡ ᠴᠣᠭᠴᠠᠵᠢᠨ ᠬᠠᠮᠵᠢᠯᠴᠠᠨ ᠬᠥᠭᠵᠢᠬᠦ᠂ ᠥᠪᠥᠷ ᠮᠣᠩᠭᠤᠯ ᠾᠧᠪᠧᠢ ᠯᠢᠶᠣᠤᠨᠢᠩ | ᠭᠢᠷᠢᠨ ᠤ ᠰᠤᠶᠤᠯ ᠵᠢᠭᠤᠯᠴᠢᠯᠠᠯ ᠤᠨ ᠬᠤᠯᠪᠣᠭ᠎ᠠ ᠶᠢᠨ ᠬᠠᠮᠲᠤᠷᠠᠯᠴᠠᠬᠤ ᠵᠦᠢᠯᠡᠰ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠤᠯᠠᠭᠠᠨᠬᠠᠳᠠ ᠬᠤᠲᠠ᠂ | ᠬᠢᠩᠭᠠᠨ ᠠᠶᠢᠮᠠᠭ ᠯᠤᠭ᠎ᠠ ᠨᠠᠩ ᠥᠷᠭᠡᠨ ᠬᠦᠷᠢᠶᠡᠨ ᠳᠠᠬᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠᠷ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠶᠢ | ᠪᠠᠬᠢᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠪᠠᠷ ᠨᠢᠭᠡᠳᠦᠭᠡᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ 7 ᠲᠤᠰᠬᠠᠢ ᠵᠦᠢᠯ ᠢᠶᠠᠷ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 7 ᠵᠤᠷᠪᠤᠰ ᠴᠢᠨᠠᠷ ᠰᠠᠶᠢᠲᠠᠢ ᠥᠨᠳᠥᠷ ᠪᠦᠲᠦᠮᠵᠢᠲᠡᠶ | ᠦᠢᠯᠡᠴᠢᠯᠡᠭᠡᠨ ᠤ ᠬᠡᠯᠬᠢᠶ᠎ᠡ ᠶᠢ ᠳᠠᠪᠲᠠᠨ ᠪᠣᠯᠪᠠᠰᠤᠷᠠᠭᠤᠯᠵᠤ᠂ ︽ᠲᠦᠩᠯᠢᠶᠤᠤ ᠳᠤ ᠬᠤᠳᠠᠯᠳᠤᠭ᠎ᠠ ᠡᠵᠡᠩᠨᠡᠨ᠂ ᠤᠶᠢᠷ᠎ᠠ ᠬᠤᠯᠠ ᠪᠠᠷ ᠢᠶᠠᠨ ᠪᠠᠶᠠᠰᠬᠤ︾ ᠨᠠᠷᠠᠲᠤ | ᠱᠣᠰᠢᠭ᠎ᠠ ᠶᠢ ᠪᠣᠶ ᠪᠣᠯᠭᠠᠨ᠎ᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ︾ ᠶᠢᠨ ᠲᠣᠭᠤᠷᠢᠨ ᠳᠤ᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠬᠡᠷᠡᠭᠯᠡᠭᠡᠨ ᠤ ᠲᠠᠯᠠᠪᠤᠷ ᠢ ᠥᠷᠭᠡᠳᠬᠡᠨ ᠲᠠᠰ ᠳᠡᠪᠰᠢᠭᠦᠯᠵᠦ᠂ ︽ᠨᠢᠭᠡ ᠬᠦᠰᠦᠨᠦᠭᠲᠦ ᠪᠠᠷ | ᠨᠢᠭᠡᠳᠦᠯᠲᠡᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ ᠺᠤᠳ᠋ ᠢᠶᠠᠷ ᠨᠡᠶᠢᠳᠡᠮ ᠭᠦᠢᠴᠡᠳᠭᠡᠬᠦ︾ ᠶᠢ ᠰᠦᠪᠡᠭᠴᠢᠯᠡᠨ ᠬᠡᠷᠡᠭᠵᠢᠭᠦᠯᠵᠦ᠂ ︽ | 12345 + ᠲᠣᠥᠷᠵᠢᠭᠤᠯᠬᠤ︾ ᠵᠡᠷᠭᠡ ᠨᠢᠭᠡ ᠪᠦᠯᠦᠭ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠨᠣᠷᠮ᠎ᠠ ᠶᠢ 95% ᠠᠴᠠ ᠳᠡᠭᠡᠭᠰᠢ ᠬᠦᠷᠦᠭᠦᠯᠬᠦ ᠶᠢ ᠦᠨᠡᠨᠬᠦ | ᠪᠠᠲᠤᠯᠠᠨ᠎ᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠵᠠᠰᠠᠭ ᠠᠵᠤ ᠠᠬᠤᠶᠢᠯᠠᠯ ᠪᠠᠶᠢᠩᠭᠤᠵᠢᠭᠰᠠᠨ ᠨᠡᠪᠲᠡᠷᠡᠯᠴᠡᠨ ᠰᠣᠯᠢᠯᠴᠠᠬᠤ | ᠲᠣᠭᠲᠠᠴᠠ ᠶᠢ ᠪᠠᠶᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠦᠴᠦᠨ ᠵᠦᠢᠯ ᠤᠨ ᠪᠠᠲᠤᠯᠠᠭ᠎ᠠ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠠᠵᠢᠯ ᠤᠨ ᠠᠷᠭ᠎ᠠ ᠬᠡᠮᠵᠢᠶ᠎ᠡ ᠲᠤᠭᠲᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤ ᠶᠢ ᠴᠢᠩᠭ᠎ᠠ ᠴᠠᠭᠠᠵᠠᠯᠠᠬᠤ︾ ︽ᠨᠠᠢᠮᠠᠨ ᠥᠯᠥ | ᠪᠣᠯᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ | ᠬᠡᠷᠡᠭᠵᠢᠭᠦᠯᠦᠯᠲᠡ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠺᠣᠳ᠋ ᠰᠢᠷᠪᠢᠵᠦ ᠪᠠᠶᠢᠴᠠᠭᠠᠬᠤ︾ ︽ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ︾ | ᠪᠠᠷ ᠭᠤᠣᠯ ᠪᠣᠯᠭᠠᠭᠰᠠᠨ ᠲᠣᠭᠠᠴᠢᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠢ ᠲᠦᠩᠯᠢᠶᠣᠣ ᠳᠤ | ᠰᠠᠨᠠᠭ᠎ᠠ ᠠᠮᠤᠷ ᠡᠵᠡᠩᠨᠡᠵᠦ᠂ ᠲᠠᠭᠠᠯᠠᠮᠵᠢᠲᠠᠢ ᠬᠦᠭᠵᠢᠬᠦ ᠪᠣᠯᠭᠠᠨ᠎ᠠ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠳᠤ ᠰᠠᠭᠤᠷᠢᠯᠠᠨ᠂ ᠰᠢᠶᠠᠨ ᠢ ᠬᠦᠴᠦᠷᠬᠡᠭᠵᠢᠭᠦᠯᠦᠨ ᠲᠣᠰᠬᠤᠨ ᠢ ᠬᠥᠭᠵᠢᠭᠦᠯᠵᠦ ᠠᠷᠠᠳ ᠢ | ᠪᠠᠶᠠᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ᠃ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ ᠣᠶᠤᠨᠴᠢ ᠬᠤᠲᠠ᠂ ᠠᠵᠢᠯ ᠦᠢᠯᠡᠰ ᠪᠤᠰᠬᠠᠬᠤ ᠳᠤ ᠲᠤᠬᠢᠷᠠᠮᠵᠢᠳᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠵᠤ᠂ ᠬᠤᠲᠠ ᠬᠥᠳᠡᠭᠡ ᠶᠢᠨ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠬᠤᠲᠠ ᠶᠢᠨ ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠭᠤᠤᠯ ᠬᠤᠲᠠ ᠶᠢᠨ ᠲᠤᠭᠤᠷᠢᠭ ᠢ ᠴᠢᠨᠠᠷ ᠰᠠᠶᠢᠲᠠᠢ ᠬᠦᠭᠵᠢᠭᠦᠯᠬᠦ ᠠᠵᠢᠯᠯᠠᠭ᠎ᠠ ᠶᠢ | ᠬᠦᠨᠵᠡᠭᠡᠢ ᠦᠷᠨᠢᠭᠦᠯᠵᠦ᠂ ᠬᠤᠳᠠ ᠶᠢᠨ ᠰᠢᠨᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠬᠤᠳᠠ ᠶᠢᠨ ᠳᠠᠭᠠᠭᠠᠴᠠ᠂ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠨᠢᠭᠡ ᠪᠦᠯᠦᠭ ᠲᠦᠷᠦᠯ ᠵᠤᠶᠢᠯ ᠢ ᠰᠢᠰᠲ᠋ᠧᠮ ᠲᠠᠢ ᠪᠠᠷ ᠲᠥᠯᠥᠪᠯᠡᠵᠦ᠂ ᠬᠤᠳᠠ ᠶᠢᠨ ᠶᠠᠪᠤᠳᠠᠯ ᠤᠨ ᠵᠠᠮ᠂ ᠭᠠᠵᠠᠷ ᠳᠣᠣᠷᠠᠬᠢ ᠬᠤᠭᠤᠯᠠᠢ ᠶᠢᠨ | ᠲᠣᠣᠷ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠡᠷᠭᠡ 74 ᠭᠤᠣᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠭᠦᠯᠵᠦ᠂ ᠨᠢᠭᠡ ᠪᠦᠯᠦᠭ ᠲᠡᠷᠭᠡ | ᠵᠣᠭᠰᠣᠬᠤ ᠭᠠᠵᠠᠷ᠂ ᠴᠠᠬᠢᠯᠭᠠᠨ ᠴᠡᠨᠡᠭᠯᠡᠬᠦ ᠲᠡᠷᠭᠡᠨ ᠪᠠᠶᠢᠷᠢ ᠶᠢ ᠨᠡᠮᠡᠨ ᠭᠠᠷᠭᠠᠵᠤ᠂ ᠬᠤᠳᠠ ᠶᠢᠨ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠲᠦᠷᠭᠡᠪᠴᠢᠯᠡᠨ ᠨᠦᠬᠦᠪᠦᠷᠢᠯᠡᠨ᠎ᠡ᠃ ᠭᠤᠣᠯ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠬᠡᠰᠡᠭ ᠲᠣᠭᠤᠷᠢᠭ ᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠨᠡᠶᠢᠭᠡᠮ ᠲᠣᠭᠤᠷᠢᠭ ᠢ ᠪᠠᠶᠢᠭᠤᠯᠤᠨ᠎ᠠ᠃ ᠤᠶᠤᠨᠴᠢ ᠬᠤᠲᠠ ᠶᠢᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠭᠡᠵᠦ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠂ ᠭᠤᠣᠯ ᠬᠤᠲᠠ ᠶᠢᠨ | ᠲᠣᠭᠤᠷᠢᠭ ᠤᠨ ᠰᠢᠨ᠎ᠡ ᠨᠢᠭᠡ ᠡᠭᠡᠯᠵᠢ ᠶᠢᠨ ᠬᠤᠲᠠ ᠶᠢᠨ ᠶᠠᠪᠤᠳᠠᠯ ᠤᠨ ᠴᠡᠴᠡᠷᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠨᠢᠭᠡ | ᠴᠣᠭᠴᠠᠵᠢᠭᠤᠯᠤᠨ ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠪᠠ ᠵᠠᠮ ᠬᠠᠷᠢᠯᠴᠠᠭᠠᠨ ᠤ ᠡᠮᠬᠢ | ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠵᠢᠷᠤᠮᠵᠢᠭᠤᠯᠤᠨ | ᠳᠡᠭᠡᠭᠰᠢᠯᠡᠭᠦᠯᠵᠦ᠂ ︽ᠬᠤᠸᠠᠷ ᠬᠠᠳᠬᠤᠬᠤ ᠡᠷᠳᠡᠮ︾ ᠢᠶᠠᠷ ᠬᠤᠲᠠ ᠶᠢ ᠡᠵᠡᠩᠨᠡᠨ ᠬᠠᠮᠢᠶᠠᠷᠴᠤ᠂ ᠬᠤᠲᠠ ᠶᠢ ᠨᠠᠩ ᠴᠢᠨᠠᠷ ᠴᠢᠨᠰᠠᠭ᠎ᠠ ᠲᠠᠢ᠂ ᠨᠠᠩ ᠲᠠᠲᠠᠬᠤ | ᠬᠦᠴᠦᠨ ᠲᠠᠢ ᠪᠣᠯᠭᠠᠨ᠎ᠠ᠃ | ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠤᠨ᠎ᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠰᠠᠭᠤᠭ᠎ᠠ ᠪᠠᠯᠭᠠᠰᠤ ᠶᠢᠨ ᠠᠵᠤ ᠦᠢᠯᠡᠰ ᠪᠠ | ᠬᠤᠲᠠ ᠶᠢ ᠠᠭᠤᠰᠤᠯᠴᠠᠭᠤᠯᠬᠤ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠥᠬᠦ | ᠬᠦᠴᠦᠨ ᠢᠶᠠᠷ ᠢᠶᠠᠨ ᠠᠬᠢᠭᠤᠯᠵᠤ᠂ ᠰᠢᠶᠠᠨ ᠤ ᠬᠤᠲᠠ ᠪᠠ ᠲᠥᠪ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ᠂ ᠲᠠᠲᠠᠬᠤ ᠬᠦᠴᠦᠨ᠂ ᠳᠠᠶᠢᠴᠢᠯᠠᠬᠤ ᠬᠦᠴᠦᠨ ᠢ | ᠴᠢᠩᠭᠠᠷᠠᠭᠤᠯᠤᠨ᠎ᠠ᠃ ᠪᠥᠬᠦ ᠬᠤᠲᠠ ᠶᠢᠨ ︽ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠵᠤ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠡᠬᠢ ᠪᠠᠶᠠᠯᠢᠭ ᠤᠨ | ᠰᠤᠷᠪᠤᠯᠵᠢ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠬᠤ ᠶᠢ ᠠᠬᠢᠭᠤᠯᠤᠨ᠂ ᠰᠢᠶᠠᠨ ᠤ ᠬᠡᠪᠴᠢᠶᠡᠨ ᠤ | ᠭᠤᠣᠯᠯᠠᠬᠤ ᠠᠵᠤ ᠦᠢᠯᠡᠰ ᠢ ᠨᠠᠷᠢᠨ ᠨᠢᠮᠪᠠᠢ ᠪᠣᠶᠢᠵᠢᠭᠤᠯᠵᠤ᠂ ᠬᠤᠰᠢᠭᠤ ᠶᠢ ᠪᠠᠶᠢᠭᠤᠯᠵᠤ ᠬᠤᠰᠢᠭᠤ ᠶᠢ ᠮᠠᠨᠳᠤᠭᠤᠯᠬᠤ ᠦᠢᠯᠡᠰ ᠢ ᠴᠣᠭᠴᠠᠯᠠᠨ ᠪᠠᠶᠢᠭᠤᠯᠤᠨ᠎ᠠ᠃ | ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ 15 ᠬᠡᠷᠡᠭᠵᠢᠭᠦᠯᠵᠦ᠂ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠬᠠᠮᠲᠤᠷᠠᠨ ᠪᠠᠶᠢᠭᠤᠯᠬᠤ | ᠵᠠᠭᠪᠤᠷ ᠢ ᠬᠠᠶᠢᠨ ᠰᠦᠪᠡᠭᠴᠢᠯᠡᠵᠦ᠂ ᠬᠦᠷᠢᠶᠡᠯᠡᠩ ᠲᠣᠭᠤᠷᠢᠭ ᠤᠨ ᠲᠦᠪᠯᠡᠷᠡᠩᠭᠦᠢ ᠬᠥᠭᠵᠢᠯᠲᠡ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ᠂ ᠲᠥᠪᠯᠡᠷᠡᠭᠦᠯᠦᠨ ᠤᠰᠤ ᠬᠠᠩᠭᠠᠬᠤ ᠶᠢ ᠪᠠᠲᠤᠯᠠᠬᠤ᠂ | ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠠᠬᠢᠭᠤᠯᠵᠤ᠂ ᠬᠤᠭ ᠨᠣᠪᠰᠢ ᠶᠢ ᠬᠤᠷᠢᠶᠠᠨ ᠵᠥᠭᠡᠭᠡᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ | ᠡᠷᠦᠬᠡ ᠶᠢᠨ ᠵᠣᠷᠯᠣᠩ ᠢ ᠰᠢᠨᠡᠳᠬᠡᠨ ᠵᠠᠰᠠᠬᠤ ᠪᠠ ᠠᠶᠢᠯ ᠲᠣᠰᠬᠤᠨ ᠢ ᠨᠣᠭᠤᠭᠠᠷᠠᠭᠤᠯᠤᠨ ᠭᠤᠶᠣᠵᠢᠭᠤᠯᠬᠤ ᠠᠵᠢᠯ ᠢ ᠰᠠᠶᠢᠲᠤᠷ ᠠᠳᠬᠤᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 50 ᠲᠣᠰᠬᠤᠨ ᠢ ᠪᠠᠶᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ | ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠨᠢᠭᠡ ᠪᠦᠯᠦᠭ ᠣᠨᠴᠠᠯᠢᠭᠲᠤ ᠳᠠᠷᠢᠵᠤ ᠲᠡᠵᠢᠭᠡᠬᠦ᠂ ᠰᠡᠯᠡᠭᠦᠴᠡᠯ ᠤᠨ ᠲᠠᠷᠢᠶᠠᠯᠠᠩ᠂ ᠬᠥᠳᠡᠭᠡ | ᠲᠣᠰᠬᠤᠨ ᠤ ᠵᠢᠭᠤᠯᠴᠢᠯᠠᠯ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠵᠡᠷᠭᠡ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶᠢᠵᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 117 ᠲᠦᠷᠦᠯ ᠵᠦᠢᠯ ᠢ ᠬᠡᠷᠡᠭᠵᠢᠭᠦᠯᠵᠦ᠂ ᠠᠵᠤ ᠦᠢᠯᠡᠰ᠂ ᠠᠵᠢᠯ ᠣᠯᠭᠤᠯᠲᠠ᠂ ᠮᠥᠩᠭᠦᠨ ᠭᠦᠢᠯᠭᠡᠭᠡ ᠪᠠ | ᠨᠡᠶᠢᠭᠡᠮ ᠤᠨ ᠬᠠᠪᠰᠤᠷᠤᠨ ᠲᠡᠳᠬᠦᠬᠦ ᠵᠡᠷᠭᠡ 20 ᠵᠦᠢᠯ ᠤᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠪᠠᠷ | ᠲᠠᠬᠢᠨ ᠶᠠᠳᠠᠭᠤᠷᠠᠬᠤ ᠶᠠᠪᠤᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠠᠭᠠᠳᠤᠮ᠂ ︽ᠲᠣᠰᠬᠤᠨ ᠤ ᠠᠯᠠᠭᠠᠳᠠᠬᠤ ᠪᠥᠮᠪᠦᠭᠡ︾ ︽ᠲᠣᠰᠬᠤᠨ ᠤ ᠦᠳᠡᠰᠢᠯᠡᠭᠡ︾ ᠵᠡᠷᠭᠡ ᠨᠠᠩ | ᠣᠯᠠᠨ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠨᠠᠷᠠᠲᠤ ᠱᠣᠰᠢᠭ᠎ᠠ ᠶᠢ ᠪᠣᠶ ᠪᠣᠯᠭᠠᠵᠤ᠂ ᠰᠣᠶᠣᠯ ᠢ ᠬᠥᠭᠵᠢᠭᠦᠯᠦᠨ᠂ | ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ | ᠰᠠᠭᠤᠷᠢ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠪᠢᠨᠳᠠᠯᠠ ᠠᠴᠠ ᠰᠣᠭᠤᠳᠤ ᠬᠦᠷᠬᠦ ᠲᠦᠷᠭᠡᠨ ᠵᠠᠮ ᠤᠨ ᠭᠤᠣᠯ ᠴᠣᠭᠴᠠ ᠶᠢᠨ | ᠢᠨᠵᠧᠨᠧᠷᠢᠩ ᠢ ᠪᠡᠶᠡᠯᠡᠭᠦᠯᠵᠦ᠂ ᠪᠦᠦ ᠺᠠᠩ ᠠᠴᠠ ᠲᠤᠯᠤᠭᠠᠨ ᠮᠣᠳᠣ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠂ ᠮᠤᠵᠢ ᠶᠢᠨ ᠵᠠᠮ ᠤᠨ 310 ᠱᠤᠭᠤᠮ ᠵᠡᠷᠭᠡ 8 ᠭᠠᠵᠠᠷ ᠢ ᠲᠡᠭᠰᠢᠯᠡᠵᠦ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠵᠠᠷᠤᠳ ᠠᠴᠠ ᠬᠤᠤᠯᠢᠩᠭᠤᠣᠯ ᠬᠥᠷᠬᠦ | ᠲᠦᠷᠭᠡᠨ ᠵᠠᠮ᠂ ᠵᠠᠷᠤᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠷᠥᠯ ᠵᠦᠢᠯ ᠢ | ᠢᠳᠡᠪᠬᠢᠲᠡᠢ ᠠᠬᠢᠭᠤᠯᠤᠨ᠎ᠠ᠃ ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ ᠤᠨ ᠢᠨᠵᠧᠨᠧᠷᠢᠩ ᠤᠨ ᠭᠤᠣᠯ ᠴᠣᠭᠴᠠ ᠶᠢᠨ ᠠᠵᠢᠯ | ᠳᠠᠭᠤᠰᠬᠤ ᠶᠢ ᠠᠬᠢᠭᠤᠯᠵᠤ᠂ ᠴᠤᠤᠯ ᠭᠤᠣᠯ ᠤᠨ ᠤᠰᠣ ᠶᠢ ᠯᠢᠶᠤᠤ ᠡᠾᠧ ᠭᠤᠤᠯ ᠳᠤ ᠲᠠᠳᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠤᠰᠤ | ᠨᠡᠪᠲᠡᠷᠡᠭᠦᠯᠬᠦ ᠶᠢ ᠪᠡᠶᠡᠯᠡᠭᠦᠯᠵᠦ᠂ ᠭᠠᠭ᠋ᠠᠢ ᠠᠭᠤᠯᠠ ᠶᠢᠨ ᠤᠰᠤᠨ ᠴᠥᠭᠦᠷᠥᠮ ᠢ ᠪᠠᠶᠢᠭᠤᠯᠵᠤ ᠤᠰᠤ ᠬᠠᠳᠠᠭᠠᠯᠠᠨ᠎ᠠ᠃ ᠬᠤᠤᠯᠢᠩᠭᠤᠣᠯ ᠤᠨ ᠡᠮᠦᠨᠡᠬᠢ 500 | ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ 26 ᠵᠦᠢᠯ ᠤᠨ ᠴᠠᠬᠢᠯᠭᠠᠨ ᠲᠣᠣᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠲᠦᠩᠯᠢᠶᠣᠣ ᠠᠴᠠ ᠬᠢᠩᠭᠠᠨ ᠠᠶᠢᠮᠠᠭ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠡᠬᠢᠯᠡᠨ ᠪᠦᠲᠦᠭᠡᠨ | ᠪᠠᠶᠢᠭᠤᠯᠤᠨ᠎ᠠ᠃ 5G ᠶᠢᠨ ᠰᠠᠭᠤᠷᠢ ᠥᠷᠲᠡᠭᠡ ᠶᠢ 500 ᠰᠢᠨ᠎ᠡ ᠪᠠᠶᠢᠭᠤᠯᠵᠤ᠂ 5G ᠶᠢᠨ ᠰᠦᠯᠵᠢᠶ᠎ᠡ ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ | ︵ᠲᠠᠪᠤ︶ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ | ᠪᠠᠭᠤᠷᠠᠭᠤᠯᠵᠤ ᠪᠣᠬᠢᠷᠲᠤᠯ ᠢ ᠪᠠᠭᠠᠰᠬᠠᠵᠤ ᠪᠤᠬᠢᠷᠳᠣᠯ ᠦᠭᠡᠢ ᠶᠢ ᠶᠡᠬᠡᠰᠭᠡᠬᠦ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠠᠵᠢᠯᠯᠠᠭᠠᠨ ᠢ ᠡᠷᠡᠰ ᠰᠠᠶᠢᠲᠤᠷ ᠬᠢᠵᠦ᠂ | ︽ᠲᠠᠪᠤᠨ ᠮᠢᠩᠭᠠᠨ ᠲᠦᠮᠡ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭ᠎ᠠ᠂ ᠨᠢᠭᠡ | ᠴᠣᠭᠴᠠᠵᠢᠭᠤᠯᠤᠭᠰᠠᠨ ᠢᠨᠵᠧᠨᠧᠷᠢᠩ ᠤᠨ ᠣᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ 350 ᠲᠦᠮᠡᠨ ᠮᠦ ᠠᠴᠠ ᠳᠡᠭᠡᠭᠰᠢ ᠡᠯᠡᠰᠦ ᠶᠢ ᠶᠡᠷᠦᠩᠬᠡᠶᠢᠯᠡᠨ | ᠵᠠᠰᠠᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠵᠣᠭᠰᠤᠭᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠂ ᠳᠤᠷ᠎ᠠ ᠪᠠᠷ ᠢᠶᠠᠨ | ᠬᠠᠭᠠᠯᠪᠤᠷᠢᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ᠎ᠠ᠃ ᠪᠠᠷᠠᠭᠤᠨ ᠯᠢᠶᠤᠤ ᠡᠾᠧ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ ᠦᠷᠭᠦᠯᠵᠢᠯᠡᠨ ᠠᠬᠢᠭᠤᠯᠵᠤ᠂ ᠭᠤᠣᠯ ᠤᠷᠤᠰᠬᠠᠯ ᠤᠨ ᠠᠮᠢ ᠠᠬᠤᠢ ᠶᠢᠨ ᠬᠤᠩᠭᠢᠯ ᠵᠠᠮ᠂ | ᠰᠠᠭᠤᠷᠢ ᠬᠤᠩᠭᠢᠯ᠂ ᠡᠷᠭᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ | ᠲᠤᠷ᠎ᠠ ᠪᠠᠷ ᠢ ᠠᠷᠢᠯᠭᠠᠬᠤ︾ ᠪᠠ ᠬᠤᠩᠭᠢᠯ ᠢ ᠴᠡᠪᠡᠷᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠰᠠᠪᠠ ᠭᠠᠵᠠᠷ ᠤᠨ ᠤᠰᠤ ᠲᠠᠲᠠᠬᠤ᠂ ᠠᠮᠢ ᠠᠬᠤᠢ ᠶᠢᠨ | ᠤᠰᠤ ᠨᠥᠬᠦᠪᠦᠷᠢᠯᠡᠬᠦ ᠶᠢ ᠰᠠᠶᠢᠲᠤᠷ ᠠᠳᠬᠤᠵᠤ᠂ ︽ᠡᠵᠢ ᠭᠤᠣᠯ︾ ᠤᠨ ᠬᠥᠬᠡᠮᠳᠦᠭ ᠤᠰᠤᠨ ᠤ ᠲᠤᠩᠭᠠᠯᠠᠭ ᠳᠣᠯᠭᠢᠶᠠᠨ ᠢ ᠡᠷᠲᠡᠬᠡᠨ ᠳᠠᠬᠢᠨ ᠢᠯᠡᠷᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠠᠬᠤ ᠠᠵᠢᠯ ᠢ ᠭᠦᠨᠵᠡᠭᠡᠶᠢᠷᠡᠭᠦᠯᠦᠨ᠎ᠡ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠲᠦᠭᠦᠬᠡᠢ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ᠂ ᠨᠡᠭᠦᠷᠡᠰᠦ ᠰᠢᠲᠠᠭᠠᠬᠤ ᠵᠣᠤᠬ᠎ᠠ ᠶᠢᠨ ᠬᠡᠳᠤ | ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠰᠢᠯᠢᠳᠡᠭ ᠰᠠᠶᠢᠨ ᠠᠭᠠᠷ ᠤᠨ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠭᠠᠵᠠᠷ | ᠳᠡᠭᠡᠷᠡᠬᠢ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠤᠯᠤᠰ ᠤᠨ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠮᠠᠭᠤ V ᠲᠥᠷᠥᠯ ᠤᠨ ᠤᠰᠤᠨ | ᠴᠣᠭᠴᠠ ᠶᠢ ︽ᠲᠡᠭ ᠪᠣᠯᠭᠠᠬᠤ︾ ᠶᠢ ᠲᠦᠯᠬᠢᠨ ᠠᠬᠢᠭᠤᠯᠤᠨ᠎ᠠ᠃ ᠮᠠᠯ ᠲᠠᠷᠢᠶᠠᠯᠠᠩ ᠤᠨ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠨᠢᠭᠡᠴᠡ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠂ ᠬᠥᠷᠥᠰᠥ ᠰᠢᠷᠣᠢ ᠶᠢᠨ | ᠪᠣᠬᠢᠷᠲᠤᠯ ᠤᠨ ᠲᠦᠭᠰᠢᠭᠦᠷᠢ ᠶᠢ ᠪᠥᠬᠦ ᠲᠠᠯ᠎ᠠ ᠪᠠᠷ ᠬᠠᠮᠢᠶᠠᠷᠤᠨ᠎ᠠ᠃ ︽ᠬᠠᠶᠠᠭᠳᠠᠮᠠᠯ ᠦᠭᠡᠢ ᠬᠤᠳᠠ︾ ᠶᠢ ᠡᠬᠢᠯᠡᠨ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠬᠤᠭ | ᠨᠣᠪᠰᠢ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠰᠤᠷᠪᠤᠯᠵᠢ ᠠᠴᠠ ᠨᠢ ᠬᠡᠮᠵᠢᠶ᠎ᠡ ᠶᠢ ᠪᠠᠭᠠᠰᠬᠠᠬᠤ ᠪᠠ | ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠡᠬᠢ ᠪᠠᠶᠠᠯᠢᠭᠵᠢᠭᠤᠯᠤᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠷᠢᠯᠢᠭ ᠣᠨᠣᠴᠠᠲᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ | ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠲᠦᠩᠯᠢᠶᠣᠣ ᠶᠢᠨ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ | ᠰᠠᠶᠢᠲᠤᠷ ᠰᠠᠬᠢᠨ ᠬᠠᠮᠠᠭᠠᠯᠠᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ᠂ ᠠᠵᠤ ᠦᠢᠯᠡᠳᠪᠦᠷᠢ᠂ ᠵᠠᠮ | ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ ᠲᠤᠰᠬᠠᠢ ᠠᠵᠢᠯᠯᠠᠭ᠎ᠠ ᠶᠢ ᠨᠢᠭᠡ ᠠᠵᠢᠯ ᠲᠦᠷᠦᠯ ᠨᠢᠭᠡ ᠲᠥᠰᠥᠯ ᠢᠶᠠᠷ ᠲᠦᠯᠬᠢᠨ ᠠᠬᠢᠭᠤᠯᠤᠨ᠎ᠠ᠃ ᠨᠡᠭᠦᠷᠡᠰᠦᠨ ᠤ ᠲᠡᠷᠢᠭᠦᠨ ᠤ | ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠵᠦ᠂ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠵᠤ᠂ ᠰᠠᠯᠬᠢᠨ ᠬᠦᠴᠦᠨ ᠤ | ᠴᠠᠬᠢᠯᠭᠠᠨ ᠤ ᠲᠣᠮᠣ ᠰᠠᠭᠤᠷᠢᠨ ᠭᠠᠵᠠᠷ᠂ ᠡᠬᠢ ᠰᠤᠷᠪᠤᠯᠵᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠬᠤ᠂ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠦᠷᠳᠡᠭᠡ ᠵᠡᠷᠭᠡ 29 ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠦᠯ ᠵᠤᠶᠢᠯ ᠢ ᠬᠡᠷᠡᠭᠵᠢᠭᠦᠯᠵᠦ᠂ ᠲᠤᠯᠭᠠᠭᠤᠷᠢᠯᠠᠬᠤ ᠴᠢᠨᠠᠷᠲᠠᠢ | ᠪᠠᠲᠤᠯᠠᠭ᠎ᠠ ᠶᠢᠨ ᠴᠢᠨᠠᠷᠲᠠᠢ ᠴᠠᠬᠢᠯᠭᠠᠨ ᠡᠭᠦᠰᠬᠡᠭᠴᠢ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠᠨ ᠥᠭᠡᠷᠡᠴᠢᠯᠡᠯᠲᠡ ᠶᠢ ᠬᠤᠯᠪᠣᠯᠳᠤᠭᠤᠯᠬᠤ︾ | ᠂ ᠥᠪᠡᠰᠦᠪᠡᠨ ᠪᠡᠯᠡᠳᠬᠡᠭᠰᠡᠨ ᠮᠠᠰᠢᠨ ᠴᠣᠭᠴᠠᠯᠠᠪᠤᠷᠢ ᠶᠢ ᠨᠡᠶᠢᠲᠡ ᠶᠢᠨ ᠬᠡᠷᠡᠭᠯᠡᠭᠡᠨ ᠤ ᠮᠠᠰᠢᠨ ᠴᠣᠭᠴᠠᠯᠠᠪᠤᠷᠢ ᠪᠣᠯᠭᠠᠨ ᠬᠤᠪᠢᠷᠠᠭᠤᠯᠬᠤ ᠵᠡᠷᠭᠡ ᠲᠦᠷᠦᠯ ᠵᠤᠶᠢᠯ ᠢ | ᠵᠡᠷᠭᠡ ᠪᠠᠷ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 400 ᠲᠦᠮᠡᠨ ᠺᠢᠯᠣᠸᠠᠲ ᠰᠢᠨ᠎ᠡ ᠨᠡᠮᠡᠭᠳᠡᠭᠦᠯᠦᠨ᠎ᠡ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ 20 ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠦᠷᠢᠶᠡᠯᠡᠩ | ᠲᠣᠭᠤᠷᠢᠭ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠣᠶ ᠰᠢᠭᠤᠢ ᠨᠤᠲᠤᠭ | ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠠᠷᠠᠯᠵᠢᠶᠠᠯᠠᠬᠤ ᠬᠡᠪᠴᠢᠶ᠎ᠡ ᠶᠢ ᠥᠷᠭᠡᠳᠬᠡᠨ᠎ᠡ᠃ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠲᠠᠷᠢᠶᠠᠯᠠᠩ ᠤᠨ ᠤᠰᠤ | ᠠᠷᠪᠢᠯᠠᠬᠤ ᠤᠰᠤᠯᠠᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠶᠢ 2.5 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ | ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13.5% ᠠᠴᠠ ᠳᠡᠭᠡᠭᠰᠢ | ᠪᠠᠭᠤᠷᠠᠭᠤᠯᠵᠤ᠂ ᠭᠤᠣᠯ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ ᠪᠥᠬᠦᠨ ᠢ ᠳᠠᠬᠢᠯᠲᠠ ᠤᠰᠤ ᠪᠣᠯᠭᠠᠨ ᠰᠣᠯᠢᠨ᠎ᠠ᠃ | ︵ᠵᠢᠷᠭᠤᠭ᠎ᠠ︶ ᠣᠯᠠᠨ ᠲᠦᠮᠡᠨ ᠤ ᠵᠣᠪᠠᠭᠤᠷᠢ ᠵᠦᠳᠡᠭᠦᠷᠢ ᠳᠤ ᠰᠠᠨᠠᠭ᠎ᠠ ᠲᠠᠯᠪᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠬᠤ ᠪᠠᠷ ᠴᠢᠷᠮᠠᠶᠢᠨ᠎ᠠ᠃ ᠤᠯᠠᠨ ᠲᠦᠮᠡᠨ ᠤ | ᠳᠡᠷᠭᠡᠳᠡᠬᠢ ᠤᠴᠢᠷ ᠶᠠᠪᠤᠳᠠᠯ᠂ ᠪᠠᠴᠢᠮᠳᠠᠵᠦ᠂ ᠬᠦᠴᠢᠷᠳᠡᠵᠦ᠂ ᠵᠤᠪᠠᠨᠢᠵᠦ᠂ ᠬᠦᠰᠡᠵᠦ ᠪᠠᠶᠢᠭ᠎ᠠ ᠤᠴᠢᠷ ᠶᠠᠪᠤᠳᠠᠯ ᠳᠤ ᠠᠩᠬᠠᠷᠣᠯ ᠢᠶᠠᠨ ᠬᠠᠨᠳᠤᠭᠤᠯᠵᠦ᠂ ᠬᠠᠯᠠᠭᠤᠨ | ᠳᠤᠯᠠᠭᠠᠨ ᠪᠥᠭᠡᠳ ᠪᠣᠳᠠᠲᠠᠢ ᠦᠷ᠎ᠡ ᠪᠦᠲᠦᠮᠵᠢ ᠲᠠᠢ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠴᠢᠩᠭ᠎ᠠ ᠪᠠᠲᠤᠯᠠᠵᠤ᠂ ᠵᠣᠯ ᠵᠢᠷᠭᠠᠯᠲᠤ ᠲᠦᠩᠯᠢᠶᠣᠣ ᠶᠢ ᠪᠦᠲᠦᠭᠡᠨ ᠪᠠᠶᠢᠭᠤᠯᠤᠨ᠎ᠠ᠃ | ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠪᠠᠶᠢᠷᠢ ᠶᠢ ᠥᠷᠭᠡᠳᠬᠡᠬᠦ ᠳᠤ ᠨᠥᠬᠦᠪᠦᠷᠢ ᠥᠭᠬᠦ᠂ ᠠᠵᠢᠯᠴᠢᠨ ᠬᠡᠷᠡᠭᠯᠡᠬᠦ ᠨᠥᠬᠦᠪᠦᠷᠢ᠂ ᠠᠵᠢᠯ | ᠣᠯᠭᠤᠯᠲᠠ ᠶᠢ ᠬᠠᠪᠰᠤᠷᠤᠨ ᠲᠡᠳᠬᠦᠬᠦ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠵᠡᠷᠭᠡ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠵᠢᠯ ᠣᠯᠭᠤᠬᠤ ᠨᠡᠩ | ᠤᠯᠠᠨ ᠠᠵᠠ ᠲᠣᠬᠢᠶᠠᠯ ᠢ ᠴᠢᠷᠮᠠᠶᠢᠨ ᠪᠤᠢ ᠪᠣᠯᠭᠠᠨ᠎ᠠ᠃ ᠠᠵᠢᠯ ᠡᠷᠢᠵᠦ ᠠᠵᠢᠯᠴᠢᠨ ᠬᠡᠷᠡᠭᠯᠡᠬᠦ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠢ ᠪᠠᠶᠢᠭᠤᠯᠵᠤ᠂ | ︽ᠭᠡᠷ︾ ᠤᠨ ᠲᠡᠷᠭᠡᠳᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷᠳᠡᠭᠡ ᠶᠢ ᠰᠠᠶᠢᠲᠤᠷ ᠪᠠᠶᠢᠭᠤᠯᠵᠤ᠂ ︽ᠲᠠᠪᠤ ᠶᠢ ᠣᠷᠣᠭᠤᠯᠬᠤ︾ ᠤᠷᠢᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠠᠵᠢᠯᠴᠢᠨ ᠬᠡᠷᠡᠭᠯᠡᠬᠦ ᠪᠠ ᠠᠵᠢᠯ ᠣᠯᠭᠤᠯᠲᠠ ᠶᠢᠨ ᠬᠡᠷᠡᠭᠴᠡᠭᠡ ᠶᠢ ᠨᠡᠩ ᠰᠠᠶᠢᠲᠤᠷ ᠵᠣᠯᠭᠠᠭᠤᠯᠤᠨ᠎ᠠ᠃ ᠵᠠᠰᠠᠭ ᠰᠤᠷᠭᠠᠭᠤᠯᠢ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ︽ᠵᠠᠬᠢᠶᠠᠯᠠᠭ᠎ᠠ ᠶᠢᠨ ᠬᠡᠯᠪᠡᠷᠢ︾᠂ ︽ᠬᠠᠨᠳᠤᠯᠭᠠᠲᠤ ᠬᠡᠯᠪᠡᠷᠢ︾ ᠶᠢᠨ ᠪᠣᠯᠪᠠᠰᠤᠷᠠᠯ ᠢ ᠥᠷᠨᠢᠭᠦᠯᠵᠦ᠂ ︽ | ᠰᠢᠯᠢᠳᠡᠭ ᠮᠡᠷᠭᠡᠵᠢᠯ ᠤᠨ ᠠᠵᠢᠯᠴᠢᠨ︾ ᠢ ᠬᠥᠮᠥᠵᠢᠭᠦᠯᠵᠦ᠂ ᠨᠡᠩ ᠤᠯᠠᠨ ᠤᠯᠠᠨ ᠲᠦᠮᠡᠨ ᠤ ᠴᠢᠳᠠᠪᠤᠷᠢ ᠶᠢ ᠲᠡᠭᠡᠭᠰᠢᠯᠡᠭᠦᠯᠵᠦ᠂ ᠠᠵᠢᠯ ᠣᠯᠬᠤ ᠳᠤ ᠰᠠᠶᠢᠨ | ᠪᠣᠯᠭᠠᠵᠦ᠂ ᠣᠷᠣᠯᠭ᠎ᠠ ᠶᠢ ᠨᠢ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ | ᠬᠤᠳᠠ ᠪᠠᠯᠭᠠᠰᠤᠨ ᠤ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ | ᠪᠠᠲᠤᠯᠠᠭ᠎ᠠ ᠶᠢ ᠴᠢᠩᠭᠠᠳᠬᠠᠵᠤ᠂ ᠬᠤᠳᠠ ᠪᠠᠯᠭᠠᠰᠤᠨ ᠤ 1.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃ ᠮᠠᠯᠴᠢᠨ | ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠲᠠᠷᠢᠶᠠᠯᠠᠩ ᠤᠨ ᠣᠳᠣᠬᠢᠴᠢᠯᠠᠭᠰᠠᠨ ᠬᠥᠳᠡᠯᠮᠦᠷᠢ ᠶᠢᠨ ᠬᠦᠴᠦᠨ ᠢ | ᠴᠢᠯᠦᠭᠡᠯᠡᠬᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠳᠡᠯᠮᠦᠷᠢ ᠶᠢᠨ ᠬᠦᠴᠦᠨ ᠢ ᠲᠠᠳᠠᠬᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠬᠥᠳᠡᠯᠮᠦᠷᠢ ᠶᠢᠨ ᠬᠦᠴᠦᠨ ᠢ ᠦᠯᠡᠳᠡᠭᠡᠬᠦ ᠶᠢ ᠬᠦᠴᠦᠯᠡᠨ ᠠᠬᠢᠭᠤᠯᠵᠤ᠂ 40 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ | ᠪᠡᠶᠡᠯᠡᠭᠦᠯᠦᠨ᠎ᠡ᠃ ᠬᠥᠳᠡᠯᠮᠦᠷᠢ ᠶᠢᠨ ᠴᠠᠯᠢᠩ ᠥᠷᠢᠲᠦᠬᠦ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠬᠥᠳᠡᠯᠮᠦᠷᠢᠴᠢᠳ ᠲᠤ ︽ᠴᠠᠯᠢᠩ | ᠲᠣᠬᠢᠷᠠᠭᠤᠯᠬᠤ ᠰᠢᠬᠦᠷ︾ ᠢ ᠪᠠᠲᠤ ᠪᠠᠷᠢᠵᠦ ᠦᠭᠬᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠲᠦᠷᠭᠡᠳᠬᠡᠨ | ᠪᠠᠶᠢᠭᠤᠯᠵᠤ᠂ 17 ᠵᠦᠢᠯ ᠤᠨ ᠤᠨ ᠤ ᠭᠤᠤᠯᠳᠠᠯᠭᠠᠲᠤ ᠡᠭᠦᠷᠭᠡ ᠶᠢ ᠪᠤᠲᠠᠲᠠᠢ ᠠᠳᠬᠤᠵᠤ᠂ ︽ᠳᠥᠷᠪᠡ ᠶᠢ ᠲᠡᠷᠢᠭᠦᠨ ᠳᠤ ᠲᠠᠯᠪᠢᠬᠤ︾ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠯ ᠢ ᠲᠣᠭᠲᠠᠭᠤᠨ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ | ᠰᠤᠷᠭᠠᠭᠤᠯᠢ ᠶᠢᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠰᠤᠷᠭᠠᠨ | ᠬᠥᠮᠦᠵᠢᠯ ᠤᠨ ᠡᠷᠳᠡᠮᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ︽ᠳᠥᠷᠪᠡᠨ ᠡᠩᠨᠡᠭᠡ︾ ᠶᠢ ᠪᠠᠶᠢᠭᠤᠯᠤᠨ ᠬᠦᠴᠦᠷᠬᠡᠭᠵᠢᠭᠦᠯᠵᠦ᠂ ︽ᠲᠠᠪᠤᠨ ᠵᠦᠢᠯ ᠤᠨ | ᠠᠵᠢᠯᠯᠠᠭ᠎ᠠ︾ ᠶᠢ ᠬᠡᠷᠡᠭᠵᠢᠭᠦᠯᠦᠨ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠳᠠᠰᠬᠠᠯ ᠤᠨ ᠳᠠᠷᠤᠭᠠᠰᠤ ᠬᠦᠨᠳᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠪᠠᠭ᠎ᠠ᠂ ᠰᠡᠳᠬᠢᠴᠡ ᠶᠢᠨ ᠳᠠᠷᠤᠯᠲᠠ ᠶᠡᠭᠡ ᠵᠡᠷᠭᠡ ᠣᠯᠠᠨ ᠲᠦᠮᠡᠨ ᠤ | ᠠᠩᠬᠠᠷᠴᠤ ᠪᠠᠶᠢᠭ᠎ᠠ ᠲᠥᠪᠯᠡᠷᠡᠯ ᠤᠨ ᠠᠰᠠᠭᠤᠳᠠᠯ ᠢ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠠᠢ ᠰᠢᠢᠳᠪᠦᠷᠢᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ ᠳᠡᠯᠡᠬᠡᠢ ᠶᠢᠨ | ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠦᠬᠦᠯᠢ ᠴᠣᠭᠴᠠᠲᠤ ᠬᠡᠯᠪᠡᠷᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠲᠥᠷᠥᠯ ᠵᠦᠢᠯ᠂ ᠤᠯᠤᠰ ᠤᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ | ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠷᠢᠶ᠎ᠠ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠰᠠᠭᠤᠭᠳᠠᠭᠤᠯᠬᠤ ᠪᠠ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠤᠨ᠎ᠠ᠃ ᠣᠯᠠᠨ ᠲᠦᠮᠡᠨᠴᠢ ᠪᠡᠶ᠎ᠡ ᠶᠢᠨ | ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠢ ᠶᠡᠬᠡᠪᠡᠷ ᠬᠥᠭᠵᠢᠭᠦᠯᠵᠦ᠂ ᠨᠥᠬᠦᠴᠡᠯ ᠲᠠᠢ ᠰᠤᠷᠭᠠᠭᠤᠯᠢ ᠳᠤ ᠲᠦᠰᠢᠭᠯᠡᠨ ᠥᠨᠳᠥᠷ ᠬᠢᠷᠢ ᠬᠡᠮᠵᠢᠶ᠎ᠡ ᠲᠠᠢ ᠲᠠᠮᠢᠷᠴᠢᠨ ᠢ | ᠬᠥᠮᠥᠵᠢᠭᠦᠯᠵᠦ᠂ ᠥᠨᠳᠥᠷ ᠬᠢᠷᠢ ᠬᠡᠮᠵᠢᠶ᠎ᠡ ᠲᠠᠢ ᠲᠠᠮᠢᠷ ᠤᠨ ᠠᠩᠭᠢ ᠶᠢ ᠪᠠᠶᠢᠭᠤᠯᠤᠨ᠂ ᠬᠤᠷᠴᠢᠨ ᠤ ᠪᠡᠶ᠎ᠡ ᠶᠢᠨ ᠲᠠᠮᠢᠷ ᠤᠨ ᠶᠡᠭᠡ ᠬᠤᠷᠠᠯ ᠤᠨ ᠰᠢᠷᠢᠰ ᠣᠯᠠᠨ | ᠲᠦᠮᠡᠨᠴᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ | ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠰᠤᠳᠤᠯᠤᠨ ᠲᠠᠶᠢᠯᠪᠤᠷᠢᠯᠠᠬᠤ ᠶᠢ ᠠᠬᠢᠭᠤᠯᠵᠤ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ᠂ ᠬᠤᠷᠴᠢᠨ | ᠠᠷᠠᠳ ᠤᠨ ᠲᠠᠭᠤᠤ᠂ ᠵᠢᠷᠢᠮ ᠤᠨ ᠪᠠᠷ ᠵᠢᠷᠤᠭ ᠵᠡᠷᠭᠡ ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠥᠷᠨᠢᠭᠦᠯᠵᠦ᠂ ︽ᠤᠮᠠᠷᠠᠲᠤ ᠬᠢᠯᠢ ᠶᠢᠨ ᠰᠣᠶᠣᠯ · | ᠲᠦᠩᠯᠢᠶᠣᠣ ᠶᠢᠨ ᠴᠤᠤᠷᠢᠶ᠎ᠠ︾ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠢᠨ᠎ᠡ ᠴᠠᠭ ᠦᠶ᠎ᠡ ᠶᠢᠨ ᠲᠦᠩᠯᠢᠶᠣᠣ ᠶᠢᠨ ᠳᠦᠷᠰᠦ ᠪᠠᠶᠢᠳᠠᠯ ᠢ ᠢᠯᠡᠷᠡᠭᠦᠯᠦᠨ᠎ᠡ᠃ | | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠥᠷᠭᠡᠳᠬᠡᠬᠦ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠵᠢᠯ ᠤᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠤᠯᠠᠨ ᠳᠠᠪᠬᠤᠷ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠡᠮ ᠡᠮᠨᠡᠯᠭᠡ ᠶᠢᠨ | ᠳᠠᠭᠠᠳᠬᠠᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠤᠶᠠᠷ ᠬᠤᠪᠢ ᠠᠴᠠ ᠳᠡᠭᠡᠭᠰᠢ ᠪᠣᠯᠭᠠᠨ ᠲᠡᠭᠡᠭᠰᠢᠯᠡᠭᠦᠯᠦᠨ᠎ᠡ᠃ ︽ᠨᠢᠭᠡ ᠨᠠᠰᠤᠲᠠᠨ ᠨᠢᠭᠡ | ᠨᠢᠯᠬ᠎ᠠ︾ ᠶᠢ ᠨᠠᠩ ᠢᠯᠡᠭᠦᠦ ᠬᠠᠯᠠᠮᠵᠢᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠰᠠᠭᠤᠷᠢ ᠶᠢ ᠪᠠᠲᠤᠳᠬᠠᠬᠤ᠂ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ︽ᠬᠡᠦᠬᠡᠳ ᠰᠠᠭᠠᠲᠠᠭᠤᠯᠬᠤ ᠳᠤ ᠬᠦᠴᠢᠷ︾ ᠪᠠᠶᠢᠳᠠᠯ ᠢ ᠨᠠᠮᠳᠠᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠥᠬᠦ | ᠬᠦᠴᠦᠨ ᠢᠶᠠᠷ ᠢᠶᠠᠨ ᠰᠠᠶᠢᠲᠤᠷ ᠪᠠᠲᠤᠯᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠦᠨᠳᠦᠰᠦᠨ | ᠦᠢᠯᠡᠴᠢᠯᠡᠭᠡ ᠶᠢ ᠨᠡᠶᠢᠲᠡ ᠶᠢᠨ ᠠᠰᠠᠷᠠᠮᠵᠢ ᠳᠤ ᠪᠤᠴᠠᠭᠠᠬᠤ ᠶᠢ ᠲᠦᠯᠬᠢᠨ ᠠᠬᠢᠭᠤᠯᠤᠨ᠎ᠠ᠃ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠳᠠᠷᠤᠢ ᠵᠠᠰᠠᠭ ᠤᠨ | ᠶᠠᠪᠤᠳᠠᠯ ᠤᠨ ᠬᠠᠨᠳᠤᠰᠢ ᠮᠥᠨ᠂ ᠪᠢᠳᠡ ᠢᠮᠠᠭᠲᠠ ᠣᠯᠠᠨ ᠲᠦᠮᠡᠨ ᠤ ᠬᠦᠰᠡᠯ ᠡᠷᠡᠮᠡᠯᠵᠡᠯ᠂ ᠠᠮᠤᠷ ᠲᠦᠪᠰᠢᠨ ᠠᠶᠤᠯ ᠲᠦᠭᠰᠢᠭᠦᠷᠢ ᠪᠠ ᠬᠠᠯᠠᠭᠤᠨ ᠳᠤᠯᠠᠭᠠᠨ ᠢ | ᠰᠡᠳᠬᠢᠯ ᠳᠡᠭᠡᠨ ᠪᠤᠳᠤᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦ ᠲᠠᠯᠪᠢᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠠᠮᠢᠳᠤᠷᠠᠯ ᠢ ᠨᠠᠩ ᠵᠣᠯ ᠵᠢᠷᠭᠠᠯᠲᠠᠢ᠂ ᠨᠠᠩ ᠰᠠᠶᠢᠨ ᠰᠠᠶᠢᠬᠠᠨ ᠪᠣᠯᠭᠠᠨ᠎ᠠ᠃ | ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠵᠦ᠂ ᠪᠥᠬᠦ ᠬᠦᠴᠦᠨ ᠢᠶᠠᠷ ᠢᠶᠠᠨ ᠲᠦᠭᠰᠢᠭᠦᠷᠢ ᠶᠢ | ᠰᠡᠷᠭᠡᠶᠢᠯᠡᠨ ᠲᠣᠭᠲᠠᠭᠤᠨ ᠢ ᠬᠠᠮᠠᠭᠠᠯᠠᠵᠤ ᠡᠶ᠎ᠡ ᠵᠣᠬᠢᠴᠠᠯ ᠢ ᠠᠬᠢᠭᠤᠯᠤᠨ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠲᠠᠶᠢᠪᠤᠩ ᠲᠦᠩᠯᠢᠶᠣᠣ︾ ᠶᠢ | ᠪᠦᠲᠦᠭᠡᠨ ᠪᠠᠶᠢᠭᠤᠯᠤᠨ᠎ᠠ᠃ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾᠂ ︽ᠠᠶᠤᠯᠭᠦᠢ | ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠠᠷᠢᠯᠭᠠᠬᠤ︾ ᠲᠤᠰᠬᠠᠢ ᠵᠠᠰᠠᠯᠲᠠ ᠶᠢ ᠥᠷᠨᠢᠭᠦᠯᠵᠦ᠂ ᠥᠨᠳᠥᠷ | ᠪᠦᠲᠦᠮᠵᠢᠲᠡᠶ ᠵᠠᠰᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ | ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠤᠭᠤᠮᠳᠠ | ᠰᠢᠪᠳᠤᠯᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠶᠤᠯᠭᠦᠢ ᠶᠢ ᠦᠨᠡᠯᠡᠨ ᠵᠢᠱᠢᠬᠦ᠂ ᠠᠶᠤᠯ ᠲᠦᠭᠰᠢᠭᠦᠷᠢ ᠶᠢ ᠦᠨᠡᠯᠡᠨ ᠲᠣᠭᠲᠠᠭᠠᠬᠤ᠂ ᠲᠠᠯᠳᠠ | ᠭᠡᠮ ᠢ ᠴᠡᠭᠴᠡᠯᠡᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ | ᠠᠶᠤᠯᠲᠠᠢ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠢ ᠪᠠ ᠨᠡᠭᠦᠷᠡᠰᠦᠨ ᠪᠤᠰᠤ ᠠᠭᠤᠷᠬᠠᠢ᠂ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠬᠦᠷᠢᠶᠡᠨ ᠳᠠᠬᠢ ᠲᠠᠯᠳᠠ | ᠭᠡᠮ ᠤᠨ ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ | ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠵᠣᠬᠢᠶᠠᠨ ᠪᠠᠶᠢᠭᠤᠯᠤᠨ ᠵᠢᠯᠤᠭᠤᠳᠬᠤ᠂ ᠲᠦᠭᠰᠢᠭᠦᠷᠢ ᠶᠢ ᠰᠡᠷᠭᠡᠶᠢᠯᠡᠬᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ᠂ ᠡᠩᠨᠡᠭᠡ ᠶᠢᠨ ᠪᠣᠳᠠᠲᠤ ᠪᠠᠶᠢᠯᠳᠤᠭᠠᠨ ᠬᠢᠬᠦ ᠪᠠ ᠲᠤᠯᠭᠠᠭᠤᠷᠢᠯᠠᠨ ᠪᠠᠲᠤᠯᠠᠬᠤ ᠲᠠᠪᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮᠵᠢ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ | ᠰᠢᠰᠲ᠋ᠧᠮᠵᠢ ᠶᠢ ᠪᠠᠶᠢᠭᠤᠯᠵᠤ᠂ ᠲᠤᠭ᠎ᠠ ᠣᠶᠤᠨ ᠢᠶᠠᠷ ᠴᠢᠳᠠᠪᠤᠷᠢ ᠣᠯᠭᠤᠵᠤ ︽ᠭᠤᠷᠪᠠ ᠶᠢ ᠰᠡᠷᠭᠡᠶᠢᠯᠡᠬᠦ︾ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ︽ᠶᠢᠰᠦᠨ ᠪᠠᠭ᠎ᠠ ᠲᠠᠯᠠᠪᠤᠷ︾ ᠤᠨ ᠲᠤᠭᠠᠴᠢᠯᠠᠭᠰᠠᠨ ᠬᠢᠨᠠᠨ ᠡᠵᠡᠮᠳᠡᠯᠳᠡ᠂ | ᠣᠶᠤᠨᠴᠢᠯᠠᠭᠰᠠᠨ ᠬᠢᠨᠠᠨ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠤᠷᠢᠳᠠᠪᠠᠷ ᠪᠡᠶᠡᠯᠡᠭᠦᠯᠦᠨ᠎ᠡ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ | ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ᠂ ᠣᠨᠴᠠᠭᠠᠶ ᠴᠠᠭ | ᠠᠭᠤᠷ ᠢ ᠰᠡᠷᠭᠡᠶᠢᠯᠡᠨ ᠠᠷᠭᠠᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ | ᠬᠠᠮᠠᠭᠠᠯᠠᠨ᠎ᠠ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ ᠥᠷᠢ ᠥᠭᠴᠡᠭᠡ ᠶᠢ ᠠᠷᠢᠯᠭᠠᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠦᠯᠡᠳᠡᠵᠦ | ᠪᠠᠶᠢᠭ᠎ᠠ ᠥᠷᠢ ᠥᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠲᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠯᠭᠠᠨ ᠲᠠᠨᠢᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠣᠷᠣᠨ ᠨᠤᠲᠤᠭ ᠤᠨ | ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠷᠡᠭᠦᠯ ᠪᠤᠰᠤ ᠪᠡᠯᠡ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠶᠢ | ᠲᠦᠯᠬᠢᠨ ᠠᠬᠢᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠰᠤᠯᠠ ᠪᠠᠶᠢᠬᠤ ᠭᠠᠵᠠᠷ ᠰᠢᠷᠣᠢ ᠪᠠ ︽ᠬᠠᠭᠠᠰ ᠳᠤᠲᠠᠭᠤ︾ | ᠲᠥᠷᠥᠯ ᠵᠦᠢᠯ ᠢ ᠠᠮᠢᠯᠠᠭᠤᠯᠤᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ︽ᠲᠤᠰᠢᠶᠠᠬᠤ ᠪᠠᠲᠤᠯᠠᠭ᠎ᠠ ᠲᠠᠢ ᠣᠷᠣᠨ ᠰᠠᠭᠤᠴᠠ︾ ᠶᠢᠨ ᠡᠭᠦᠷᠭᠡ ᠶᠢ | ᠪᠡᠶᠡᠯᠡᠭᠦᠯᠵᠦ᠂ ︽ᠪᠤᠴᠠᠵᠤ ᠨᠡᠭᠦᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷ︾ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ︽ᠭᠡᠷ ᠪᠠᠶᠢᠰᠢᠩ | ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠣᠯᠠᠨ ᠲᠦᠮᠡᠨ ᠢ ︽ᠦᠨᠡᠮᠯᠡᠯ ᠠᠪᠬᠤ ᠳᠤ ᠬᠦᠴᠢᠷ︾ ᠪᠠᠶᠢᠬᠤ ᠳᠤ ᠰᠠᠨᠠᠭ᠎ᠠ | ᠵᠣᠪᠠᠭ᠋ᠤ ᠦᠭᠡᠢ ᠪᠣᠯᠭᠠᠨ᠎ᠠ᠃ | ᠨᠡᠶᠢᠭᠡᠮ ᠤᠨ ᠲᠣᠭᠲᠠᠭᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠳᠥᠷᠪᠡᠨ ᠱᠠᠲᠤ ᠪᠠᠷ ᠨᠡᠪᠲᠡᠷᠡᠯᠴᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠰᠢᠰᠲ᠋ᠧᠮᠵᠢ ᠶᠢ ᠪᠦᠷᠢᠨᠰᠢᠭᠦᠯᠵᠦ᠂ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠰᠢᠢᠳᠪᠦᠷᠢᠯᠡᠨ᠎ᠡ᠃ ᠨᠡᠶᠢᠭᠡᠮ ᠤᠨ ᠠᠮᠤᠷ | ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠤᠭ᠎ᠠ ᠪᠠᠷ ᠮᠡᠬᠡᠯᠡᠬᠦ᠂ ᠬᠤᠯᠠᠭᠠᠶᠢᠯᠠᠨ ᠪᠤᠯᠢᠶᠠᠬᠤ ᠵᠡᠷᠭᠡ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠵᠦ᠂ ᠬᠡᠲᠦᠷᠡᠮᠡᠬᠡᠢ ᠬᠡᠷᠡᠭ᠂ ᠬᠠᠮᠲᠤᠯᠢᠭ ᠤᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ | ᠬᠠᠮᠲᠤᠪᠠᠷ ᠪᠠᠶᠢᠭᠤᠯᠵᠤ᠂ ᠴᠡᠷᠢᠭ ᠠᠷᠠᠳ ᠪᠦᠯᠬᠦᠮᠳᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠣᠳᠣᠬᠠᠨ ᠳᠤ᠂ ᠮᠠᠨ ᠤ ᠬᠤᠲᠠ ᠶᠠᠭ ᠪᠦᠬᠦ ᠲᠠᠯ᠎ᠠ ᠪᠠᠷ ᠬᠦᠴᠢᠷᠳᠡᠯ ᠢ ᠰᠢᠪᠲᠤᠯᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠯᠳᠡ ᠬᠢᠬᠦ ᠵᠠᠩᠭᠢᠯᠠᠭ᠎ᠠ ᠶᠢᠨ | ᠱᠠᠲᠤᠨ ᠳᠤ ᠣᠷᠣᠰᠢᠵᠤ ᠪᠠᠶᠢᠨ᠎ᠠ᠂ ᠪᠢᠳᠡ ᠬᠦᠴᠢᠷ ᠢ ᠮᠡᠳᠡᠵᠦ ᠬᠦᠨᠳᠦ ᠶᠢ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠶᠢᠨ | ᠬᠡᠷᠡᠭᠵᠢᠭᠦᠯᠦᠭᠴᠢ᠂ ᠲᠣᠣᠱᠯᠠᠭᠤᠯᠤᠭᠴᠢ᠂ ᠪᠣᠳᠠᠲᠠᠢ ᠠᠵᠢᠯᠯᠠᠭᠴᠢ ᠪᠣᠯᠵᠤ᠂ ᠨᠠᠮ ᠪᠣᠯᠣᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ | ᠬᠥᠰᠡᠷᠳᠡᠭᠦᠯᠬᠦ ᠦᠭᠡᠢ ᠶᠤᠮ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ︽ᠬᠤᠶᠠᠷ ᠢ ᠲᠤᠬᠳᠠᠭᠠᠬᠰᠠᠨ︾ ᠢ ᠡᠷᠡᠰ ᠬᠠᠮᠠᠭᠠᠯᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ | ᠣᠷᠣᠬᠰᠢᠯᠠᠨᠠ᠃ ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ | ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠠᠵᠢᠯ ᠤᠨ ᠭᠤᠣᠯ ᠰᠢᠵᠢᠮ ᠢᠶᠠᠨ ᠪᠠᠲᠤ ᠡᠵᠡᠮᠳᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠤᠳᠬᠠᠬᠤ ᠭᠤᠣᠯ | ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠤᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠦᠢᠯᠡᠰ ᠲᠤ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ︾ ᠣᠯᠠᠨ ᠲᠥᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠠᠬ᠎ᠠ ᠳᠡᠭᠦᠦ | ᠮᠡᠳᠦ ᠳᠣᠲᠣᠨᠣ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠲᠠᠩᠰᠠᠯᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠳᠠ᠂ ᠲᠤᠭ᠎ᠠ ᠪᠦᠷᠢᠳᠬᠡᠯ ᠪᠠ | ᠬᠢᠨᠠᠨ ᠪᠣᠳᠣᠯᠳᠠ ᠶᠢᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠡᠷᠬᠡ ᠶᠢᠨ ᠠᠵᠢᠯᠯᠠᠭ᠎ᠠ ᠶᠢ ᠢᠮᠠᠭᠲᠠ | ᠢᠯᠡ ᠪᠠᠶᠢᠯᠭᠠᠨ᠎ᠠ᠃ | ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠪᠠᠨ ᠡᠭᠦᠷᠢᠳᠡ ᠬᠠᠳᠠᠭᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠢᠮᠠᠭᠲᠠ ᠠᠷᠠᠳ | ᠤᠯᠠᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠢ ᠰᠢᠢᠳᠪᠦᠷᠢᠯᠡᠵᠦ᠂ ᠵᠠᠰᠠᠭ ᠠᠷᠠᠳ | ᠬᠠᠷᠢᠯᠴᠠᠨ ᠬᠥᠳᠡᠯᠦᠯᠴᠡᠵᠦ᠂ ᠠᠷᠠᠳ ᠣᠷᠢᠶᠠᠯᠠᠪᠠᠯ ᠵᠠᠰᠠᠭ ᠬᠦᠳᠡᠯᠦᠯ ᠲᠠᠢ ᠪᠠᠶᠢᠬᠤ ᠶᠢ ᠪᠡᠶᠡᠯᠡᠭᠦᠯᠦᠨ᠎ᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠳᠤ ᠨᠡᠶᠢᠴᠡᠭᠦᠯᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ | ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠪᠠᠷ ᠢᠶᠠᠨ ᠠᠷᠠᠳ ᠤᠨ ᠢᠲᠡᠭᠡᠯ ᠢ ᠣᠯᠬᠤ ᠪᠠᠷ ᠴᠢᠷᠮᠠᠶᠢᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠎ᠠ᠃ ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ | ᠳᠠᠪᠰᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠣᠭᠲᠠᠴᠠ ᠶᠢᠨ ᠬᠠᠷᠰᠢ ᠰᠠᠭᠠᠳ ᠢ | ᠰᠢᠢᠳᠪᠦᠷᠢᠯᠡᠵᠦ᠂ ᠠᠷᠭ᠎ᠠ ᠵᠠᠮ ᠤᠨ ᠲᠦᠰᠢᠭᠯᠡᠯ ᠢ ᠡᠪᠳᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠨᠡᠩ ᠰᠠᠶᠢᠲᠤᠷ ᠬᠡᠷᠡᠭᠯᠡᠨ ᠠᠵᠤ ᠠᠬᠤᠢ ᠶᠢᠨ | ᠬᠥᠭᠵᠢᠯᠲᠡ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠲᠡᠭᠡᠭᠰᠢᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠬᠤ᠂ ᠱᠠᠯᠠᠪᠳᠠᠭᠤᠯᠤᠨ ᠪᠠᠶᠢᠴᠠᠭᠠᠬᠤ | ᠂ ᠬᠠᠷᠢᠭᠤ ᠲᠤᠰᠬᠠᠬᠤ ᠪᠢᠲᠡᠭᠦᠦ ᠴᠠᠭᠠᠷᠢᠭ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ ᠡᠴᠦᠰ ᠲᠤᠨᠢ ᠲᠤᠯᠲᠠᠯ᠎ᠠ | ᠠᠳᠬᠤᠵᠤ᠂ ᠪᠣᠳᠠᠲᠠᠢ ᠠᠵᠢᠯᠯᠠᠬᠤ ᠪᠠᠷ ᠨᠡᠩ ᠶᠡᠭᠡ ᠬᠥᠭᠵᠢᠯᠲᠡ ᠶᠢ ᠲᠡᠮᠡᠴᠡᠨ ᠣᠯᠣᠨ᠎ᠠ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ︽ | ᠤᠳᠠᠭᠠᠨ ᠪᠦᠳᠦᠭᠦᠯᠢᠭ ᠬᠡᠶᠢᠰᠪᠤᠷᠢ︾ ᠰᠤᠷᠲᠠᠯ ᠤᠨ ᠠᠷᠬᠠᠭ ᠭᠡᠮ ᠢ ᠦᠷᠭᠦᠯᠵᠢᠯᠡᠨ ᠵᠠᠯᠠᠷᠠᠭᠤᠯᠵᠤ᠂ ᠬᠠᠨᠳᠤᠯᠭ᠎ᠠ ᠲᠠᠢ ᠪᠠᠷ ᠲᠦᠷᠦ ᠶᠢᠨ ᠪᠣᠳᠣᠯᠭ᠎ᠠ ᠬᠡᠷᠡᠭᠵᠢᠭᠦᠯᠵᠦ | ᠦᠨᠳᠦᠰᠦᠨ ᠱᠠᠲᠤᠨ ᠤ ᠬᠦᠯᠢᠶᠡᠰᠦ ᠶᠢ ᠠᠯᠳᠠᠷᠠᠭᠠᠨ ᠳᠠᠷᠤᠭᠠᠰᠤ ᠶᠢ ᠬᠦᠩᠭᠡᠷᠡᠭᠦᠯᠦᠨ᠎ᠡ᠃ ᠠᠷᠪᠢᠯᠠᠨ ᠭᠠᠮᠨᠠᠵᠤ ᠠᠮᠢᠳᠤᠷᠠᠬᠤ ᠳᠠᠳᠬᠠᠯ ᠲᠠᠢ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠲᠥᠰᠥᠪ ᠤᠨ ᠬᠢᠵᠠᠭᠠᠷᠯᠠᠯ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ | ᠰᠤᠷᠲᠠᠯ ᠢ ᠲᠥᠪ ᠪᠣᠯᠭᠠᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠭᠰᠡᠨ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠥᠯᠥᠭᠡᠯᠡᠭᠴᠢᠳ ᠠ᠋︕ ᠴᠢᠷᠮᠠᠶᠢᠨ ᠲᠡᠮᠡᠴᠡᠪᠡᠯ ᠬᠦᠰᠡᠯ ᠪᠡᠶᠡᠯᠡᠭᠳᠡᠵᠦ᠂ ᠪᠣᠳᠠᠲᠠᠢ ᠠᠵᠢᠯᠯᠠᠪᠠᠯ ᠢᠷᠡᠭᠡᠳᠦᠢ ᠶᠢ ᠴᠣᠭᠴᠠᠯᠠᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠠᠴᠢ ᠶᠢ ᠮᠡᠳᠡᠷᠡᠨ ᠡᠷᠡᠯᠬᠡᠭᠯᠡᠨ ᠤᠷᠤᠭᠰᠢᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠪᠤᠲᠠᠲᠠᠢ ᠠᠵᠢᠯᠯᠠᠵᠤ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | |