ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ ᠃ ᠥᠪᠥᠷ ᠮᠣᠩᠭᠤᠯ ᠬᠡᠷᠬᠢᠨ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠵᠢᠴᠢ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ | ᠰᠠᠶᠢᠲᠤᠷ ᠠᠭᠤᠰᠤᠯᠴᠠᠬᠤ ᠪᠤᠶ ︖ ᠡᠭᠦᠨ ᠤ ᠲᠤᠬᠠᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠢ ᠲᠤᠰᠬᠠᠶᠢᠯᠠᠨ ᠰᠤᠷᠪᠤᠯᠵᠢᠯᠠᠪᠠ ᠃ | ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠣᠨ᠎ᠠ | ᠠᠰᠠᠭᠤᠯᠲᠠ ᠄ ᠡᠨᠡ ᠵᠢᠯ ᠥᠪᠥᠷ ᠮᠣᠩᠭᠤᠯ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢᠨ ᠲᠣᠭᠤᠷᠢᠨ ᠳᠤ ᠶᠠᠮᠠᠷ ᠶᠠᠮᠠᠷ | ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠪᠤᠶ ︖ | ᠬᠠᠷᠢᠭᠤᠯᠲᠠ ᠄ ᠥᠪᠥᠷ ᠮᠣᠩᠭᠤᠯ ᠤᠨ ᠬᠥᠭᠵᠢᠯᠲᠡ ᠳᠤ ᠰᠠᠶᠢᠨ ᠪᠠᠶᠢᠳᠠᠯ ᠢᠯᠡᠷᠡᠵᠦ ᠂ ᠠᠵᠤ ᠠᠬᠤᠢ ᠨᠡᠶᠢᠭᠡᠮ ᠴᠢᠨᠠᠷ ᠰᠠᠶᠢᠲᠠᠢ ᠬᠥᠭᠵᠢᠯᠲᠡ ᠶᠢᠨ ᠰᠠᠶᠢᠨ | ᠣᠷᠴᠢᠯ ᠳᠤ ᠲᠦᠷᠭᠡᠨ ᠣᠷᠣᠭᠰᠠᠨ ᠤ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠪᠣᠯᠣᠨ | ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ ᠂ ᠡᠭᠦᠨ ᠤ ᠬᠠᠮᠲᠤ ᠲᠥᠪ ᠤᠨ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ ᠪᠣᠯᠣᠨ ᠨᠡᠮᠡᠭᠳᠡᠯ ᠲᠦᠷᠦ ᠶᠢᠨ | ᠪᠣᠳᠣᠯᠭ᠎ᠠ ᠶᠢᠨ ᠬᠦᠴᠦᠲᠡᠢ ᠲᠤᠯᠭᠠᠭᠤᠷᠢᠯᠠᠯ ᠳᠤ ᠪᠤᠢ ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠡᠮᠡᠴᠡᠬᠦ | ᠴᠤᠭ ᠵᠣᠷᠢᠭ ᠢᠶᠠᠷ ᠠᠵᠢᠯ ᠬᠢᠵᠦ ᠦᠢᠯᠡᠰ ᠪᠣᠰᠬᠠᠭᠰᠠᠨ ᠳᠤ ᠪᠠᠶᠢᠨ᠎ᠠ ᠃ | ᠡᠨᠡ ᠵᠢᠯ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠭᠠᠵᠤ ᠥᠭᠭᠦᠭᠰᠡᠨ ᠴᠢᠭᠯᠡᠯ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ ᠂ | ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ | ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠨᠠᠩ ᠶᠡᠭᠡ ᠠᠬᠢᠴᠠ ᠲᠠᠢ ᠪᠤᠯᠬᠤ ᠪᠠᠷ ᠴᠢᠷᠮᠠᠶᠢᠨ᠎ᠠ ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠠᠯ᠎ᠠ ᠪᠠᠷ ᠂ ︽ᠲᠠᠪᠤᠨ ᠶᠡᠭᠡ ᠡᠭᠦᠷᠭᠡ ︾ ᠶᠢ ᠦᠷᠭᠦᠯᠵᠢᠯᠡᠨ ᠠᠬᠢᠭᠤᠯᠵᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠂ ᠳᠤᠯᠠᠭᠠᠯᠠᠭ᠎ᠠ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ︽ᠵᠢᠷᠭᠤᠭᠠᠨ | ᠢᠨᠵᠧᠨᠧᠷᠢᠩ ︾ ᠢ ᠦᠷᠭᠦᠯᠵᠢᠯᠡᠨ ᠬᠡᠷᠡᠭᠵᠢᠭᠦᠯᠵᠦ ᠂ ︽ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠠᠬᠢᠵᠢᠭᠦᠯᠬᠦ ᠴᠢᠬᠤᠯᠠᠲᠠᠢ ᠶᠢ ᠨᠢ | ᠰᠠᠶᠢᠲᠤᠷ ᠪᠠᠬᠢᠵᠢᠭᠦᠯᠦᠨ ᠂ ᠨᠥᠬᠦᠪᠦᠷᠢᠯᠡᠬᠦ ᠴᠢᠬᠤᠯᠠᠲᠠᠢ ᠳᠤᠲᠠᠭᠤᠳᠠᠯ ᠢ ᠨᠥᠬᠦᠪᠦᠷᠢᠯᠡᠨ᠎ᠡ ᠃ | ᠨᠢᠭᠡ ᠳᠤ ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ | ᠴᠢᠬᠤᠯᠠ ᠶᠡᠭᠡ ᠢᠨᠵᠧᠨᠧᠷᠢᠩ ᠢ ᠤᠬᠠᠭᠠᠯᠠᠨ ᠲᠥᠯᠥᠪᠯᠡᠵᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠦᠷᠭᠦᠯᠵᠢᠯᠡᠨ ᠴᠢᠩᠭ᠎ᠠ | ᠠᠳᠬᠤᠵᠤ ᠂ ᠭᠠᠵᠠᠷ ᠰᠢᠷᠣᠢ ᠂ ᠪᠡᠯᠡ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠂ ᠲᠦᠷᠦᠯ ᠵᠦᠢᠯ ᠤᠨ ᠲᠦᠷᠭᠡᠨ ᠪᠦᠲᠦᠭᠡᠨ | ᠪᠠᠶᠢᠭᠤᠯᠵᠤ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠵᠤ ᠂ ᠨᠡᠮᠡᠭᠳᠡᠯ ᠢ ᠲᠣᠭᠲᠠᠪᠤᠷᠢᠵᠢᠭᠤᠯᠬᠤ ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠲᠤᠯᠭᠠᠭᠤᠷᠢᠯᠠᠯ | ᠬᠠᠩᠭᠠᠨ᠎ᠠ ᠃ | ᠬᠤᠶᠠᠷ ᠲᠤ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠂ ᠠᠷᠭ᠎ᠠ ᠪᠦᠭᠦᠨ ᠢ ᠰᠦᠪᠡᠭᠴᠢᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ | ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠡᠯ᠎ᠡ ᠱᠠᠲᠤᠨ ᠤ ᠬᠢᠨ ᠤ | ᠪᠠᠩᠬᠢ ᠶᠢᠨ ᠵᠢᠭᠡᠯᠡᠯᠭᠡ ᠲᠠᠯᠪᠢᠬᠤ ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠠᠬᠢᠭᠤᠯᠵᠤ ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠵᠦᠢᠯᠡᠰ ᠢ | ᠭᠦᠢᠴᠡᠳᠬᠡᠬᠦ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ ᠥᠭᠬᠦ ᠦᠢᠯᠡᠴᠢᠯᠡᠭᠡ ᠬᠠᠩᠭᠠᠨ᠎ᠠ ᠃ | ᠭᠤᠷᠪᠠ ᠳᠤ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠂ ᠠᠷᠭ᠎ᠠ ᠰᠦᠪᠡᠭᠴᠢᠯᠡᠨ ᠠᠵᠤ ᠠᠬᠤᠶᠢᠯᠠᠯ ᠢ ᠢᠯᠡᠭᠦᠬᠡᠨ ᠡᠷᠭᠢᠯᠡᠵᠤ ᠂ ᠠᠵᠢᠯ | ᠣᠯᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠠᠵᠢᠯ ᠣᠯᠭᠤᠯᠲᠠ ᠳᠤ ᠦᠢᠯᠡᠴᠢᠯᠡᠬᠦ ᠶᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ ᠂ ᠵᠠᠬ᠎ᠠ | ᠳᠡᠯᠭᠡᠭᠦᠷ ᠤᠨ ᠬᠡᠷᠡᠭᠴᠡᠭᠡ ᠶᠢ ᠣᠨᠢᠯᠠᠨ ᠪᠣᠯᠪᠠᠰᠤᠷᠠᠯ ᠥᠷᠨᠢᠭᠦᠯᠵᠦ ᠂ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯᠴᠢᠨ | ᠬᠡᠷᠡᠭᠯᠡᠬᠦ ᠶᠢ ᠬᠥᠲᠥᠯᠥᠨ ᠵᠢᠯᠤᠭᠤᠳᠴᠤ ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠤᠯᠠᠨ ᠲᠦᠮᠡᠨ ᠢ ᠬᠠᠪᠰᠤᠷᠤᠨ ᠠᠵᠢᠯ ᠣᠯᠭᠤᠨ᠎ᠠ ᠃ | ᠳᠥᠷᠪᠡ ᠳᠤ ᠂ ᠤᠰᠤ ᠠᠷᠪᠢᠯᠠᠬᠤ ᠠᠵᠢᠯᠯᠠᠭ᠎ᠠ ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠂ ᠠᠵᠤ ᠦᠢᠯᠡᠳᠪᠦᠷᠢ ᠶᠢᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠂ ᠬᠡᠪ ᠤᠨ ᠪᠤᠰᠤ ᠤᠰᠤ ᠶᠢ ᠠᠰᠢᠭᠯᠠᠬᠤ ᠪᠠ ᠵᠠᠬ᠎ᠠ | ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠤᠰᠤ ᠠᠷᠪᠢᠯᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠵᠡᠷᠭᠡ ᠠᠷᠭ᠎ᠠ ᠪᠠᠷ ᠳᠠᠮᠵᠢᠨ ᠂ ᠠᠷᠪᠢᠯᠠᠵᠤ ᠪᠤᠯᠬᠤ ᠤᠰᠤ ᠶᠢ | ᠪᠦᠭᠦᠨ ᠢ ᠠᠷᠪᠢᠯᠠᠨ᠎ᠠ ᠃ | ᠲᠠᠪᠤ ᠳᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠥᠷᠨᠢᠭᠦᠯᠦᠨ ᠂ ᠣᠷᠣᠰ ᠮᠣᠩᠭᠤᠯ ᠲᠡᠶᠢᠰᠢ ᠨᠡᠭᠡᠭᠡᠯᠲᠡ ᠬᠢᠬᠦ ᠶᠢ | ᠤᠯᠠᠮ ᠨᠢᠭᠡ ᠠᠯᠬᠤᠮ ᠥᠷᠭᠡᠳᠬᠡᠵᠦ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ ᠂ ᠪᠡᠭᠡᠵᠢᠩ ᠥᠪᠥᠷ | ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ | ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ ᠃ | ᠵᠢᠷᠭᠤᠭ᠎ᠠ ᠳᠤ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠦᠨ ᠂ ᠰᠤᠳᠤᠯᠤᠨ ᠲᠠᠶᠢᠯᠪᠤᠷᠢᠯᠠᠬᠤ ᠪᠠ | ᠤᠬᠠᠭᠤᠯᠤᠨ ᠳᠡᠯᠭᠡᠨ ᠦᠵᠡᠭᠦᠯᠭᠦ ᠶᠢ ᠴᠢᠩᠭᠠᠳᠬᠠᠵᠤ ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ ᠂ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ ᠲᠠᠢ ᠪᠣᠯᠭᠠᠨ᠎ᠠ ᠃ | | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ | ᠠᠰᠠᠭᠤᠯᠲᠠ ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠬᠠᠢ ᠪᠠᠶᠢᠷᠢᠯᠠᠭᠤᠯᠤᠯᠲᠠ ᠬᠢᠪᠡ ᠂ ᠡᠭᠦᠨ ᠤ ᠲᠤᠬᠠᠢ ᠥᠪᠥᠷ ᠮᠣᠩᠭᠤᠯ ᠬᠡᠷᠬᠢᠨ ᠤᠬᠠᠭᠠᠯᠠᠨ ᠲᠥᠯᠥᠪᠯᠡᠬᠦ ᠪᠤᠶ ︖ | ᠬᠠᠷᠢᠭᠤᠯᠲᠠ ᠄ ᠪᠢᠳᠡ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠵᠤ ᠂ | ᠨᠡᠭᠦᠷᠡᠰᠦᠲᠥ᠋ᠷᠥᠭᠴᠢ ᠶᠢ ᠪᠠᠭᠠᠰᠬᠠᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠶᠢ ᠥᠷᠭᠡᠳᠬᠡᠬᠦ ᠂ ᠨᠡᠮᠡᠭᠳᠡᠯ ᠢ ᠬᠠᠮᠵᠢᠯᠴᠠᠨ ᠠᠬᠢᠭᠤᠯᠵᠤ ᠂ ︽ | ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠰᠢᠭ ᠭᠦᠷᠳᠡᠭᠦ ︾ ᠶᠢ ᠴᠢᠷᠮᠠᠶᠢᠨ ᠪᠡᠶᠡᠯᠡᠭᠦᠯᠦᠨ᠎ᠡ ᠃ | ᠨᠢᠭᠡ ᠲᠠᠯ᠎ᠠ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ ᠂ ᠡᠬᠢ ᠪᠠᠶᠠᠯᠢᠭ ᠤᠨ ᠬᠦᠴᠦᠨ ᠢ | ᠨᠢᠭᠡᠳᠦᠯᠲᠡᠢ ᠲᠥᠯᠥᠪᠵᠢᠭᠦᠯᠦᠨ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ | ᠰᠠᠶᠢᠲᠤᠷ ᠬᠢᠨ᠎ᠡ ᠃ ᠡᠨᠡ ᠵᠢᠯ ᠨᠢᠭᠡᠨᠲᠡ ᠵᠠᠰᠠᠭᠰᠠᠨ ᠣᠷᠣᠨ ᠪᠦᠰᠡ ᠶᠢᠨ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠬᠦ ᠂ ᠰᠡᠷᠭᠦᠭᠡᠵᠦ ᠬᠠᠮᠢᠶᠠᠷᠤᠨ ᠬᠠᠮᠠᠭᠠᠯᠠᠬᠤ ᠶᠢ | ᠰᠠᠶᠢᠲᠤᠷ ᠠᠳᠬᠤᠬᠤ ᠶᠢᠨ ᠵᠡᠷᠭᠡ ᠪᠠᠷ᠂ ᠳᠠᠭᠢᠨ 2000 ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠪᠠᠷ ᠲᠥᠯᠥᠪᠯᠡᠵᠦ ᠂ ᠬᠠᠲᠤᠨ ᠭᠤᠣᠯ ᠤᠨ ︽ᠶᠡᠭᠡ | ᠲᠣᠬᠤᠢ ︾ ᠶᠢᠨ ᠡᠷᠭᠢ ᠳᠠᠭᠠᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠨ ᠤ ᠵᠠᠬ᠎ᠠ ᠶᠢ ᠪᠠᠬᠢᠯᠡᠬᠦ ᠨᠣᠭᠤᠭᠠᠷᠠᠭᠤᠯᠤᠯᠲᠠ ᠶᠢᠨ ᠪᠦᠰᠡ ᠶᠢ ᠪᠦᠭᠦ ᠱᠤᠭᠤᠮ ᠢᠶᠠᠷ | ᠨᠡᠪᠲᠡᠷᠡᠭᠦᠯᠬᠦ ᠶᠢ ᠠᠬᠢᠭᠤᠯᠵᠤ ᠂ ᠪᠠᠳᠠᠢ ᠶᠢᠨ ᠵᠢᠷᠠᠨ ᠂ ᠲᠡᠭᠷᠢ ᠡᠯᠡᠰᠦ ᠶᠢ ᠲᠣᠭᠲᠠᠪᠤᠷᠢᠵᠢᠭᠤᠯᠤᠨ ᠪᠠᠬᠢᠯᠡᠬᠦ ᠨᠣᠭᠤᠭᠠᠷᠠᠭᠤᠯᠤᠯᠲᠠ ᠶᠢᠨ ᠪᠦᠰᠡ ᠶᠢ ᠬᠤᠯᠪᠣᠨ | ᠵᠠᠯᠭᠠᠯᠳᠤᠭᠤᠯᠬᠤ ᠶᠢ ᠪᠡᠶᠡᠯᠡᠭᠦᠯᠦᠨ᠎ᠡ ᠃ ᠡᠭᠦᠨ ᠤ ᠵᠡᠷᠭᠡ ᠪᠠᠷ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠵᠦ ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠬᠦ ᠶᠢ | ᠠᠬᠢᠭᠤᠯᠤᠨ᠎ᠠ ᠃ ᠨᠢᠭᠡ ᠲᠠᠯ᠎ᠠ ᠪᠠᠷ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠠᠬᠢᠭᠤᠯᠵᠤ ᠂ ᠣᠲᠣ ᠦᠶ᠎ᠡ ᠶᠢᠨ ᠡᠨᠧᠷᠭᠢ ᠶᠢᠨ ᠠᠵᠤ | ᠠᠬᠤᠢ ᠶᠢᠨ ᠠᠵᠢᠯ ᠢ ᠰᠠᠶᠢᠲᠤᠷ ᠬᠢᠨ᠎ᠡ ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠠᠯᠬᠤᠮ ᠢᠶᠠᠨ ᠲᠦᠷᠭᠡᠳᠬᠡᠵᠦ ᠂ ᠨᠡᠭᠦᠷᠡᠰᠦ ᠂ ᠰᠢᠨ᠎ᠡ | ᠡᠨᠧᠷᠭᠢ ᠵᠡᠷᠭᠡ ᠠᠵᠤ ᠦᠢᠯᠡᠰ ᠤᠨ ᠬᠥᠭᠵᠢᠯᠲᠡ ᠶᠢ ᠪᠦᠭᠦ ᠬᠡᠯᠬᠢᠶ᠎ᠡ ᠪᠠᠷ ᠠᠬᠢᠭᠤᠯᠵᠤ ᠂ ᠨᠡᠭᠦᠷᠡᠰᠦ ᠬᠤᠳᠠᠯᠳᠤᠬᠤ ᠶᠢ ᠴᠠᠭᠢᠯᠭᠠᠨ ᠳᠠᠮᠵᠢᠭᠤᠯᠬᠤ ᠪᠣᠯᠭᠠᠨ | ᠬᠤᠪᠢᠷᠠᠭᠤᠯᠵᠤ ᠂ ᠲᠦᠯᠡᠰᠢ ᠶᠢ ᠲᠦᠭᠦᠬᠡᠢ ᠡᠳ᠋ ᠪᠣᠯᠭᠠᠨ ᠬᠤᠪᠢᠷᠠᠭᠤᠯᠵᠤ ᠂ ᠪᠣᠬᠢᠷᠳᠤᠯ ᠦᠭᠡᠢ ᠴᠠᠭᠢᠯᠭᠠᠨ ᠭᠠᠷᠭᠠᠬᠤ ᠶᠢ ᠪᠣᠬᠢᠷᠳᠤᠯ ᠦᠭᠡᠢ ᠤᠰᠤᠲᠥ᠋ᠷᠥᠭᠴᠢ | ᠪᠣᠬᠢᠷᠳᠤᠯ ᠦᠭᠡᠢ ᠰᠢᠪᠲᠦᠷ ᠪᠣᠬᠢᠷᠳᠤᠯ ᠦᠭᠡᠢ ᠠᠯᠺᠤᠣᠯ ᠪᠣᠯᠭᠠᠨ ᠬᠡᠯᠬᠢᠶ᠎ᠡ ᠶᠢ ᠤᠷᠲᠤᠳᠬᠠᠨ᠎ᠠ ᠃ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ ᠂ ᠪᠢᠳᠠ ᠴᠠᠭᠢᠯᠭᠠᠨ ᠤ ᠢᠷᠡᠯᠲᠡ ᠶᠢ ᠨᠡᠮᠡᠭᠳᠡᠭᠦᠯᠬᠦ ᠂ ᠴᠠᠭᠢᠯᠭᠠᠨ ᠲᠣᠣᠷ ᠢ ᠰᠢᠯᠢᠳᠡᠭᠵᠢᠭᠦᠯᠬᠦ ᠂ ᠲᠤᠬᠠᠢ ᠶᠢᠨ | ᠭᠠᠵᠠᠷ ᠲᠠᠭᠠᠨ ᠰᠢᠩᠭᠡᠭᠡᠬᠦ ᠶᠢ ᠥᠷᠭᠡᠳᠬᠡᠬᠦ ᠂ ᠡᠨᠧᠷᠭᠢ ᠨᠥᠭᠡᠴᠡᠯᠡᠬᠦ ᠶᠢ ᠬᠦᠴᠦᠷᠬᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ | ᠤᠯᠤᠰ ᠤᠨ ᠴᠠᠭᠢᠯᠭᠠᠨ ᠲᠣᠣᠷ ᠯᠤᠭ᠎ᠠ ᠬᠠᠮᠲᠤᠷᠠᠯᠴᠠᠭᠰᠠᠨ ᠰᠠᠨᠠᠭᠤᠯᠤᠮᠵᠢ ᠳᠤ ᠲᠣᠬᠢᠷᠠᠯᠴᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ | ᠠᠬᠢᠭᠤᠯᠵᠤ ᠂ ︽ᠡᠯᠡᠰᠦ ᠭᠤᠪᠢ ᠴᠦᠯ ︾ ᠤᠨ ᠲᠣᠮᠣ ᠰᠠᠭᠤᠷᠢᠨ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠲᠦᠷᠦᠯ ᠵᠦᠢᠯ ᠢ ᠶᠡᠭᠡ ᠪᠠᠷ ᠬᠡᠷᠡᠭᠵᠢᠭᠦᠯᠵᠦ ᠂ ᠪᠣᠬᠢᠷᠳᠤᠯ ᠦᠭᠡᠢ ᠤᠰᠤᠲᠥ᠋ᠷᠥᠭᠴᠢ ᠶᠢᠨ ︽ | ᠦᠢᠯᠡᠳᠬᠦ ᠨᠥᠭᠡᠴᠡᠯᠡᠬᠦ ᠬᠦᠷᠭᠡᠬᠦ ᠬᠡᠷᠡᠭᠯᠡᠬᠦ ︾ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠵᠤ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠥᠨᠳᠦᠷᠯᠢᠭ ᠢ ᠴᠢᠷᠮᠠᠶᠢᠨ ᠴᠣᠭᠴᠠᠯᠠᠨ᠎ᠠ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ | ᠠᠰᠠᠭᠤᠯᠳᠠ ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠂ ᠥᠪᠥᠷ ᠮᠣᠩᠭᠤᠯ ᠡᠨᠡ ᠠᠵᠢᠯ ᠢ ᠬᠡᠷᠬᠢᠨ ᠠᠬᠢᠭᠤᠯᠬᠤ ᠪᠤᠢ ︖ | ᠬᠠᠷᠢᠭᠤᠯᠲᠠ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠲᠣᠪᠣᠶᠢᠮ᠎ᠠ ᠳᠤᠲᠠᠭᠤᠳᠠᠯ ᠪᠣᠯᠣᠨ᠎ᠠ ᠂ | ᠪᠢᠳᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠵᠤ ᠳᠡᠶᠢᠯᠭᠦ ᠬᠦᠰᠡᠯ ᠡᠷᠡᠮᠡᠯᠵᠡᠯ ᠲᠠᠢ ︽ᠪᠦᠰᠡᠯᠡᠯᠲᠡ ᠰᠢᠪᠲᠤᠯᠬᠤ ︾ ᠴᠡᠭ ᠢ ᠴᠢᠩᠭ᠎ᠠ | ᠠᠳᠬᠤᠵᠤ ᠦᠷᠭᠦᠯᠵᠢᠯᠡᠨ ᠪᠣᠭᠤᠮᠲᠠ ᠰᠢᠪᠲᠤᠯᠵᠤ ᠂ ᠨᠢᠭᠡᠨᠲᠡ ᠪᠠᠶᠢᠷᠢᠯᠠᠭᠤᠯᠤᠭᠰᠠᠨ 5 ᠴᠡᠭ ᠳᠡᠭᠡᠷ᠎ᠡ ᠠᠯᠢ ᠲᠦᠷᠭᠡᠨ ᠢᠶᠠᠷ ᠮᠡᠷᠭᠡᠵᠢᠯ ᠤᠨ ᠰᠢᠪᠲᠤᠯᠤᠯᠲᠠ | ᠭᠠᠷᠭᠠᠵᠤ ᠂ ᠵᠣᠬᠢᠶᠠᠮᠠᠯ ᠣᠶᠤᠨ ᠴᠢᠳᠠᠪᠤᠷᠢ + ᠣᠶᠢᠷ᠎ᠠ ᠣᠭᠲᠠᠷᠭᠤᠢ ᠶᠢᠨ ᠠᠵᠤ ᠠᠬᠤᠢ ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶᠡᠨ ᠳᠤ ᠪᠠᠰᠠ ᠨᠢᠭᠡ | ᠪᠦᠯᠦᠭ ᠰᠢᠨ᠎ᠡ ᠴᠡᠭ ᠢ ᠡᠬᠢᠯᠡᠭᠦᠯᠵᠦ ᠂ ᠣᠯᠠᠨ ᠲᠠᠯ᠎ᠠ ᠪᠠᠷ ᠬᠥᠭᠵᠢᠭᠦᠯᠦᠨ ᠴᠡᠴᠡᠭᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ ᠃ ᠳᠡᠭᠡᠳᠦ ᠳᠡᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠦᠷᠭᠦᠯᠵᠢᠯᠡᠨ ᠡᠭᠦᠳᠦᠨ ᠪᠠᠶᠢᠭᠤᠯᠵᠤ ᠂ ᠭᠦᠭᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠶᠢ | ᠵᠥᠪᠰᠢᠶᠡᠷᠡᠭᠦᠯᠬᠦ ᠪᠠᠷ ᠴᠢᠷᠮᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ | ᠠᠯᠪᠠᠳᠠᠯᠭ᠎ᠠ ᠶᠢᠨ ᠴᠢᠨᠠᠷᠲᠠᠢ ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ ᠂ ︽ᠮᠧᠩ ᠺᠧ ᠵᠢᠦᠢ ︾ᠲᠠᠪᠴᠠᠩ ᠤᠨ ᠴᠢᠬᠤᠯᠠ ᠶᠡᠭᠡ ᠬᠥᠲᠥᠯᠥᠨ | ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠬᠦ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠦᠷᠭᠡᠨ ᠬᠥᠭᠵᠢᠯᠲᠡ ᠨᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ | ᠳᠡᠰ ᠳᠡᠪᠰᠢᠭᠦᠯᠬᠦ ᠶᠢ ᠬᠦᠴᠦᠲᠡᠢ ᠳᠠᠶᠢᠴᠢᠯᠠᠵᠤ ᠴᠢᠳᠠᠨ᠎ᠠ ᠃ ᠨᠢᠳᠤᠨᠤᠨ ᠮᠠᠨ ᠤ ᠣᠷᠣᠨ ᠤ ᠰᠦ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ | ᠣᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ ᠂ ᠡᠨᠡ | ᠬᠡᠳᠦᠨ ᠠᠵᠤ ᠦᠢᠯᠡᠰ ᠲᠤ ᠪᠢᠳᠡ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ ᠃ ᠡᠭᠦᠨ ᠤ | ᠬᠠᠮᠲᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠵᠡᠷᠭᠡ ᠶᠢᠨ | ᠬᠥᠭᠵᠢᠯᠲᠡ ᠶᠢ ᠶᠡᠭᠡ ᠪᠠᠷ ᠠᠬᠢᠭᠤᠯᠵᠤ ᠂ ᠪᠣᠳᠣᠯᠲᠠ ᠶᠢᠨ ᠬᠦᠴᠦᠨ ᠤ ᠬᠡᠪᠴᠢᠶ᠎ᠡ ᠶᠢ ᠰᠢᠨ᠎ᠡ ᠰᠢᠪᠲᠤᠯᠤᠯᠲᠠ ᠲᠠᠢ ᠪᠤᠯᠭᠠᠵᠤ ᠂ ᠣᠶᠤᠨᠴᠢ ᠪᠣᠳᠣᠯᠲᠠ ᠶᠢᠨ | ᠬᠡᠪᠴᠢᠶ᠎ᠡ ᠶᠢ ᠪᠦᠭᠦ ᠤᠯᠤᠰ ᠤᠨ ᠲᠡᠷᠢᠭᠦᠨ ᠪᠠᠶᠢᠷᠢᠨ ᠳᠤ ᠪᠠᠶᠢᠯᠭᠠᠬᠤ ᠪᠠᠷ ᠴᠢᠷᠮᠠᠶᠢᠨ᠎ᠠ ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠵᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ | ᠠᠰᠠᠭᠤᠯᠲᠠ ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠥᠪᠥᠷ ᠮᠣᠩᠭᠤᠯ ᠭᠤᠣᠯᠳᠠᠯᠭ᠎ᠠ ᠪᠠᠨ ᠬᠠᠮᠢᠭ᠎ᠠ ᠠᠴᠠ ᠬᠦᠴᠦᠯᠡᠬᠦ ᠪᠤᠢ ︖ | ᠬᠠᠷᠢᠭᠤᠯᠲᠠ ᠄ ᠥᠪᠥᠷ ᠮᠣᠩᠭᠤᠯ ᠤᠨ ᠬᠥᠭᠵᠢᠯᠲᠡ ᠳᠤᠮᠳᠠ ᠬᠠᠮᠤᠭ ᠤᠨ ᠲᠤᠯᠭᠠᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯ ᠵᠠᠬ᠎ᠠ ᠳᠡᠯᠭᠡᠭᠦᠷ ᠤᠨ | ᠤᠬᠠᠮᠰᠠᠷ ᠴᠢᠩᠭ᠎ᠠ ᠪᠤᠰᠤ ᠠᠰᠠᠭᠤᠳᠠᠯ ᠪᠣᠯᠣᠨ᠎ᠠ ᠃ ᠪᠢᠳᠡᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠭᠤᠣᠯᠳᠠᠯᠭ᠎ᠠ ᠨᠢ ᠡᠯ᠎ᠡ | ᠱᠠᠲᠤᠨ ᠤ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ ︽ᠭᠤᠷᠪᠠᠨ ᠲᠦᠪᠰᠢᠨ ︾ ᠢ ᠳᠡᠭᠡᠭᠰᠢᠯᠡᠭᠦᠯᠭᠦ ᠶᠢ ᠠᠬᠢᠭᠤᠯᠬᠤ ᠶᠠᠪᠤᠳᠠᠯ | ᠪᠣᠯᠣᠨ᠎ᠠ ᠃ | ᠨᠢᠭᠡ ᠳᠤ ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ ᠃ | ᠠᠵᠤ ᠠᠬᠤᠢ ᠶᠢᠨ ᠠᠵᠢᠯᠯᠠᠭ᠎ᠠ ᠶᠢ ᠥᠷᠨᠢᠭᠦᠯᠬᠦ ᠳᠡᠭᠡᠨ ᠡᠷᠬᠡᠪᠰᠢ ᠠᠵᠤ ᠠᠬᠤᠢ ᠶᠢᠨ ᠵᠢᠮ᠎ᠡ ᠶᠣᠰᠣ ᠪᠠᠷ ᠠᠵᠢᠯᠯᠠᠵᠤ ᠂ ᠵᠠᠬ᠎ᠠ ᠳᠡᠯᠭᠡᠭᠦᠷ ᠲᠤ ᠲᠤᠰᠢᠶᠠᠨ ᠥᠭᠴᠦ | ᠪᠤᠯᠬᠤ ᠶᠢ ᠨᠢ ᠵᠠᠬ᠎ᠠ ᠳᠡᠯᠭᠡᠭᠦᠷ ᠲᠤ ᠲᠤᠰᠢᠶᠠᠨ ᠥᠭᠴᠦ ᠂ ᠠᠯᠢ ᠴᠢᠳᠠᠬᠤ ᠪᠠᠷ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠬᠡᠷᠡᠭᠲᠡᠢ ᠃ ᠪᠢᠳᠡ ᠦᠷ᠎ᠡ | ᠠᠰᠢᠭ ᠤᠨ ᠤᠳᠤᠷᠢᠳᠤᠮᠵᠢ ᠶᠢ ᠲᠤᠪᠤᠶᠢᠯᠭᠠᠵᠤ ᠂ ᠨᠠᠷᠢᠨ ᠪᠤᠳᠤᠬᠤ ᠤᠬᠠᠮᠰᠠᠷ ᠢᠶᠠᠨ ᠴᠢᠩᠭᠠᠳᠬᠠᠵᠤ ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ | ᠪᠠ ᠲᠡᠭᠦᠨ ᠳᠤ ᠦᠢᠯᠡᠴᠢᠯᠡᠬᠦ ᠤᠷᠢᠲᠠᠯ ᠳᠣᠣᠷ᠎ᠠ ᠂ ᠡᠨᠧᠷᠭᠢ ᠂ ᠴᠠᠭᠢᠯᠭᠠᠨ ᠬᠦᠴᠦ ᠂ ᠭᠠᠵᠠᠷ ᠰᠢᠷᠣᠢ ᠂ ᠳ᠋ᠠᠶᠢᠲ᠋ᠠ ᠵᠡᠷᠭᠡ ᠡᠯᠧᠮᠧᠨ᠋ᠲ ᠢ ᠪᠦᠭᠦᠨ ᠢ ᠵᠠᠬ᠎ᠠ | ᠳᠡᠯᠭᠡᠭᠦᠷᠴᠢᠯᠡᠯᠲᠡ ᠶᠢᠨ ᠠᠷᠭ᠎ᠠ ᠭᠡᠯᠪᠡᠷᠢ ᠪᠠᠷ ᠲᠣᠬᠢᠷᠠᠭᠤᠯᠤᠨ᠎ᠠ ᠃ | ᠬᠤᠶᠠᠷ ᠲᠤ ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠲᠥᠪ | ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ ᠵᠥᠪᠭᠡᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠴᠤ ︾ ᠪᠤᠯᠬᠤ | ᠦᠭᠡᠢ ᠂ ᠪᠠᠰᠠ ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ ︾ ᠬᠡᠷᠡᠭᠲᠡᠢ ᠃ ᠪᠢᠳᠡ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠠᠮᠠᠷᠠᠭᠤᠯᠬᠤ | ᠨᠥᠬᠦᠪᠦᠷᠢ ᠣᠯᠭᠤᠬᠤ ᠵᠡᠷᠭᠡ ᠲᠠᠯ᠎ᠠ ᠶᠢᠨ ᠠᠰᠢᠭᠲᠠᠢ ᠲᠤᠷᠰᠢᠯᠭ᠎ᠠ ᠶᠢ ᠭᠦᠢᠴᠡᠳ ᠠᠰᠢᠭᠯᠠᠵᠤ ᠂ ᠡᠯ᠎ᠡ ᠬᠦᠷᠢᠶᠡᠨ ᠳᠤ ᠡᠯᠧᠮᠧᠨ᠋ᠲ ᠤᠨ ᠵᠠᠬ᠎ᠠ ᠳᠡᠯᠭᠡᠭᠦᠷ ᠤᠨ | ᠬᠥᠰᠢᠭᠦᠷᠭᠡ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠂ ᠡᠭᠦᠨ ᠤ ᠤᠯᠠᠮ ᠠᠴᠠ ᠨᠡᠶᠢᠭᠡᠮ ᠤᠨ ᠡᠮᠬᠢ ᠵᠢᠷᠤᠮ ᠢ ᠰᠢᠯᠢᠳᠡᠭᠵᠢᠭᠦᠯᠦᠨ᠎ᠡ ᠃ | ᠭᠤᠷᠪᠠ ᠳᠤ ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ ᠃ ᠪᠢ | ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤᠮᠳᠠ ᠂ ᠮᠠᠰᠢ ᠣᠯᠠᠨ ᠤᠴᠢᠷ ᠶᠠᠪᠤᠳᠠᠯ ᠳᠤ ᠰᠦᠢᠳᠬᠡᠯ ᠬᠤᠷᠢᠶᠠᠬᠤ ᠬᠥᠮᠥᠨ ᠦᠭᠡᠢ | ᠪᠤᠯᠪᠠᠴᠤ ᠪᠠᠰᠠ ᠬᠠᠮᠢᠶᠠᠷᠬᠤ ᠬᠥᠮᠥᠨ ᠦᠭᠡᠢ ᠠᠴᠠ ᠪᠣᠯᠵᠤ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠵᠤ ᠴᠢᠳᠠᠬᠤ ᠦᠭᠡᠢ ᠪᠠᠶᠢᠬᠤ ᠶᠢ | ᠢᠯᠡᠷᠡᠭᠦᠯᠵᠡᠢ ᠃ ᠪᠢᠳᠡ ᠶᠠᠭ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ ︾ ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ ᠂ ᠨᠠᠩ | ᠣᠯᠠᠨ ᠡᠵᠡᠩᠨᠡᠯᠲᠡ ᠶᠢᠨ ᠭᠤᠣᠯ ᠴᠣᠭᠴᠠ ᠶᠢ ᠲᠠᠲᠠᠵᠤ ᠰᠤᠷᠭᠠᠨ ᠬᠥᠮᠦᠵᠢᠯ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠰ ᠲᠤ | ᠪᠡᠯᠡ ᠣᠷᠣᠭᠤᠯᠵᠤ ᠂ ᠣᠯᠠᠨ ᠲᠦᠮᠡᠨ ᠤ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ ᠃ | ᠠᠰᠠᠭᠤᠯᠲᠠ ᠄ ᠡᠨᠡ ᠵᠢᠯ ᠥᠪᠥᠷ ᠮᠣᠩᠭᠤᠯ ᠬᠡᠷᠬᠢᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠬᠤ ᠪᠤᠢ ︖ | ᠬᠠᠷᠢᠭᠤᠯᠲᠠ ᠄ ᠥᠪᠥᠷ ᠮᠣᠩᠭᠤᠯ ᠤᠯᠤᠰ ᠤᠨ ᠳᠣᠲᠣᠷ᠎ᠠ ᠨᠠᠢᠮᠠᠨ ᠮᠤᠵᠢ ᠣᠷᠣᠨ ᠲᠠᠢ ᠵᠠᠯᠭᠠᠯᠳᠤᠵᠤ ᠂ ᠭᠠᠳᠠᠨ᠎ᠠ ᠪᠠᠨ ᠤᠷᠤᠰ ᠪᠣᠯᠣᠨ ᠮᠣᠩᠭᠤᠯ | ᠤᠯᠤᠰ ᠲᠠᠢ ᠬᠢᠯᠢ ᠨᠡᠶᠢᠯᠡᠵᠦ ᠂ ᠣᠷᠣᠨ ᠪᠠᠶᠢᠷᠢ ᠶᠢᠨ ᠳᠠᠪᠠᠭᠤᠯᠢᠭ ᠪᠤᠰᠤᠳ ᠠᠴᠠ ᠢᠯᠡᠭᠦᠦ ᠪᠠᠶᠢᠳᠠᠭ ᠃ ᠡᠨᠡ ᠵᠢᠯ ᠂ ᠪᠢᠳᠡ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠵᠣᠷᠢᠯᠭ᠎ᠠ ᠪᠣᠯ ᠳᠠᠷᠤᠢ ᠭᠠᠳᠠᠭᠠᠳᠤ ᠂ ᠳᠣᠲᠣᠭᠠᠳᠤ ᠶᠢᠨ | ᠬᠠᠮᠲᠤᠷᠠᠯᠴᠠᠭ᠎ᠠ ᠪᠠ ᠣᠷᠣᠨ ᠤ ᠳᠣᠲᠣᠷᠠᠬᠢ ᠡᠯ᠎ᠡ ᠠᠶᠢᠮᠠᠭ ᠬᠤᠲᠠ ᠶᠢᠨ ᠬᠠᠮᠵᠢᠯᠴᠠᠭ᠎ᠠ ᠶᠢ ᠨᠢᠭᠡᠨ ᠰᠢᠨ᠎ᠡ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠭᠦ ᠶᠢᠨ | ᠲᠥᠯᠥᠭᠡ ᠶᠤᠮ ᠃ | ᠭᠠᠳᠠᠭᠠᠳᠤ ᠲᠠᠢ ᠬᠠᠷᠢᠯᠴᠠᠬᠤ ᠳᠤ ᠂ ᠭᠤᠣᠯᠳᠠᠭᠤ ᠣᠷᠣᠰ ᠮᠣᠩᠭᠤᠯ ᠳᠤ ᠨᠡᠭᠡᠭᠡᠯᠲᠡ ᠬᠢᠬᠦ ᠶᠢ ᠥᠷᠭᠡᠳᠬᠡᠵᠦ ᠂ ︽ᠭᠠᠷᠭᠠᠬᠤ ︾ ᠠᠵᠢᠯ ᠢ ᠴᠢᠨᠠᠭᠰᠢᠳᠠ | ᠰᠠᠶᠢᠲᠤᠷ ᠬᠢᠵᠦ ᠂ ︽ᠣᠷᠣᠭᠤᠯᠬᠤ ︾ ᠦᠢᠯᠡᠳᠬᠦᠨ ᠢ ᠰᠠᠶᠢᠲᠤᠷ ᠬᠡᠷᠡᠭᠯᠡᠵᠦ ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ ᠃ ᠳᠣᠲᠣᠭᠠᠳᠤ ᠳᠠᠭᠠᠨ ᠂ ᠭᠤᠣᠯᠳᠠᠯᠭ᠎ᠠ ᠨᠢ ᠪᠡᠭᠡᠵᠢᠩ ᠥᠪᠥᠷ | ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ ᠂ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ ︾ ᠪᠠ | ︽ᠳᠥᠷᠪᠡᠨ ᠵᠦᠢᠯ ᠤᠨ ᠠᠵᠢᠯᠯᠠᠭ᠎ᠠ ︾ ᠶᠢ ᠭᠦᠨᠵᠡᠭᠡᠢ ᠥᠷᠨᠢᠭᠦᠯᠵᠦ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠦᠢᠯᠡᠴᠢᠯᠡᠬᠦ ᠪᠠ | ᠠᠭᠤᠰᠤᠯᠴᠠᠬᠤ ᠳᠤᠮᠳᠠ ᠲᠣᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠦᠨ᠎ᠡ ᠃ ᠣᠷᠣᠨ ᠤ ᠳᠣᠲᠣᠷ᠎ᠠ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠂ ᠡᠯ᠎ᠡ ᠭᠠᠵᠠᠷ ᠤᠨ | ᠬᠢᠨ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ ᠂ ᠥᠪᠥᠷ | ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠂ ᠭᠦᠭᠡᠬᠤᠲᠠ ᠪᠤᠭᠤᠲᠤ ᠣᠷᠳᠣᠰ ᠦᠬᠠᠢ ᠵᠡᠷᠭᠡ ᠭᠠᠵᠠᠷ ᠣᠷᠣᠨ ᠂ ᠦᠬᠠᠢ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠬᠤᠯᠪᠤᠭᠠᠯᠠᠨ ᠬᠥᠳᠡᠯᠦᠯᠴᠡᠨ ᠬᠥᠭᠵᠢᠬᠦ ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠶᠢ ᠠᠬᠢᠭᠤᠯᠤᠨ᠎ᠠ ᠃ | ᠠᠷᠠᠳ ᠤᠨ ᠠᠮᠢᠳᠤᠷᠠᠯ ᠢ ᠨᠠᠩ ᠰᠠᠶᠢᠨ ᠪᠠᠲᠤᠯᠠᠨ ᠰᠠᠶᠢᠵᠢᠷᠠᠭᠤᠯᠤᠨ᠎ᠠ | ᠠᠰᠠᠭᠤᠯᠲᠠ ᠄ ᠰᠢᠨ᠎ᠡ ᠨᠢᠭᠡ ᠵᠢᠯ ᠳᠤ ᠂ ᠥᠪᠥᠷ ᠮᠣᠩᠭᠤᠯ ᠠᠷᠠᠳ ᠤᠨ ᠠᠮᠢᠳᠤᠷᠠᠯ ᠢ ᠬᠡᠷᠬᠢᠨ ᠨᠠᠩ ᠰᠠᠶᠢᠨ ᠪᠠᠲᠤᠯᠠᠨ ᠰᠠᠶᠢᠵᠢᠷᠠᠭᠤᠯᠬᠤ ᠪᠤᠶ ︖ | ᠬᠠᠷᠢᠭᠤᠯᠲᠠ ᠄ ᠬᠥᠭᠵᠢᠯᠲᠡ ᠶᠢᠨ ᠦᠷ᠎ᠡ ᠪᠦᠲᠦᠭᠡᠯ ᠢ ᠭᠠᠭᠴᠠ ᠬᠦ ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠪᠠᠯ ᠰᠠᠶ᠋ᠢ ᠣᠯᠠᠨ ᠲᠦᠮᠡᠨ ᠳᠤ | ᠨᠠᠩ ᠰᠠᠶᠢᠨ ᠠᠰᠢᠭ ᠬᠦᠷᠲᠡᠭᠡᠵᠦ ᠴᠢᠳᠠᠨ᠎ᠠ ᠃ ᠨᠢᠳᠤᠨᠤᠨ ᠂ ᠪᠢᠳᠡ 200 ᠳ᠋ᠦᠩᠰᠢᠭᠤᠷ ᠲᠥᠭᠦᠷᠢᠭ ᠰᠢᠬᠠᠮ ᠤᠨ ᠳᠤᠯᠠᠭᠠᠯᠠᠭ᠎ᠠ ᠶᠢᠨ ᠢᠨᠵᠧᠨᠧᠷᠢᠩ ᠢ | ᠬᠡᠷᠡᠭᠵᠢᠭᠦᠯᠵᠦ ᠂ ᠪᠦᠭᠦ ᠣᠷᠣᠨ ᠤ ᠠᠷᠠᠳ ᠲᠦᠮᠡᠨ ᠳᠤ ᠠᠮᠠᠯᠠᠭᠰᠠᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠠᠬᠢᠭᠤᠯᠬᠤ ᠪᠠᠷᠢᠮᠵᠢᠶ᠎ᠠ ᠪᠦᠭᠦ | ᠤᠯᠤᠰ ᠤᠨ ᠳᠤᠮᠳᠠᠴᠢ ᠲᠦᠪᠰᠢᠨ ᠳᠤ ᠭᠦᠷᠦᠭᠰᠡᠨ ᠪᠤᠶᠤ ᠳᠠᠪᠠᠭᠰᠠᠨ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ ᠃ ᠡᠨᠡ ᠵᠢᠯ ᠂ ᠪᠢᠳᠡ ᠡᠯ᠎ᠡ ᠵᠦᠢᠯ ᠤᠨ | ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠰᠠᠭᠤᠷᠢ ᠰᠤᠷᠭᠠᠨ ᠬᠥᠮᠦᠵᠢᠯ ᠢ ᠥᠷᠭᠡᠳᠬᠡᠨ ᠰᠢᠯᠢᠳᠡᠭᠵᠢᠭᠦᠯᠵᠦ ᠶᠠᠰᠤ | ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ ᠂ ᠡᠮᠴᠢᠯᠡᠭᠡ ᠂ ᠡᠮᠴᠢᠯᠡᠭᠡᠨ ᠤ ᠳᠠᠭᠠᠳᠬᠠᠯ ᠂ ᠡᠮ ᠡᠮᠨᠡᠯᠭᠡ ᠶᠢ ᠵᠣᠬᠢᠴᠠᠭᠤᠯᠤᠨ ᠬᠥᠭᠵᠢᠭᠦᠯᠬᠦ ᠪᠠ | ᠵᠠᠰᠠᠬᠤ ᠶᠢ ᠠᠬᠢᠭᠤᠯᠵᠤ ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ ᠂ ᠭᠤᠷᠪᠠᠨ | ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠠᠬᠢᠭᠤᠯᠵᠤ ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ ᠂ ᠰᠤᠷᠭᠠᠨ ᠬᠥᠮᠦᠵᠢᠯ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ︽ᠬᠥᠮᠥᠨ ᠪᠠᠶᠢᠭᠠᠳ | ᠬᠢᠬᠦ ᠠᠵᠢᠯ ᠦᠭᠡᠢ ︾ ᠪᠠ ︽ᠠᠵᠢᠯ ᠪᠠᠶᠢᠭᠠᠳ ᠬᠢᠬᠦ ᠬᠥᠮᠥᠨ ᠦᠭᠡᠢ ︾ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ | ᠰᠢᠢᠳᠪᠦᠷᠢᠯᠡᠵᠦ ᠂ ᠠᠵᠢᠯ ᠣᠯᠭᠤᠯᠲᠠ ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ ᠃ | |