ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠣᠶᠢᠷ᠎ᠠ ᠳᠤ ᠪᠦᠭᠦᠨ ᠢᠶᠠᠷ ᠢᠶᠠᠨ | ᠳᠠᠭᠤᠰᠪᠠ᠃ | ᠣᠶᠢᠷ᠎ᠠ ᠳᠤ᠂ 15 ᠲᠣᠭᠤᠷᠢᠨ ᠪᠠᠶᠢᠴᠠᠭᠠᠬᠤ ᠳᠤᠭᠤᠶᠢᠯᠠᠩ ᠲᠣᠰ ᠡᠭᠡᠯᠵᠢ ᠳᠤ ᠲᠣᠭᠤᠷᠢᠨ ᠪᠠᠶᠢᠴᠠᠭᠠᠭᠰᠠᠨ 30 ᠬᠤᠰᠢᠭᠤ ᠰᠢᠶᠠᠨ ︵ᠬᠤᠲᠠ᠂ ᠲᠣᠭᠤᠷᠢᠭ︶ | ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 6 ᠰᠠᠯᠠᠭ᠎ᠠ ᠮᠥᠴᠢᠷ ᠪᠣᠯᠣᠨ 6 ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠣᠰ ᠲᠣᠰ ᠨᠢᠭᠡᠳ | ᠨᠢᠭᠡ ᠪᠠᠷ ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠬᠢᠨ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ | ᠃ | ᠬᠠᠷᠢᠭᠤ ᠲᠤᠰᠬᠠᠬᠤ ᠳᠠᠭᠠᠨ᠂ ᠣᠶᠢᠷ᠎ᠠ ᠶᠢᠨ ᠵᠢᠯ ᠠᠴᠠ ᠨᠠᠭᠠᠰᠢ᠂ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ | ᠬᠠᠷᠢᠭᠤ ᠲᠤᠰᠬᠠᠬᠤ ᠳᠠᠭᠠᠨ ᠪᠠᠰᠠ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ | ᠭᠠᠷᠭᠠᠪᠠ᠃ ᠬᠤᠰᠢᠭᠤ ᠰᠢᠶᠠᠨ ︵ᠬᠤᠲᠠ᠂ ᠲᠣᠭᠤᠷᠢᠭ︶ ᠢ ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠨᠢ ᠡᠭᠦᠷᠭᠡ ᠴᠢᠳᠠᠪᠬᠢ | ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠵᠥᠷᠢᠶ᠎ᠡ ᠲᠠᠢ ᠪᠠᠶᠢᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ | ᠯᠠᠪᠳᠠᠭᠤᠨ ᠪᠠᠲᠤᠲᠠᠢ ᠪᠢᠰᠢ ᠪᠠᠶᠢᠨ᠎ᠠ︔ ᠵᠠᠷᠢᠮ ᠨᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠲᠠᠯ᠎ᠠ ᠪᠠᠷ ᠪᠦᠲᠦᠮᠵᠢᠲᠡᠢ ᠪᠢᠰᠢ᠂ | ᠤᠯᠠᠨ ᠲᠦᠮᠡᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦ ᠣᠷᠣᠭᠤᠯᠤᠭᠰᠠᠨ ᠢᠶᠠᠷ ᠬᠦᠷᠦᠯᠴᠡᠬᠦ | ᠦᠭᠡᠢ ᠪᠠᠶᠢᠨ᠎ᠠ︔ ᠵᠠᠷᠢᠮ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠴᠢᠩᠭ᠎ᠠ | ᠪᠢᠰᠢ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠣᠭᠤᠷᠢᠨ ᠪᠠᠶᠢᠴᠠᠭᠠᠭᠰᠠᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠤᠨ ᠪᠠᠶᠢᠳᠠᠯ ᠠᠴᠠ ᠦᠵᠡᠪᠡᠯ᠂ ᠵᠠᠷᠢᠮ ᠨᠢ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠷᠦᠯᠴᠡᠬᠦ | ᠦᠭᠡᠢ᠂ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠲᠦᠮᠵᠢᠲᠡᠢ ᠪᠢᠰᠢ︔ ᠵᠠᠷᠢᠮ ᠨᠢ ᠡᠭᠦᠷᠭᠡ ᠴᠢᠳᠠᠪᠬᠢ ᠶᠢᠨ | ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠳᠦᠯ ᠢᠶᠠᠨ ᠭᠦᠢᠴᠡᠳ ᠪᠠᠳᠠᠷᠠᠭᠤᠯᠤᠭᠰᠠᠨ ᠦᠭᠡᠢ᠂ ᠳᠣᠷᠣᠭᠰᠢ ᠪᠠᠨ ᠲᠤᠬᠠᠶᠢᠯᠠᠭᠰᠠᠨ ᠠᠵᠢᠯ ᠢ | ᠵᠢᠯᠤᠭᠤᠳᠬᠤ ᠪᠠ ᠠᠵᠢᠯ ᠲᠦᠷᠦᠯ ᠳᠤ ᠬᠢᠨᠠᠯᠲᠠ ᠲᠠᠯᠪᠢᠬᠤ ᠲᠠᠯ᠎ᠠ ᠪᠠᠷ ᠭᠦᠨᠵᠡᠭᠡᠢ ᠪᠢᠰᠢ ᠪᠠᠶᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠲᠣᠭᠤᠷᠢᠨ | ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠨᠢ ᠭᠤᠣᠯ ᠠᠵᠢᠯ ᠢᠶᠠᠨ ᠭᠦᠨᠵᠡᠭᠡᠶᠢᠷᠡᠭᠦᠯᠦᠨ ᠬᠢᠬᠦ ᠲᠠᠯ᠎ᠠ ᠪᠠᠷ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠵᠠᠷᠢᠮ ᠨᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠡᠷᠴᠢᠮ ᠴᠢᠩᠭ᠎ᠠ | ᠦᠭᠡᠢ᠂ ᠬᠠᠷᠢᠶ᠎ᠠ ᠠᠵᠤ ᠠᠬᠤᠶᠢᠯᠠᠯ ᠢᠶᠠᠨ ᠬᠠᠮᠢᠶᠠᠷᠤᠨ ᠡᠵᠡᠮᠳᠡᠬᠦ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ | ᠬᠠᠷᠢᠭᠤ ᠲᠤᠰᠬᠠᠬᠤ ᠳᠠᠭᠠᠨ᠂ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠣᠨᠣᠪᠴᠢᠲᠠᠢ ᠡᠷᠢᠵᠦ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠡᠭᠦᠷᠭᠡᠯᠡᠵᠦ᠂ ᠠᠰᠠᠭᠤᠳᠠᠯ ᠤᠨ ᠪᠤᠢ ᠪᠣᠯᠤᠭᠰᠠᠨ | ᠰᠢᠯᠲᠠᠭᠠᠨ ᠢ ᠪᠦᠭᠦ ᠲᠠᠯ᠎ᠠ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠲᠦᠷᠭᠡᠨ ᠰᠠᠶᠢᠲᠤᠷ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠵᠤ᠂ 2025 ᠣᠨ ᠤ ᠠᠵᠢᠯ ᠢ ᠲᠥᠯᠥᠪᠵᠢᠭᠦᠯᠬᠦ ᠲᠠᠢ ᠤᠶᠠᠯᠳᠤᠭᠤᠯᠵᠤ᠂ ᠡᠳᠦᠷ ᠲᠤᠳᠤᠮ ᠤᠨ ᠠᠵᠢᠯ ᠳᠠᠭᠠᠨ | ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠤᠳᠤᠷᠢᠳᠬᠤ ᠪᠠᠭ ᠤᠨ | ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠵᠤ᠂ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ | ᠣᠷᠣᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠬᠠᠷᠢᠭᠤ ᠲᠤᠰᠬᠠᠬᠤ ᠳᠠᠭᠠᠨ᠂ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠤ ︽ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠡᠭᠦᠷᠭᠡᠯᠡᠬᠦ︾ ᠪᠠᠨ ᠰᠠᠶᠢᠲᠤᠷ ᠭᠦᠢᠴᠡᠳᠬᠡᠬᠦ ᠶᠢ ᠱᠠᠯᠠᠪᠳᠠᠭᠤᠯᠤᠨ ᠰᠠᠨᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ︽ | ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ︽ᠨᠢᠭᠡ ᠱᠤᠭᠤᠮ︾ ᠤᠨ | ᠬᠠᠷᠢᠭᠤᠴᠠᠯᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠠᠵᠢᠯ ᠲᠥᠷᠥᠯ ᠤᠨ ᠴᠢᠨᠠᠷᠲᠠᠢ᠂ ᠬᠦᠷᠢᠶ᠎ᠡ ᠴᠠᠷᠠᠭ᠎ᠠ ᠶᠢᠨ ᠴᠢᠨᠠᠷᠲᠠᠢ | ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠢᠵᠢᠯ ᠴᠢᠭᠯᠡᠯ ᠢᠶᠠᠷ ᠬᠦᠴᠦᠯᠡᠵᠦ᠂ ᠢᠵᠢᠯ | ᠠᠯᠬᠤᠮ ᠢᠶᠠᠷ ᠤᠷᠤᠭᠰᠢᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠡᠳᠦᠷ | ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠬᠠᠲᠠᠭᠤ ᠲᠠᠢ ᠨᠢ ᠬᠠᠯᠳᠠᠵᠤ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ | ᠶᠠᠪᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠵᠠᠷᠢᠮ | ᠤᠳᠤᠷᠢᠳᠬᠤ ᠺᠠᠳ᠋ᠷ ᠢ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠬᠤᠷᠢᠶᠠᠨ ᠣᠯᠵᠤ᠂ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠬᠤᠯᠪᠣᠭᠳᠠᠯ ᠪᠦᠬᠦᠢ ᠲᠠᠯ᠎ᠠ ᠳᠤ ᠰᠢᠯᠵᠢᠭᠦᠯᠦᠨ ᠰᠢᠢᠳᠪᠦᠷᠢᠯᠡᠭᠦᠯᠪᠡ᠃ | |