︽ ᠳᠠᠭᠠᠷᠢᠬᠤ ︾ ᠦᠭᠡᠢ ᠪᠣᠯ ᠪᠣᠭᠤᠮᠲᠠ ᠰᠢᠪᠲᠤᠯᠵᠤ ᠳᠡᠶᠢᠯᠭᠦ ᠦᠭᠡᠢ ᠂ ︽ ᠠᠵᠢᠯᠯᠠᠬᠤ ︾ ᠦᠭᠡᠢ ᠪᠣᠯ ᠶᠠᠪᠤᠳᠠᠯ ᠪᠦᠲᠦᠭᠡᠵᠦ ᠴᠢᠳᠠᠬᠤ ᠦᠭᠡᠢ ᠃ | ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠶᠤᠮ ᠦᠦ ᠨᠠᠵᠠᠭᠠᠢ ᠶᠤᠮ ᠦᠦ᠂ ᠰᠠᠨᠠᠭᠠᠴᠢᠯᠠᠭ᠎ᠠ | ᠲᠠᠢ ᠶᠤᠮ ᠦᠦ ᠰᠠᠨᠠᠭᠠᠴᠢᠯᠭᠠᠳᠤ ᠪᠤᠰᠤ ᠶᠤᠮ ᠤᠤ᠂ ᠵᠠᠪᠳᠤᠨ ᠭᠦᠶᠦᠬᠦ ᠶᠤᠮ ᠦᠦ ᠲᠦᠯᠬᠢᠭᠳᠡᠨ ᠶᠠᠪᠤᠬᠤ ᠶᠤᠮ ᠦᠦ ᠭᠡᠳᠡᠭ ᠤᠨ ᠦᠷ᠎ᠡ ᠪᠦᠲᠦᠮᠵᠢ ᠨᠢ ᠶᠡᠭᠡ | ᠠᠳᠠᠯᠢ ᠦᠭᠡᠢ ᠪᠠᠶᠢᠳᠠᠭ ᠃ | ᠤᠴᠢᠷ ᠪᠣᠯᠭᠠᠨ ᠳᠤ ᠲᠣᠬᠢᠷᠠᠭᠤᠯᠤᠯᠲᠠ ᠶᠢ ᠬᠦᠯᠢᠶᠡᠪᠡᠯ ᠵᠥᠪᠭᠡᠨ ᠪᠤᠰᠤᠳ ᠤᠨ ᠠᠷᠤ ᠠᠴᠠ ᠨᠢ ᠳᠠᠭᠠᠵᠤ ︽ ᠲᠣᠭᠤᠰᠣᠨ ᠳᠤᠨᠢ ᠳᠠᠷᠤᠭᠳᠠᠨ᠎ᠠ ︾ | ᠤᠬᠠᠮᠰᠠᠷ ᠠᠴᠠ ᠪᠠᠨ ᠤᠷᠤᠭᠰᠢᠯᠠᠪᠠᠯ ᠰᠠᠶ᠋ᠢ ᠰᠢᠨ᠎ᠡ ᠠᠵᠠ ᠲᠣᠭᠢᠶᠠᠯ ᠢ ᠠᠮᠵᠢᠵᠤ ᠂ ᠰᠢᠨ᠎ᠡ ᠬᠥᠭᠵᠢᠯᠲᠡ ᠶᠢ ᠠᠬᠢᠭᠤᠯᠵᠤ ᠴᠢᠳᠠᠨ᠎ᠠ ᠃ ︽ ᠨᠢᠭᠡ ᠭᠤᠣᠯ ᠰᠢᠵᠢᠮ ︾ | ᠢ ᠲᠤᠭᠤᠰᠢᠯᠠᠭᠤᠯᠵᠤ ᠂ ︽ ᠬᠤᠶᠠᠷ ᠶᠡᠭᠡ ᠶᠠᠪᠤᠳᠠᠯ ︾ ᠢ ᠰᠠᠶᠢᠲᠤᠷ ᠬᠢᠵᠦ᠂ ︽ ᠲᠠᠪᠤᠨ ᠶᠡᠭᠡ ᠡᠭᠦᠷᠭᠡ ︾ ᠶᠢ ᠪᠡᠶᠡᠯᠡᠭᠦᠯᠵᠦ ᠂ ︽ ᠵᠢᠷᠭᠤᠭᠠᠨ ᠢᠨᠵᠧᠨᠧᠷᠢᠩ ︾ ᠢ | ᠬᠡᠷᠡᠭᠵᠢᠭᠦᠯᠵᠦ᠂ ︽ ᠵᠢᠷᠭᠤᠭᠠᠨ ᠠᠵᠢᠯᠯᠠᠭ᠎ᠠ ︾ ᠶᠢ ᠦᠷᠨᠢᠭᠦᠯᠬᠦ ᠳᠦ ᠬᠦᠴᠦᠯᠡᠨ ᠴᠢᠷᠮᠠᠶᠢᠪᠠᠯ ᠰᠠᠶ᠋ᠢ ︽ ᠲᠤᠭᠤᠷ ︾ ᠢ ᠲᠡᠭᠦᠵᠦ ᠴᠢᠳᠠᠨ᠎ᠠ ᠃ | ᠡᠷᠬᠡᠪᠰᠢ ᠰᠡᠳᠬᠢᠬᠦᠢ ᠶᠢᠨ ᠬᠡᠪᠰᠢᠮᠡᠯ ᠪᠠᠶᠢᠳᠠᠯ ᠳᠤ ᠰᠢᠪᠲᠤᠯᠤᠯᠲᠠ ᠭᠠᠷᠭᠠᠵᠤ᠂ ᠠᠷᠭ᠎ᠠ ᠭᠡᠯᠪᠡᠷᠢ ᠪᠠᠨ ᠰᠢᠨᠡᠴᠢᠯᠡᠵᠦ ᠂ ᠥᠭᠡᠷᠡᠴᠢᠯᠡᠯᠲᠡ ᠶᠢᠨ ᠬᠦᠴᠦᠨ ᠢ ᠭᠦᠢᠴᠡᠳ | ᠬᠡᠷᠡᠭᠯᠡᠵᠦ ᠂ ᠬᠢᠬᠦ ᠶᠣᠰᠣᠲᠠᠢ ᠶᠠᠪᠤᠳᠠᠯ ᠢ ᠬᠦᠯᠢᠶᠡᠬᠦ ᠦᠭᠡᠢ᠂ ᠲᠦᠰᠢᠭᠯᠡᠬᠦ ᠦᠭᠡᠢ ᠪᠠᠷ ᠬᠢᠬᠦ ᠬᠡᠷᠡᠭᠲᠡᠢ᠃ | ᠣᠷᠣᠰᠢᠵᠤ ᠪᠠᠶᠢᠭ᠎ᠠ ᠠᠰᠠᠭᠤᠳᠠᠯ ᠪᠣᠯ ᠳᠠᠷᠤᠢ ᠥᠭᠡᠷᠡᠴᠢᠯᠡᠯᠲᠡ ᠶᠢᠨ ᠴᠢᠭᠯᠡᠬᠦ ᠬᠠᠨᠳᠤᠰᠢ ᠪᠣᠯᠣᠨ᠎ᠠ ᠃ ᠠᠯᠢᠪᠠ ᠶᠠᠪᠤᠳᠠᠯ ᠳᠤ ᠴᠥᠮ ᠠᠰᠠᠭᠤᠳᠠᠯ ᠢ | ᠠᠩᠬᠠᠷᠴᠤ ᠡᠷᠲᠡ ᠠᠴᠠ ᠬᠦᠴᠦᠯᠡᠵᠦ ᠂ ᠲᠦᠷᠭᠡᠨ ᠬᠦᠴᠦᠯᠡᠬᠦ ᠬᠡᠷᠡᠭᠲᠡᠢ ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠂ | ᠲᠥᠯᠥᠪᠵᠢᠭᠦᠯᠬᠦ ᠂ ᠨᠥᠭᠡᠴᠡᠯᠡᠬᠦ ᠂ ᠮᠡᠳᠡᠭᠦᠯᠦᠨ ᠵᠥᠪᠰᠢᠶᠡᠷᠡᠭᠦᠯᠬᠦ ᠠᠴᠠ ᠡᠯᠧᠮᠧᠨ᠋ᠲ ᠤᠨ ᠪᠠᠲᠤᠯᠠᠭ᠎ᠠ ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠂ | ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠭᠦᠷᠳᠡᠯ᠎ᠡ ᠪᠦᠷ ᠥᠨᠳᠥᠷ ᠪᠦᠲᠦᠮᠵᠢᠲᠡᠢ ᠰᠢᠭᠤᠳ ᠰᠢᠯᠤᠭᠤᠨ ᠠᠵᠢᠯ ᠤᠨ ᠲᠣᠭᠲᠠᠴᠠ ᠶᠢ | ᠪᠦᠷᠢᠯᠳᠦᠭᠦᠯᠬᠦ ᠬᠡᠷᠡᠭᠲᠡᠢ ᠃ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠂ ᠣᠷᠣᠬᠤ ᠶᠢ ᠵᠥᠪᠰᠢᠶᠡᠷᠡᠬᠦ ᠶᠢ ᠬᠢᠨᠠᠨ ᠵᠥᠪᠰᠢᠶᠡᠷᠡᠬᠦ ᠂ | ᠳᠠᠭᠠᠭᠠᠴᠢᠯᠠᠯᠲᠠ ᠵᠠᠷᠯᠠᠬᠤ ᠵᠢᠭᠡᠯᠡᠯᠭᠡ ᠲᠠᠯᠪᠢᠬᠤ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠠᠴᠠ ᠰᠢᠨ᠎ᠡ ᠶᠢ ᠡᠭᠦᠳᠬᠦ ᠡᠬᠢ ᠪᠠᠶᠠᠯᠢᠭ ᠢ ᠲᠣᠬᠢᠷᠠᠭᠤᠯᠬᠤ ᠂ | ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠭᠦᠷᠲᠡᠯ᠎ᠡ ᠠᠯᠢ ᠭᠤᠭᠴᠤᠭ᠎ᠠ ᠳᠤ ᠴᠤ ︽ ᠵᠠᠩᠭᠢᠷᠠᠭ᠎ᠠ ︾ | ᠪᠠᠶᠢᠯᠭᠠᠵᠤ ᠪᠤᠯᠬᠤ ᠦᠭᠡᠢ ᠃ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ᠂ ᠠᠵᠤ ᠠᠬᠤᠶᠢᠯᠠᠯ ᠢ ᠢᠯᠡᠭᠦᠬᠡᠨ ᠡᠷᠭᠢᠯᠡᠭᠦ ᠠᠴᠠ ᠠᠵᠤ ᠠᠬᠤᠶᠢᠯᠠᠯ ᠤᠨ | ᠣᠶᠢᠷ᠎ᠠ ᠬᠠᠪᠢᠡᠴᠡ ᠪᠠᠨ ᠲᠤᠬᠠᠢ ᠶᠢᠨ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠳᠡᠮᠵᠢᠬᠦ᠂ ᠠᠵᠢᠯ ᠣᠯᠭᠣᠬᠣ ᠶᠢ ᠵᠣᠬᠢᠶᠠᠨ ᠪᠠᠶᠢᠭᠤᠯᠬᠤ | ᠦᠢᠯᠡᠴᠢᠯᠡᠭᠡ ᠶᠢ ᠰᠠᠶᠢᠲᠤᠷ ᠬᠢᠬᠦ ᠭᠦᠷᠳᠡᠯ᠎ᠡ ᠵᠦᠢᠯ ᠪᠣᠯᠭᠠᠨ ᠳᠤ ᠴᠥᠮ ᠴᠠᠭ ᠪᠠ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ | ᠬᠡᠷᠡᠭᠲᠡᠢ ᠃ ᠪᠦᠭᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠲᠠᠷᠢᠶᠠᠯᠠᠩ ᠤᠨ ᠠᠷᠪᠢᠲᠠᠢ ᠤᠰᠤᠯᠠᠯᠲᠠ ᠂ ᠠᠵᠤ ᠦᠢᠯᠡᠳᠪᠦᠷᠢ ᠶᠢᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡᠡᠴᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠭᠦᠷᠲᠡᠯ᠎ᠡ ᠂ ᠬᠠᠮᠤᠭ ᠤᠨ ᠲᠤᠰᠠᠲᠠᠢ ᠨᠢ ᠳᠠᠷᠤᠢ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠠᠪᠤᠳᠠᠯ ᠪᠣᠯᠣᠨ᠎ᠠ ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠂ ᠣᠷᠣᠰ ᠮᠣᠩᠭᠤᠯ | ᠯᠤᠭ᠎ᠠ ᠶᠢᠨ ᠨᠡᠭᠡᠭᠡᠯᠲᠡ ᠶᠢ ᠥᠷᠭᠡᠳᠬᠡᠬᠦ ᠠᠴᠠ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠂ ᠵᠡᠭᠦᠨ ᠳᠤᠮᠳᠠ ᠪᠠᠷᠠᠭᠤᠨ | ᠬᠡᠰᠡᠭ ᠤᠨ ᠠᠶᠢᠮᠠᠭ ᠬᠤᠲᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠭᠦᠷᠳᠡᠯ᠎ᠡ ᠦᠵᠡᠯ ᠰᠠᠨᠠᠭ᠎ᠠ ᠣᠶᠢᠯᠠᠭᠠᠭᠳᠠᠬᠤᠨ ᠠᠴᠠ ᠦᠶᠯᠡ | ᠠᠵᠢᠯᠯᠠᠭ᠎ᠠ ᠶᠢᠨ ᠲᠠᠯ᠎ᠠ ᠪᠠᠷ ᠬᠤᠪᠢᠷᠠᠯᠲᠠ ᠶᠢ ᠣᠨᠣᠪᠴᠢᠲᠠᠶ ᠲᠠᠨᠢᠵᠤ ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠨ ᠂ ᠬᠤᠪᠢᠷᠠᠯᠳᠠ ᠶᠢ | ᠰᠠᠨᠠᠭᠠᠴᠢᠯᠠᠭ᠎ᠠ ᠠᠴᠠ ᠪᠠᠨ ᠬᠥᠭᠡᠭᠡᠴᠡᠯᠳᠦᠬᠦ ᠶᠢ ᠨᠠᠩ ᠱᠠᠭᠠᠷᠳᠠᠨ᠎ᠠ ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ ᠂ | ᠰᠤᠳᠤᠯᠤᠨ ᠲᠠᠶᠢᠯᠪᠤᠷᠢᠯᠠᠬᠤ ᠂ ᠤᠬᠠᠭᠤᠯᠤᠨ ᠳᠡᠯᠭᠡᠨ ᠦᠵᠡᠭᠦᠯᠭᠦ ᠠᠴᠠ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠭᠦᠷᠲᠡᠯ᠎ᠡ ᠂ ᠡᠷᠬᠡᠪᠰᠢ ᠪᠠᠶᠢᠭᠤᠯᠤᠯ | ᠲᠣᠭᠲᠠᠴᠠ ᠶᠢ ︽ ᠠᠮᠢᠳᠤᠯᠢᠭᠵᠢᠭᠤᠯᠬᠤ ︾ ᠪᠠᠷ ᠨᠡᠶᠢᠭᠡᠮ ᠤᠨ ᠦᠷ᠎ᠡ ᠠᠰᠢᠭ ᠠᠵᠤ ᠠᠬᠤᠢ ᠶᠢᠨ ᠦᠷ᠎ᠡ ᠠᠰᠢᠭ ᠤᠨ ︽ ᠬᠤᠣᠰ ᠡᠯᠪᠡᠭ ᠬᠤᠷᠢᠶᠠᠯᠲᠠ ︾ ᠶᠢ | ᠠᠬᠢᠭᠤᠯᠬᠤ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠲᠦᠭᠵᠢᠷᠡᠯ ᠢ ᠠᠷᠢᠯᠭᠠᠵᠤ ᠂ ᠬᠠᠯᠬᠠᠪᠴᠢ ᠶᠢ ᠲᠠᠰᠤᠷᠠᠯᠲᠠ ᠦᠭᠡᠢ ᠰᠢᠪᠲᠤᠯᠪᠠᠯ ᠂ ᠤᠷᠤᠭᠰᠢᠯᠠᠬᠤ ᠶᠢ | ᠬᠠᠰᠢᠵᠤ ᠪᠠᠶᠢᠭᠰᠠᠨ ︽ ᠬᠡᠷᠡᠰᠬᠡ ︾ ᠨᠢ ᠠᠮᠵᠢᠯᠲᠠ ᠲᠡᠶᠢᠰᠢ ᠨᠡᠪᠲᠡᠷᠡᠬᠦ ᠡᠭᠦᠳᠡ ᠪᠣᠯᠵᠤ ᠴᠢᠳᠠᠨ᠎ᠠ ᠃ | ︽ ᠬᠦᠰᠡᠯ ᠢᠶᠠᠨ ᠪᠡᠶᠡᠯᠡᠭᠦᠯᠬᠦ ᠳᠤ ᠬᠦᠴᠢᠷ ᠠᠪᠠᠴᠤ ᠴᠥᠬᠦᠷᠡᠰᠢ ᠦᠭᠡᠢ ᠪᠠᠷᠢᠮᠲᠠᠯᠠᠪᠠᠰᠤ ᠲᠡᠷᠭᠡᠯᠰᠢᠬᠦ ᠶᠤᠮ ︾ ᠃ ᠬᠦᠨᠳᠦ ᠡᠭᠦᠷᠭᠡ ᠮᠥᠷᠥᠨ ᠳᠤ | ᠲᠠᠯᠪᠢᠭᠳᠠᠵᠤ ᠪᠠᠶᠢᠪᠠᠴᠤ ᠬᠠᠷᠠᠯᠲᠠ ᠵᠣᠷᠢᠯᠲᠠ ᠲᠣᠳᠣᠷᠬᠠᠢ ᠲᠤᠯᠠ ᠪᠢᠳᠡ ᠦᠨᠡᠨ ᠬᠦ ᠥᠭᠡᠷᠡᠴᠢᠯᠡᠯᠲᠡ ᠶᠢᠨ ᠠᠬᠢᠭᠤᠯᠤᠭᠴᠢ ᠪᠠ ᠪᠣᠳᠠᠲᠠᠢ ᠠᠵᠢᠯᠯᠠᠭᠴᠢ ᠪᠤᠯᠬᠤ | ᠬᠡᠷᠡᠭᠲᠡᠢ ᠃ | |