ᠮᠠᠨ ᠤ ᠣᠷᠣᠨ ᠳᠤ ᠰᠠᠭᠤᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢ ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ᠄ | ᠪᠠᠶᠢᠭᠠᠯᠢ ᠶᠢᠨ ᠵᠢᠮ᠎ᠡ ᠪᠠᠷ ᠤᠷᠢᠬᠠᠨ ᠬᠠᠪᠤᠷ ᠠᠶᠠᠷᠬᠠᠨ ᠰᠠᠭᠠᠲᠠᠵᠤ ᠂ ᠲᠦᠮᠡᠨ ᠪᠣᠳᠠᠰ ᠲᠥᠯᠵᠢᠨ ᠠᠮᠢᠯᠠᠨ᠎ᠠ ᠃ 2025 ᠣᠨ ᠤ ᠴᠠᠭᠠᠨ ᠰᠠᠷ᠎ᠠ ᠬᠦᠷᠴᠦ | ᠢᠷᠡᠬᠦ ᠲᠠᠰᠢᠷᠠᠮ ᠢᠶᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠤ ᠡᠮᠦᠨ᠎ᠡ ᠠᠴᠠ ᠲᠠ ᠨᠠᠷ ᠲᠤ ᠪᠠᠶᠠᠷ ᠤᠨ ᠡᠳᠦᠷ ᠤᠨ ᠵᠥᠩᠨᠡᠯ ᠪᠣᠯᠣᠨ ᠳᠣᠲᠣᠨᠣ ᠮᠡᠨᠳᠦᠴᠢᠯᠡᠯ ᠳᠡᠪᠰᠢᠭᠦᠯᠵᠦ ᠪᠠᠶᠢᠨ᠎ᠠ ︕ | 2024 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ ᠃ | ᠣᠷᠣᠨ ᠳᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠨᠢᠭᠡ ᠭᠤᠣᠯ ᠱᠤᠭᠤᠮ ᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ ᠂ ᠡᠯ᠎ᠡ ᠵᠦᠢᠯ ᠤᠨ ᠠᠵᠢᠯ | ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠡᠷᠡᠰ | ᠲᠤᠭᠤᠰᠢᠯᠠᠭᠳᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠥᠮᠥᠰ ᠤᠨ ᠰᠡᠳᠬᠢᠯ ᠳᠤ ᠭᠦᠨ ᠬᠠᠳᠠᠩᠰᠢᠵᠤ ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠦᠯᠡᠮᠵᠢ ᠦᠷ᠎ᠡ ᠪᠦᠲᠦᠭᠡᠯ ᠣᠯᠵᠤ ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠦᠷᠭᠦᠯᠵᠢᠯᠡᠨ ᠭᠦᠨᠵᠡᠭᠡᠶᠢᠷᠡᠵᠦ ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ ᠂ ︽ᠲᠠᠪᠤᠨ ᠶᠡᠭᠡ ᠡᠭᠦᠷᠭᠡ ︾ ᠶᠢᠨ ᠵᠢᠯ ᠤᠨ ᠭᠤᠣᠯᠳᠠᠯᠭ᠎ᠠ ᠲᠠᠢ ᠠᠵᠢᠯ ᠢ | ᠪᠦᠭᠦᠨ ᠢ ᠪᠡᠶᠡᠯᠡᠭᠦᠯᠵᠦ ᠂ ︽ᠵᠢᠷᠭᠤᠭᠠᠨ ᠢᠨᠵᠧᠨᠧᠷᠢᠩ ︾ ᠤᠨ ᠲᠠᠯ᠎ᠠ ᠪᠠᠷ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠪᠡ ᠃ | ᠡᠲᠡᠭᠡᠷ ᠠᠮᠵᠢᠯᠲᠠ ᠶᠢ ᠭᠢᠯᠪᠠᠷ ᠪᠤᠰᠤ ᠪᠠᠷ ᠣᠯᠣᠭᠰᠠᠨ ᠶᠤᠮ ᠂ ᠮᠠᠨ ᠤ ᠣᠷᠣᠨ ᠳᠤ ᠰᠠᠭᠤᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠂ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠪᠣᠯᠣᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠦᠴᠦ ᠬᠥᠯᠥᠰᠦ ᠰᠢᠩᠭᠡᠵᠦ ᠪᠠᠶᠢᠨ᠎ᠠ ᠃ | ᠨᠢᠭᠡ ᠵᠢᠯ ᠤᠨ ᠲᠤᠷᠰᠢ ᠂ ᠮᠠᠨ ᠤ ᠣᠷᠣᠨ ᠳᠤ ᠰᠠᠭᠤᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠂ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠪᠣᠯᠣᠨ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠣᠨ ᠰᠢᠨ᠎ᠡ | ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ | ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠵᠤ ᠂ ᠰᠠᠭᠤᠭ᠎ᠠ ᠭᠠᠵᠠᠷ ᠢᠶᠠᠨ ᠨᠤᠲᠤᠭ ᠢᠶᠠᠨ ᠪᠤᠯᠭᠠᠵᠤ ᠂ ᠠᠷᠠᠳ ᠲᠦᠮᠡᠨ ᠢ ᠲᠦᠷᠦᠯ | ᠰᠠᠳᠤᠨ ᠢᠶᠠᠷ ᠦᠵᠡᠵᠦ ᠂ ᠴᠡᠷᠢᠭ ᠪᠤᠯᠪᠠᠰᠤᠷᠠᠭᠤᠯᠬᠤ ᠳᠠᠶᠢᠨ ᠤ ᠪᠡᠯᠡᠳᠬᠡᠯ ᠬᠢᠬᠦ ᠡᠭᠦᠷᠭᠡ ᠶᠢ ᠪᠡᠶᠡᠯᠡᠭᠦᠯᠬᠦ ᠶᠢᠨ ᠬᠠᠮᠲᠤ ᠂ ᠣᠷᠣᠨ ᠨᠤᠲᠤᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠬᠰᠠᠨ ᠪᠠ ᠳᠡᠮᠵᠢᠵᠦ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠦᠢᠯᠡᠴᠢᠯᠡᠵᠦ ᠢᠯᠠᠩᠭᠤᠶ᠎ᠠ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠬᠦ ᠂ ᠠᠶᠤᠯ ᠭᠠᠮᠰᠢᠭ ᠠᠴᠠ ᠠᠪᠤᠷᠠᠬᠤ ᠂ ᠪᠠᠴᠢᠮ ᠪᠠᠶᠢᠳᠠᠯ ᠢ | ᠠᠷᠭᠠᠴᠠᠭᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠤᠨ ᠳᠤᠮᠳᠠ ᠪᠡᠯᠡᠳᠬᠡᠯ ᠬᠦᠴᠦᠨ ᠂ ᠭᠠᠪᠰᠢᠭᠠᠢ ᠠᠩᠭᠢ ᠶᠢᠨ ᠦᠢᠯᠡᠳᠦᠯ ᠢ ᠪᠠᠳᠠᠷᠠᠭᠤᠯᠵᠤ ᠂ | ᠠᠷᠠᠳ ᠤᠨ ᠴᠡᠷᠢᠭ ᠤᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠ ᠴᠢᠩ ᠵᠣᠷᠢᠭ ᠦᠨᠡᠨᠴᠢ ᠰᠡᠳᠬᠢᠯ ᠢ ᠢᠯᠡᠷᠡᠭᠦᠯᠵᠦ ᠂ ᠡᠬᠡ ᠤᠯᠤᠰ ᠤᠨ | ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ ᠥᠷᠭᠡᠨ ᠤᠯᠠᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠭ ᠰᠠᠨᠠᠭ᠎ᠠ ᠪᠠᠨ ᠦᠯᠦ ᠮᠠᠷᠲᠠᠨ ᠂ ᠢᠷᠠᠭᠤ ᠠᠯᠳᠠᠷ ᠢᠶᠠᠨ ᠵᠠᠯᠭᠠᠮᠵᠢᠯᠠᠵᠤ ᠂ ᠠᠳᠠᠯᠢ ᠪᠤᠰᠤ ᠬᠦᠷᠢᠶ᠎ᠡ ᠠᠳᠠᠯᠢ ᠪᠤᠰᠤ | ᠹᠷᠣᠨᠲ ᠲᠤ ᠣᠣᠷ ᠴᠢᠨᠠᠷ ᠢᠶᠠᠨ ᠡᠭᠦᠷᠢᠳᠡ ᠬᠠᠳᠠᠭᠠᠯᠠᠨ ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ | ᠢᠯᠡᠷᠡᠭᠦᠯᠵᠦ ᠂ ᠭᠡᠷᠡᠯ ᠭᠢᠯᠪᠠᠭ᠎ᠠ ᠰᠠᠴᠤᠷᠠᠭᠤᠯᠤᠭᠰᠠᠨ ᠬᠥᠮᠥᠨ ᠤ ᠠᠮᠢᠳᠤᠷᠠᠯ ᠢ ᠪᠦᠲᠦᠭᠡᠵᠦ ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠲᠠ ᠨᠠᠷ ᠲᠤ ᠴᠢᠩ | ᠰᠡᠳᠬᠢᠯ ᠤᠨ ᠲᠠᠯᠠᠷᠬᠠᠯ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ ︕ | 2025 ᠣᠨ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠪᠦᠭᠦ ᠣᠷᠣᠨ ᠤ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ | ᠦᠭᠡᠢ ᠤᠷᠤᠭᠰᠢᠯᠠᠨ ᠂ ︽ᠲᠠᠪᠤᠨ ᠶᠡᠭᠡ ᠡᠭᠦᠷᠭᠡ ︾ ᠶᠢ ᠦᠷᠭᠦᠯᠵᠢᠯᠡᠨ ᠠᠬᠢᠭᠤᠯᠵᠤ ᠂ ︽ᠵᠢᠷᠭᠤᠭᠠᠨ ᠢᠨᠵᠧᠨᠧᠷᠢᠩ ︾ ᠢ ᠵᠠᠯᠭᠠᠨ ᠬᠡᠷᠡᠭᠵᠢᠭᠦᠯᠵᠦ ᠂ ᠴᠢᠬᠤᠯᠠ | ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠂ ᠤᠰᠤ | ᠠᠷᠪᠢᠯᠠᠬᠤ ᠠᠵᠢᠯᠯᠠᠭ᠎ᠠ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠵᠡᠷᠭᠡ ︽ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠦᠴᠢᠷ ᠪᠡᠷᠬᠡᠰᠢᠶᠡᠯ ᠢ ᠳᠠᠭᠠᠭᠠᠨ ᠰᠢᠨ᠎ᠡ ᠵᠠᠮ | ᠨᠡᠭᠡᠭᠡᠵᠦ ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ ᠃ ᠰᠢᠨ᠎ᠡ ᠠᠶᠠᠨ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠭᠦ ᠲᠠᠯ᠎ᠠ ᠪᠠᠷ ᠭᠦᠨᠵᠡᠭᠡᠢ ᠰᠤᠷᠤᠯᠴᠠᠨ ᠪᠠᠲᠤ ᠬᠡᠷᠡᠭᠵᠢᠭᠦᠯᠵᠦ ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠢᠯᠢ ᠬᠢᠵᠠᠭᠠᠷ ᠢ ᠵᠠᠰᠠᠬᠤ ᠲᠤᠬᠠᠢ | ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ᠥᠪᠡᠷᠲᠡᠭᠡᠨ ᠵᠠᠰᠠᠬᠤ ᠣᠷᠣᠨ ᠳᠤ | ᠰᠠᠭᠤᠭ᠎ᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠪᠠ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠬᠦᠴᠦᠨ ᠢᠶᠠᠷ ᠢᠶᠠᠨ | ᠳᠡᠮᠵᠢᠨ ᠪᠠᠲᠤᠯᠠᠵᠤ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠪᠠᠬᠢᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠵᠦ ᠂ ︽ᠬᠤᠶᠠᠷ ᠢ ᠬᠦᠷᠢᠶᠡᠯᠡᠬᠦ ︾ ᠠᠴᠢᠶᠠᠯᠠᠪᠤᠷᠢ ᠶᠢ ᠪᠠᠶᠠᠯᠢᠭᠵᠢᠭᠤᠯᠤᠨ ᠂ ᠴᠡᠷᠢᠭ ᠢᠶᠠᠨ ᠬᠦᠷᠢᠶᠡᠯᠡᠵᠦ ᠭᠡᠷ ᠪᠦᠯᠢ ᠶᠢ | ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠴᠡᠷᠢᠭ ᠠᠴᠠ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠵᠦ ᠂ ᠳᠠᠷᠤᠭ᠎ᠠ ᠪᠠᠶᠢᠯᠳᠤᠭᠴᠢᠳ ᠤᠨ ᠪᠣᠳᠠᠲᠤ ᠬᠦᠴᠢᠷ ᠠᠰᠠᠭᠤᠳᠠᠯ ᠢ ᠰᠠᠨᠠᠭ᠎ᠠ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ | ᠰᠢᠢᠳᠪᠦᠷᠢᠯᠡᠵᠦ ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ︽ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ ︾᠂ ︽ᠦᠢᠯᠡᠴᠢᠯᠡᠭᠡᠨ ᠤ | ᠠᠩᠭᠢ ︾ ᠪᠣᠯᠵᠤ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ ᠂ ᠥᠩᠭᠡᠷᠡᠭᠰᠡᠨ ᠲᠠᠢ ᠪᠠᠨ | ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ | ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠦᠢᠯᠡᠰ ᠢ ᠳᠡᠮᠵᠢᠬᠦ ᠪᠠ ᠲᠡᠭᠦᠨ ᠳᠤ | ᠣᠷᠣᠯᠴᠠᠵᠤ ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠰᠠᠬᠢᠬᠤ ᠪᠣᠯᠣᠳ ᠬᠡᠷᠡᠮ ᠢ ᠴᠢᠷᠮᠠᠶᠢᠨ ᠴᠣᠭᠴᠠᠯᠠᠵᠤ ᠂ ᠥᠪᠡᠷᠲᠡᠭᠡᠨ ᠵᠠᠰᠠᠬᠤ ᠣᠷᠣᠨ ᠤ | ᠣᠳᠣᠬᠢᠴᠢᠯᠠᠭᠰᠠᠨ ᠥᠪᠥᠷ ᠮᠣᠩᠭᠤᠯ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠃ | ᠬᠦᠰᠡᠯ ᠵᠡᠭᠦᠳᠦ ᠬᠤᠯᠠ ᠪᠤᠯᠪᠠᠴᠤ ᠬᠥᠭᠡᠭᠡᠴᠡᠯᠳᠦᠪᠡᠰᠦ ᠭᠦᠷᠦᠮᠤᠢ ︔ ᠭᠦᠰᠡᠯ ᠡᠷᠡᠮᠡᠯᠵᠡᠯ ᠬᠦᠴᠢᠷ ᠪᠤᠯᠪᠠᠴᠤ ᠪᠠᠷᠢᠮᠲᠠᠯᠠᠪᠠᠰᠤ ᠪᠡᠶᠡᠯᠡᠮᠦᠢ ᠃ ᠪᠢᠳᠠ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠴᠡᠷᠢᠭ ᠣᠷᠣᠨ ᠨᠤᠲᠤᠭ ᠰᠡᠳᠬᠢᠯ | ᠨᠢᠭᠡᠳᠦᠨ ᠂ ᠦᠷᠭᠦᠯᠵᠢᠯᠡᠨ ᠲᠡᠮᠡᠴᠡᠨ ᠂ ᠬᠦᠴᠦ ᠪᠠᠨ ᠬᠠᠮᠲᠤᠳᠬᠠᠨ ᠤᠷᠤᠭᠰᠢᠯᠠᠵᠤ ᠂ ᠬᠦᠴᠦᠨ ᠴᠢᠳᠠᠯ ᠢᠶᠠᠨ ᠨᠡᠶᠢᠳᠬᠡᠨ ᠴᠡᠷᠢᠭ ᠵᠠᠰᠠᠭ ᠴᠡᠷᠢᠭ ᠠᠷᠠᠳ | ᠪᠦᠯᠬᠦᠮᠳᠡᠨ ᠤᠷᠤᠭᠰᠢᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠩᠭᠢᠨᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠴᠡᠭᠡᠶᠡ ᠃ | ᠲᠠ ᠪᠦᠭᠦᠨ ᠴᠠᠭᠠᠨ ᠰᠠᠷ᠎ᠠ ᠳᠠᠭᠠᠨ ᠪᠠᠶᠠᠷ ᠭᠦᠷ ᠲᠠᠢ ᠂ ᠠᠵᠢᠯ ᠦᠢᠯᠡᠰ ᠤᠷᠤᠭᠰᠢᠲᠠᠢ ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ | ᠰᠡᠳᠬᠢᠯ ᠠᠴᠠ ᠪᠠᠨ ᠵᠥᠩᠨᠡᠵᠦ ᠪᠠᠶᠢᠨ᠎ᠠ ︕ | ᠲᠤᠮᠳᠠᠳᠦ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 21 ᠤ ᠡᠳᠦᠷ | |