︵ 2025 ᠣᠨ ᠤ 1 ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ ᠠᠴᠠ ᠪᠠᠲᠤᠯᠠᠪᠠ ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ 2025 ᠣᠨ ᠤ 1 ᠰᠠᠷ᠎ᠠ ᠶᠢᠨ 20 ᠠᠴᠠ 21 ᠤ ᠡᠳᠦᠷ ᠪᠤᠯᠲᠠᠯ᠎ᠠ ᠭᠦᠭᠡᠬᠤᠲᠠ ᠳᠤ | ᠬᠤᠷᠠᠯᠳᠤᠪᠠ ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 40 ᠬᠥᠮᠥᠨ | ᠣᠷᠣᠯᠴᠠᠵᠤ ᠂ 141 ᠬᠥᠮᠥᠨ ᠰᠤᠯᠠ ᠣᠷᠣᠯᠴᠠᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠰᠦᠨ ᠱᠤᠤ ᠴᠧᠩ ᠪᠦᠭᠦᠳᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ | ᠣᠷᠳᠣᠨ ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ ᠶᠢᠨ ᠳᠠᠷᠤᠭ᠎ᠠ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ ᠃ | ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠡᠷᠭᠢᠯᠡᠪᠡ ᠃ ᠪᠦᠭᠦᠳᠡ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 2024 ᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ ᠂ 2025 ᠣᠨ ᠤ ᠡᠭᠦᠷᠭᠡ ᠶᠢ ᠪᠠᠶᠢᠷᠢᠯᠠᠭᠤᠯᠵᠤ ᠂ ᠯᠢᠦ ᠱᠤᠸᠠᠩ ᠨᠥᠬᠦᠷ ᠤᠨ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠪᠦᠭᠦ ᠣᠷᠣᠨ ᠤ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠦᠢᠯᠡᠴᠢᠯᠡᠵᠦ ᠪᠠᠲᠤᠯᠠᠶ᠎ᠠ ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ ᠂ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠬᠠᠮᠲᠤ ᠪᠠᠷ | ᠦᠵᠡᠪᠡ ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠯᠢ ᠰᠢ ᠨᠥᠬᠦᠷ ᠤᠨ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠪᠠ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠦᠵᠡᠯ ᠰᠠᠨᠠᠭ᠎ᠠ | ᠭᠦᠨ ᠭᠦᠨᠵᠡᠭᠡᠢ ᠂ ᠠᠰᠠᠭᠤᠳᠠᠯ ᠳᠤ ᠰᠢᠭᠤᠳ ᠬᠠᠨᠳᠤᠵᠤ ᠂ ᠬᠥᠮᠥᠰ ᠢ ᠰᠡᠩᠬᠡᠷᠡᠭᠦᠯᠵᠦ ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ | ᠭᠦᠨᠵᠡᠭᠡᠢ ᠵᠠᠳᠠᠯᠵᠤ ᠂ ᠲᠤᠭ ᠲᠡᠮᠳᠡᠭ ᠲᠣᠳᠣᠷᠬᠠᠢ ᠪᠤᠷᠤᠭᠤ ᠲᠠᠨᠢᠯᠲᠠ ᠶᠢ ᠲᠣᠳᠣᠯᠠᠵᠤ ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠵᠤ ᠂ ᠢᠯᠵᠢᠷᠡᠯ ᠢ | ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ | ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠂ ᠴᠢᠬᠤᠯᠠ ᠵᠢᠷᠤᠮᠯᠠᠯ ᠬᠠᠩᠭᠠᠪᠠ ᠃ ᠯᠢ ᠰᠢ ᠨᠥᠬᠦᠷ ᠤᠨ ᠠᠵᠢᠯ ᠤᠨ ᠮᠡᠳᠡᠭᠦᠯᠦᠯᠲᠡ ᠳᠤ ᠂ 2024 ᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠦᠭᠦ ᠲᠠᠯ᠎ᠠ ᠪᠠᠷ ᠳ᠋ᠦᠩᠨᠡᠵᠦ ᠂ 2025 ᠣᠨ ᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠶᠢ ᠪᠣᠳᠣᠯᠬᠢᠯᠠᠵᠤ ᠂ ᠭᠤᠣᠯ ᠰᠡᠳᠦᠪ ᠢᠯᠡ ᠲᠣᠳᠣ ᠂ ᠡᠭᠦᠷᠭᠡ ᠲᠣᠳᠣᠷᠬᠠᠢ ᠪᠠᠶᠢᠵᠤ ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ︽ᠪᠠᠷᠢᠯᠭ᠎ᠠ ᠶᠢᠨ ᠵᠢᠷᠤᠭ ︾ ᠵᠢᠷᠤᠵᠤ ᠂ ᠠᠵᠢᠯ ᠤᠨ ᠵᠢᠯᠣᠭᠤᠳᠤᠮᠵᠢ ᠬᠠᠩᠭᠠᠵᠠᠢ ᠃ ᠰᠦᠨ | ᠱᠤᠤ ᠴᠧᠩ ᠨᠥᠬᠦᠷ ᠤᠨ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠦᠭᠦ ᠣᠷᠣᠨ ᠤ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠦᠨᠵᠡᠭᠡᠢ ᠰᠤᠷᠤᠯᠴᠠᠨ ᠣᠶᠢᠯᠠᠭᠠᠵᠤ ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ ᠃ | ᠪᠦᠭᠦᠳᠡ ᠬᠤᠷᠠᠯ ᠠᠴᠠ ᠂ 2024 ᠣᠨ ᠳᠤ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠪᠠ ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠤᠨᠤᠯ ᠤᠨ ᠵᠡᠪᠰᠡᠭᠯᠡᠯ ᠢᠶᠠᠨ ᠲᠠᠰᠤᠷᠠᠯᠳᠠ ᠦᠭᠡᠢ ᠴᠢᠩᠭᠠᠳᠬᠠᠪᠠ ᠃ | ᠤᠯᠤᠰ ᠲᠥᠷᠥ ᠶᠢᠨ ᠴᠢᠬᠤᠯᠠ ᠨᠥᠬᠦᠴᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠦᠨ ᠮᠥᠷᠳᠡᠨ ᠬᠢᠨᠠᠯᠲᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ | ᠨᠡᠪᠲᠡᠷᠡᠯᠴᠡᠭᠦᠯᠦᠨ ᠵᠣᠬᠢᠴᠠᠭᠤᠯᠬᠤ ᠪᠠ ᠴᠡᠭᠴᠡᠯᠡᠨ ᠰᠠᠶᠢᠵᠢᠷᠠᠭᠤᠯᠬᠤ ︽ᠨᠢᠭᠡ ᠵᠤᠷᠪᠤᠰ ᠱᠤᠭᠤᠮ ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠭᠦᠨᠵᠡᠭᠡᠶᠢᠷᠡᠭᠦᠯᠦᠨ ᠬᠡᠷᠡᠭᠯᠡᠵᠦ ᠂ ᠤᠯᠤᠰ ᠲᠥᠷᠥ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠦᠷᠭᠦᠯᠵᠢᠯᠡᠨ ᠪᠠᠲᠤ ᠴᠣᠭᠴᠠᠯᠠᠵᠤ ᠂ ᠢᠯᠵᠢᠷᠡᠯ ᠢ ᠡᠰᠡᠷᠭᠦᠴᠡᠬᠦ ᠰᠦᠷ ᠬᠦᠴᠦᠲᠦ | ᠪᠠᠶᠢᠳᠠᠯ ᠢ ᠪᠠᠲᠤᠯᠠᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ ᠃ ︽ᠪᠠᠭ᠎ᠠ ᠱᠠᠮᠰᠢᠯ | ᠪᠢᠴᠢᠯ ᠢᠯᠵᠢᠷᠡᠯ ︾ ᠢ ᠡᠷᠡᠰ ᠵᠠᠯᠬᠠᠭᠠᠨ ᠰᠢᠢᠳᠬᠡᠵᠦ ᠂ ᠲᠣᠪᠣᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ ᠃ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢ ᠭᠦᠨᠵᠡᠭᠡᠶᠢᠷᠡᠭᠦᠯᠵᠦ ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠺᠠᠳ᠋ᠷ ᠢ ᠰᠣᠩᠭᠤᠨ ᠪᠣᠶᠢᠵᠢᠭᠤᠯᠬᠤ ᠪᠠ ᠬᠠᠮᠢᠶᠠᠷᠴᠤ ᠬᠡᠷᠡᠭᠯᠡᠬᠦ ᠶᠢ | ᠰᠢᠯᠢᠳᠡᠭᠵᠢᠭᠦᠯᠦᠨ ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ ︾ ᠪᠠᠶᠢᠬᠤ ᠶᠢ ᠡᠷᠡᠰ ᠰᠡᠷᠭᠡᠶᠢᠯᠡᠨ ᠵᠠᠰᠠᠵᠤ ᠂ ᠲᠣᠰ ᠪᠡᠶ᠎ᠡ ᠶᠢᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠵᠠᠢ ᠭᠡᠵᠦ ᠵᠢᠭᠠᠵᠤ ᠭᠠᠷᠭᠠᠪᠠ ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠂ ᠪᠦᠭᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ | ᠦᠨᠡᠨ ᠢ ᠪᠠᠷᠢᠮᠲᠠᠯᠠᠨ ᠵᠠᠳᠠᠯᠵᠤ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠂ ᠬᠢᠨᠠᠮᠠᠭᠠᠢ ᠰᠢᠢᠳᠪᠦᠷᠢᠯᠡᠬᠦ ᠶᠢ ᠱᠠᠭᠠᠷᠳᠠᠪᠠ ᠃ | ᠪᠦᠭᠦᠳᠡ ᠬᠤᠷᠠᠯ ᠠᠴᠠ ᠂ 2025 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠂ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠬᠤᠶᠠᠷ ᠢ ᠲᠣᠭᠲᠠᠭᠠᠭᠰᠠᠨ ︾ | ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ | ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢ ᠪᠠᠷᠢᠮᠲᠠᠯᠠᠵᠤ ᠂ ᠪᠦᠭᠦ ᠣᠷᠣᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ ᠂ ᠪᠦᠭᠦ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠂ ︽ᠨᠢᠭᠡ ᠭᠤᠣᠯ ᠱᠤᠭᠤᠮ ᠢ | ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ︾ ᠳᠤ ᠬᠦᠴᠦᠲᠡᠢ ᠪᠦᠲᠦᠮᠵᠢᠲᠡᠶ ᠪᠠᠷ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦᠳᠡ ᠬᠤᠷᠠᠯ ᠠᠴᠠ ᠂ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠦᠨᠵᠡᠭᠡᠢ ᠰᠤᠷᠤᠯᠴᠠᠬᠤ ᠂ | ᠪᠣᠳᠠᠲᠠᠢ ᠪᠠᠶᠢᠴᠠᠭᠠᠨ ᠰᠤᠳᠤᠯᠬᠤ ᠂ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠬᠡᠷᠡᠭᠲᠡᠢ ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠵᠠᠪᠠᠯ ᠢᠯᠠᠬᠤ ᠢᠲᠡᠭᠡᠯ ᠵᠣᠷᠢᠭ ᠂ ᠬᠠᠳᠠ ᠮᠡᠲᠦ | ᠰᠢᠯᠵᠢᠰᠢ ᠦᠭᠡᠢ ᠵᠣᠷᠢᠭ ᠂ ᠬᠠᠲᠠᠭᠤ ᠪᠠᠲᠤ ᠡᠷᠡᠰ ᠵᠣᠷᠢᠭ ᠢᠶᠠᠨ ᠪᠠᠲᠤᠳᠬᠠᠬᠤ ᠬᠡᠷᠡᠭᠲᠡᠢ ᠃ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ ᠂ ᠲᠡᠷᠡ ᠬᠡᠪ ᠢᠶᠠᠷ ᠨᠢ | ᠰᠤᠷᠤᠯᠴᠠᠬᠤ ᠂ ᠦᠰᠦᠭ ᠳᠠᠷᠠᠭᠠᠯᠠᠨ ᠰᠤᠷᠤᠯᠴᠠᠬᠤ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ ᠂ ᠤᠯᠤᠰ ᠲᠦᠷᠦ ᠶᠢᠨ ᠤᠬᠠᠮᠰᠠᠷ ᠢᠶᠠᠨ | ᠪᠠᠲᠤᠳᠬᠠᠬᠤ ᠬᠡᠷᠡᠭᠲᠡᠢ ᠃ ᠰᠡᠳᠬᠢᠴᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠬᠡᠷᠡᠭᠵᠢᠭᠦᠯᠬᠦ ᠲᠥᠰᠥᠯ ᠲᠣᠭᠲᠠᠭᠠᠵᠤ ᠂ ᠨᠠᠶᠢᠳᠠᠪᠤᠷᠢᠵᠢᠭᠤᠯᠤᠯᠲᠠ ᠶᠢ ᠬᠦᠴᠦᠲᠡᠢ | ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠃ ᠤᠶᠠᠯᠳᠤᠯ ᠠᠭᠤᠰᠤᠯᠴᠠᠯ ᠢ ᠰᠠᠶᠢᠲᠤᠷ ᠠᠳᠬᠤᠵᠤ ᠂ ᠡᠯ᠎ᠡ ᠵᠦᠢᠯ ᠤᠨ ᠠᠵᠢᠯ ᠢ ᠣᠷᠭᠠᠨᠢᠭ ᠢᠶᠠᠷ ᠤᠶᠠᠯᠳᠤᠭᠤᠯᠵᠤ ᠂ | ᠭᠦᠨᠵᠡᠭᠡᠢ ᠠᠭᠤᠰᠤᠯᠴᠠᠭᠤᠯᠵᠤ ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠨᠢᠭᠡ ᠱᠠᠲᠤ ᠨᠢ ᠨᠢᠭᠡ | ᠱᠠᠲᠤ ᠪᠠᠨ ᠠᠳᠬᠤᠵᠤ ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠡᠯ᠎ᠡ ᠵᠦᠢᠯ ᠤᠨ ᠡᠭᠦᠷᠭᠡ ᠶᠢ ᠪᠦᠭᠦ ᠲᠠᠯ᠎ᠠ ᠪᠠᠷ ᠂ ᠣᠨᠣᠴᠠᠲᠠᠢ ᠂ ᠴᠢᠨᠠᠷ | ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠃ | ᠨᠢᠭᠡᠳᠦᠭᠡᠷ ᠲᠤ ᠂ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠢ ᠃ ᠨᠢᠭᠡ ᠭᠤᠣᠯ ᠰᠢᠵᠢᠮ ᠢ ᠲᠤᠭᠤᠰᠢᠯᠠᠭᠤᠯᠵᠤ ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠂ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠂ ︽ᠵᠢᠷᠭᠤᠭᠠᠨ ᠢᠨᠵᠧᠨᠧᠷᠢᠩ ︾ ᠢ ᠬᠡᠷᠡᠭᠵᠢᠭᠦᠯᠬᠦ ᠂ ︽ᠵᠢᠷᠭᠤᠭᠠᠨ | ᠠᠵᠢᠯᠯᠠᠭ᠎ᠠ ︾ ᠶᠢ ᠥᠷᠨᠢᠭᠦᠯᠬᠦ ᠶᠢᠨ ᠲᠣᠭᠤᠷᠢᠨ ᠳᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠲᠣᠭᠤᠷᠢᠨ ᠳᠤ ᠂ ᠮᠦᠷᠳᠡᠨ ᠬᠢᠨᠠᠯᠲᠠ ᠲᠠᠯᠪᠢᠵᠤ ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠃ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ ᠂ ᠡᠩ ᠤᠨ ᠲᠣᠭᠤᠷᠢᠨ ᠪᠠᠶᠢᠴᠠᠭᠠᠯᠲᠠ ᠂ ᠲᠤᠰᠬᠠᠢ ᠲᠣᠭᠤᠷᠢᠨ ᠪᠠᠶᠢᠴᠠᠭᠠᠯᠲᠠ ᠂ ᠬᠥᠳᠡᠯᠦᠩᠭᠦᠢ | ᠲᠣᠭᠤᠷᠢᠨ ᠪᠠᠶᠢᠴᠠᠭᠠᠯᠲᠠ ᠪᠣᠯᠣᠨ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ ︾ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ ᠂ | ᠲᠣᠰᠬᠤᠨ ᠤ ᠴᠠᠭᠳᠠᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ | ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠠ ︽ᠨᠢᠭᠡ ᠵᠤᠷᠪᠤᠰ ᠱᠤᠭᠤᠮ ︾ ᠢᠶᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠭᠦᠢᠴᠡᠳ ᠬᠡᠷᠡᠭᠯᠡᠵᠦ ᠂ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ ᠃ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ | ᠴᠢᠩᠭ᠎ᠠ ᠬᠢᠨᠠᠯᠲᠠ ᠲᠠᠯᠪᠢᠭᠰᠠᠨ ᠦᠭᠡᠢ ᠂ ᠨᠢᠭᠤᠵᠤ ᠳᠠᠯᠳᠠᠯᠠᠭᠠᠳ ᠮᠡᠳᠡᠭᠦᠯᠬᠦ ᠦᠭᠡᠢ ᠪᠠ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠂ ᠬᠠᠰᠢ | ᠶᠠᠰᠢ ᠴᠡᠭᠴᠡᠯᠡᠨ ᠰᠠᠶᠢᠵᠢᠷᠠᠭᠤᠯᠤᠭᠰᠠᠨ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠂ ᠴᠢᠨᠠᠭᠰᠢᠯᠠᠪᠠᠯ ᠴᠡᠭᠴᠡᠯᠡᠨ ᠰᠠᠶᠢᠵᠢᠷᠠᠭᠤᠯᠤᠭᠰᠠᠨ ᠴᠤ | ᠪᠠᠶᠢᠨ ᠲᠠᠭᠢᠨ ᠵᠥᠷᠢᠴᠡᠬᠦ ᠪᠠᠶᠢᠳᠠᠯ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ᠬᠤᠶᠠᠳᠤᠭᠠᠷ ᠲᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ | ᠠᠮᠢᠰᠬᠤᠯ ᠤᠨ ᠪᠦᠷᠢᠯᠳᠦᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠬᠤ ᠳᠡᠭᠡᠷ᠎ᠡ | ᠬᠦᠴᠦ ᠣᠷᠣᠭᠤᠯᠵᠤ ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠰᠢᠩᠭᠡᠭᠡᠵᠦ ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ | ᠬᠥᠲᠥᠯᠥᠨ ᠵᠢᠯᠤᠭᠤᠳᠬᠤ ᠬᠡᠷᠡᠭᠲᠡᠢ ᠃ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠳᠡᠭᠡᠷ᠎ᠡ ᠬᠦᠴᠦ ᠣᠷᠣᠭᠤᠯᠵᠤ ᠂ ᠰᠠᠬᠢᠯᠭ᠎ᠠ ᠪᠠᠲᠤ ᠶᠢ ᠵᠥᠷᠢᠴᠡᠭᠰᠡᠨ | ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ︽ᠲᠦᠷᠪᠡᠨ ᠵᠦᠢᠯ ᠤᠨ ᠭᠡᠯᠪᠡᠷᠢ ᠪᠠᠶᠢᠳᠠᠯ ︾ ᠢ ᠣᠨᠣᠪᠴᠢᠲᠠᠢ | ᠬᠡᠷᠡᠭᠯᠡᠬᠦ ᠳᠡᠭᠡᠷ᠎ᠡ ᠬᠦᠴᠦ ᠲᠠᠯᠪᠢᠵᠤ ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︿ ᠲᠦᠷᠪᠡᠨ ᠵᠦᠢᠯ ᠤᠨ ᠭᠡᠯᠪᠡᠷᠢ ᠪᠠᠶᠢᠳᠠᠯ ﹀ ᠢ | ᠣᠨᠣᠪᠴᠢᠲᠠᠢ ᠬᠡᠷᠡᠭᠯᠡᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ ︶︾ ᠶᠢ ᠴᠢᠩᠭ᠎ᠠ ᠨᠠᠶᠢᠳᠠᠪᠤᠷᠢᠵᠢᠭᠤᠯᠵᠤ ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ | ᠪᠠ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠦᠭᠦᠯᠬᠦ ᠬᠡᠷᠡᠭᠲᠡᠢ ᠃ | ᠭᠤᠷᠪᠠᠳᠤᠭᠠᠷ ᠲᠤ ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠬᠡᠷᠡᠭᠲᠡᠢ ᠃ ᠭᠠᠷ ᠢᠶᠠᠨ ᠲᠠᠲᠠᠬᠤ ᠦᠭᠡᠢ ᠰᠠᠨᠠᠭ᠎ᠠ | ᠪᠠᠨ ᠬᠤᠷᠢᠶᠠᠬᠤ ᠦᠭᠡᠢ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ ᠂ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠢ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ︽ᠳᠥᠷᠪᠡᠨ ᠰᠤᠷᠲᠠᠯ ︾ ᠢ ᠡᠴᠦᠰ ᠲᠤᠨᠢ | ᠲᠤᠯᠲᠠᠯ᠎ᠠ ᠴᠢᠩᠭ᠎ᠠ ᠴᠡᠭᠴᠡᠯᠡᠨ ᠵᠠᠰᠠᠵᠤ ᠂ ᠪᠠᠶᠢᠳᠠᠯ ᠢ ᠰᠥᠷᠦᠨ ᠰᠠᠬᠢᠯᠭ᠎ᠠ ᠪᠠᠲᠤ ᠶᠢ ᠵᠥᠷᠢᠴᠡᠬᠦ ᠂ ᠳᠠᠯᠳᠠ ᠪᠠᠷ ᠣᠨᠳᠣᠣᠰᠢᠬᠤ ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠦᠨᠳᠦ ᠨᠣᠴᠢᠲᠠᠢ ᠨᠥᠯᠥᠭᠡᠯᠡᠬᠦ ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ | ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠢᠯᠵᠢᠷᠡᠯ ᠢ ᠨᠢᠭᠡ ᠮᠥᠴᠡ ᠴᠦ ᠵᠣᠭᠰᠣᠯ ᠦᠭᠡᠢ ᠵᠠᠯᠬᠠᠭᠠᠨ ᠰᠢᠢᠳᠬᠡᠵᠦ ᠂ | ︽ᠨᠢᠭᠡᠳᠦᠭᠡᠷ ᠭᠠᠷ ︾ ᠪᠠ ᠤᠳᠤᠷᠢᠳᠬᠤ ᠪᠠᠭ ᠤᠨ ᠪᠦᠷᠢᠯᠳᠦᠭᠦᠨ ᠵᠡᠷᠭᠡ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ ᠂ ᠮᠥᠩᠭᠦᠨ ᠭᠦᠢᠯᠭᠡᠭᠡ ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠨᠧᠷᠭᠢ ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠂ ᠲᠠᠮᠠᠬᠢ ᠂ ᠡᠮ ᠡᠮᠨᠡᠯᠭᠡ ᠂ ᠶᠡᠭᠡ ᠳᠡᠭᠡᠳᠦ ᠰᠤᠷᠭᠠᠭᠤᠯᠢ ᠂ | ᠪᠡᠶ᠎ᠡ ᠶᠢᠨ ᠲᠠᠮᠢᠷ ᠂ ᠨᠡᠭᠡᠭᠡᠨ ᠬᠥᠭᠵᠢᠭᠦᠯᠬᠦ ᠣᠷᠣᠨ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ ᠴᠢᠩᠭ᠎ᠠ ᠠᠩᠬᠠᠷᠴᠤ ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠬᠦ ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠬᠤ ᠂ ᠲᠣᠭᠲᠠᠭᠠᠯ ᠢ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠭᠠᠳ ᠤᠯᠤᠰ ᠤᠨ | ᠥᠮᠴᠢᠯᠡᠯ ᠤᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠠᠰᠠᠭᠤᠳᠠᠯ ᠢ ᠴᠢᠩᠭ᠎ᠠ ᠠᠩᠬᠠᠷᠴᠤ ᠂ ᠬᠦᠴᠦᠯᠡᠨ ᠠᠳᠬᠤᠵᠤ ᠂ ᠭᠦᠨᠵᠡᠭᠡᠢ | ᠪᠠᠶᠢᠴᠠᠭᠠᠬᠤ ᠬᠡᠷᠡᠭᠲᠡᠢ ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ ᠃ ᠰᠤᠷᠲᠠᠯ ᠢᠯᠵᠢᠷᠡᠯ ᠢ ᠵᠡᠷᠭᠡ ᠪᠠᠷ | ᠪᠠᠶᠢᠴᠠᠭᠠᠵᠤ ᠵᠡᠷᠭᠡ ᠪᠠᠷ ᠵᠠᠰᠠᠬᠤ ᠱᠠᠭᠠᠷᠳᠠᠯᠭ᠎ᠠ ᠶᠢ ᠬᠡᠷᠡᠭ ᠪᠦᠭᠦᠨ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠨᠠᠶᠢᠳᠠᠪᠤᠷᠢᠵᠢᠭᠤᠯᠵᠤ ᠂ ︽ᠰᠤᠷᠲᠠᠯ ᠢᠶᠠᠷ | ᠢᠯᠵᠢᠷᠡᠯ ᠢ ᠪᠠᠶᠢᠴᠠᠭᠠᠬᠤ ︾ ᠮᠥᠷᠲᠡᠭᠡᠨ ᠪᠠᠰᠠ ︽ᠢᠯᠵᠢᠷᠡᠯ ᠢᠶᠠᠷ ᠰᠤᠷᠲᠠᠯ ᠢ ᠵᠠᠯᠠᠷᠠᠭᠤᠯᠬᠤ ︾᠂ ︽ᠬᠠᠮᠲᠤ ᠪᠠᠷ ᠪᠠᠶᠢᠴᠠᠭᠠᠬᠤ ︾ ᠪᠠᠷ ᠰᠤᠷᠲᠠᠯ ᠢᠯᠵᠢᠷᠡᠯ | ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ ᠂ ︽ᠬᠠᠮᠲᠤ ᠪᠠᠷ ᠵᠠᠰᠠᠬᠤ ︾ ᠪᠠᠷ ᠳᠠᠮᠵᠢᠨ ᠰᠤᠷᠲᠠᠯ ᠢᠯᠵᠢᠷᠡᠯ ᠤᠨ ᠨᠡᠶᠢᠲᠡᠯᠢᠭ ᠴᠢᠨᠠᠷ ᠤᠨ ᠦᠨᠳᠦᠰᠦ | ᠰᠤᠷᠪᠤᠯᠵᠢ ᠶᠢ ᠠᠷᠢᠯᠭᠠᠵᠤ ᠂ ︽ᠪᠠᠶᠢᠴᠠᠭᠠᠬᠤ ︾᠂ ︽ᠵᠠᠰᠠᠬᠤ ︾ ᠪᠠᠷ ᠳᠠᠮᠵᠢᠨ ᠰᠤᠷᠲᠠᠯ ᠢᠯᠵᠢᠷᠡᠯ ᠤᠨ ᠬᠤᠪᠢᠰᠤᠯᠲᠠ ᠶᠢ ᠬᠤᠷᠢᠭᠯᠠᠨ ᠵᠣᠭᠰᠤᠭᠠᠬᠤ ᠬᠡᠷᠡᠭᠲᠡᠢ ᠃ | ᠲᠣᠮᠣ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠪᠠᠷ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠳᠤ ᠡᠨᠧᠷᠭᠢ ᠣᠯᠭᠤᠬᠤ ᠬᠡᠷᠡᠭᠲᠡᠢ ᠃ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ | ᠳᠥᠷᠪᠡᠳᠦᠭᠡᠷ ᠲᠤ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠶᠢᠷᠡᠭᠦᠯᠦᠨ | ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ︽ᠪᠠᠭ᠎ᠠ ᠱᠠᠮᠰᠢᠯ ᠪᠢᠴᠢᠯ ᠢᠯᠵᠢᠷᠡᠯ ︾ ᠢ ᠦᠷᠭᠦᠯᠵᠢᠯᠡᠨ | ᠵᠠᠯᠬᠠᠭᠠᠨ ᠰᠢᠢᠳᠬᠡᠵᠦ ᠂ ᠤᠯᠠᠨ ᠲᠦᠮᠡᠨ ᠤ ᠠᠰᠢᠭ ᠲᠤᠰᠠ ᠳᠤ ᠰᠤᠩᠭᠠᠭᠰᠠᠨ ︽ᠬᠠᠷ᠎ᠠ ᠰᠠᠪᠠᠷ ︾ ᠢ ᠡᠷᠡᠰ ᠴᠠᠪᠴᠢᠬᠤ ᠬᠡᠷᠡᠭᠲᠡᠢ ᠃ ᠠᠰᠠᠭᠤᠳᠠᠯ ᠢ ᠴᠡᠭᠴᠡᠯᠡᠨ | ᠵᠠᠰᠠᠬᠤ ᠶᠢ ᠴᠢᠩᠭᠠᠳᠬᠠᠵᠤ ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ ︾᠂ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠥᠷᠥᠩᠭᠡ ᠡᠬᠢ | ᠪᠠᠶᠠᠯᠢᠭ ︾ ᠤᠨ ᠬᠠᠮᠢᠶᠠᠷᠤᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠂ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠣᠪᠣᠶᠢᠮ᠎ᠠ | ᠠᠰᠠᠭᠤᠳᠠᠯ ᠤᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠢᠷᠡᠯ ᠤᠨ ᠰᠠᠮᠠᠭᠤᠨ ᠦᠵᠡᠭᠳᠡᠯ ᠢ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠬᠠᠮᠠᠭᠠᠯᠠᠬᠤ ᠰᠢᠬᠦᠷ ᠢ ᠴᠣᠬᠢᠵᠤ | ᠬᠠᠷᠢᠴᠠᠭᠠᠨ ᠤ ᠲᠣᠣᠷ ᠢ ᠡᠪᠳᠡᠬᠦ ︾ ᠶᠢ ᠪᠠᠶᠢᠩᠭᠤᠵᠢᠭᠤᠯᠤᠨ ᠲᠣᠬᠲᠡᠴᠡᠵᠢᠭᠤᠯᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ ᠬᠦᠴᠢᠷ ᠲᠦᠪᠡᠭ ᠢ ᠰᠣᠩᠭᠤᠵᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠡᠭᠴᠡᠯᠡᠨ ᠵᠠᠰᠠᠬᠤ ᠠᠵᠢᠯ ᠢ | ᠥᠷᠨᠢᠭᠦᠯᠬᠦ ᠬᠡᠷᠡᠭᠲᠡᠢ ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ ᠂ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠢ ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ ᠂ ᠦᠨᠳᠦᠰᠦᠨ ᠱᠠᠲᠤᠨ ᠤ | ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠲᠠᠪᠤᠳᠤᠭᠠᠷ ᠲᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ ᠃ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ ᠂ ︽ᠨᠢᠭᠡᠳᠦᠭᠡᠷ ᠭᠠᠷ ︾ ᠤᠨ | ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠂ ᠤᠳᠤᠷᠢᠳᠬᠤ ᠪᠠᠭ ᠤᠨ ᠪᠦᠷᠢᠯᠳᠦᠭᠦᠨ ᠤ ︽ᠨᠢᠭᠡ ᠠᠵᠢᠯ ᠤᠨ ᠪᠠᠶᠢᠷᠢ ᠶᠢᠨ ᠬᠤᠶᠠᠷ | ᠬᠠᠷᠢᠭᠤᠴᠠᠯᠭ᠎ᠠ ︾ ᠶᠢ ᠪᠣᠳᠠᠲᠠᠶᠢᠵᠢᠭᠤᠯᠬᠤ ᠬᠡᠷᠡᠭᠲᠡᠢ ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠱᠠᠯᠠᠪᠳᠠᠭᠤᠯᠵᠤ ᠂ ᠬᠢᠨᠠᠯᠲᠠ ᠬᠠᠮᠢᠶᠠᠷᠤᠯᠲᠠ ᠲᠤᠲᠠᠭᠳᠠᠵᠤ ᠪᠠᠶᠢᠭ᠎ᠠ ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠦᠴᠦᠨ ᠮᠡᠬᠦᠰᠳᠡᠵᠦ | ᠪᠠᠶᠢᠭ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ︶ ᠶᠢᠨ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ ᠂ ᠲᠤᠰᠬᠠᠢ ᠬᠠᠷᠢᠭᠤᠴᠠᠯᠭ᠎ᠠ ᠪᠠᠷ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠬᠡᠷᠡᠭᠲᠡᠢ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ | ᠭᠦᠢᠴᠡᠳᠬᠡᠭᠰᠡᠨ ᠦᠭᠡᠢ ᠪᠣᠯ ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ᠵᠢᠷᠭᠤᠳᠤᠭᠠᠷ ᠲᠤ ᠂ ᠲᠡᠮᠦᠷ ᠴᠡᠷᠢᠭ ᠢ ᠴᠢᠩᠭ᠎ᠠ ᠪᠥᠭᠡᠳ ᠪᠣᠳᠠᠲᠠᠢ ᠪᠠᠷ ᠪᠠᠶᠢᠭᠤᠯᠬᠤ ᠬᠡᠷᠡᠭᠲᠡᠢ ᠃ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠢ ᠵᠢᠷᠦᠮᠵᠢᠭᠦᠯᠬᠦ ᠬᠠᠤᠯᠢ ᠪᠠᠷ ᠵᠠᠰᠠᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ | ᠪᠠᠶᠢᠭᠤᠯᠤᠯᠲᠠ ᠂ ᠴᠢᠳᠠᠪᠤᠷᠢ ᠶᠢᠨ ᠪᠠᠶᠢᠭᠤᠯᠤᠯᠲᠠ ᠂ ᠰᠤᠷᠲᠠᠯ ᠤᠨ ᠪᠠᠶᠢᠭᠤᠯᠤᠯᠲᠠ ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠨ ᠂ ︽ᠳᠡᠷᠭᠡᠳᠡᠬᠢ | ᠠᠰᠠᠭᠤᠳᠠᠯ ᠢᠶᠠᠨ ᠣᠯᠵᠤ ᠬᠠᠷᠠᠬᠤ ᠦᠭᠡᠢ ︾ ᠠᠰᠠᠭᠤᠳᠠᠯ ᠢ ᠡᠷᠡᠰ ᠰᠡᠷᠭᠡᠶᠢᠯᠡᠨ ᠵᠠᠰᠠᠵᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠵᠢᠷᠦᠮᠵᠢᠯᠲᠡ ᠂ ᠬᠠᠤᠯᠢᠵᠢᠯᠲᠠ ᠂ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠲᠠᠢ ᠂ ᠵᠣᠷᠢᠭᠲᠠᠢ ᠴᠢᠳᠠᠮᠠᠭᠠᠢ ᠪᠠᠷ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠃ | ᠪᠦᠭᠦᠳᠡ ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠡᠷᠡᠯᠬᠡᠭᠯᠡᠨ | ᠤᠷᠤᠭᠰᠢᠯᠠᠵᠤ ᠂ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠭᠦᠰᠦᠭᠡᠢ ︕ ᠭᠡᠵᠦ ᠤᠷᠢᠶᠠᠯᠠᠪᠠ ᠃ | |