1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ | ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ | ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃ | ᠸᠠᠩ ᠯᠢ ᠰᠢᠶᠠ᠂ ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠳᠥᠷᠪᠡᠳᠦᠭᠡᠷ ᠪᠦᠭᠦᠳᠠ ᠬᠤᠷᠠᠯ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠢᠯᠵᠢᠷᠡᠯ ᠢ ᠡᠰᠡᠷᠭᠦᠴᠡᠬᠦ ᠲᠡᠮᠡᠴᠡᠯ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ | ᠭᠤᠶᠢᠪᠢᠰᠢ ᠦᠭᠡᠢ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ | ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠵᠣᠷᠢᠭᠤᠳᠠ ᠰᠠᠬᠢᠯᠭ᠎ᠠ ᠪᠠᠲᠤ ᠶᠢ ᠵᠥᠷᠢᠴᠡᠬᠦ᠂ ᠳᠠᠯᠳᠠᠭᠤᠷ ᠣᠨᠳᠣᠣᠰᠢᠵᠤ ᠢᠯᠡᠷᠡᠬᠦ ︽ᠲᠦᠷᠪᠡᠨ ᠰᠤᠷᠲᠠᠯ︾ ᠤᠨ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠯᠲᠠ᠂ ᠬᠢᠨᠠᠨ ᠪᠣᠳᠣᠯᠲᠠ᠂ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ | ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠪᠦᠭᠦ | ᠬᠦᠴᠦ ᠪᠠᠷ ᠢᠶᠠᠨ ᠴᠡᠭᠴᠡᠯᠡᠨ ᠵᠠᠰᠠᠵᠤ᠂ ᠢᠯᠵᠢᠷᠡᠯ ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠨᠢᠭᠡᠳᠦᠭᠡᠷ ᠭᠠᠷ︾ ᠪᠣᠯᠣᠨ ᠤᠳᠤᠷᠢᠳᠬᠤ ᠪᠠᠭ ᠤᠨ | ᠪᠦᠷᠢᠯᠳᠦᠭᠦᠨ ᠴᠥᠮ ᠵᠣᠷᠢᠭᠲᠠᠢ ᠠᠳᠬᠤᠵᠤ ᠵᠣᠷᠢᠭᠲᠠᠢ ᠬᠠᠮᠢᠶᠠᠷᠴᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ ᠬᠡᠷᠡᠭᠲᠡᠢ᠃ ᠤᠴᠢᠷ ᠶᠠᠪᠤᠳᠠᠯ ᠢ ᠪᠦᠲᠦᠭᠡᠬᠦ | ᠮᠥᠷᠲᠡᠭᠡᠨ ᠪᠠᠰᠠ ᠠᠰᠠᠭᠤᠳᠠᠯ ᠭᠠᠷᠭᠠᠬᠤ ᠦᠭᠡᠢ ᠪᠠᠶᠢᠬᠤ ᠬᠡᠷᠡᠭᠲᠡᠢ᠂ ᠬᠠᠷᠢᠨ ᠠᠰᠠᠭᠤᠳᠠᠯ ᠭᠠᠷᠭᠠᠬᠤ ᠦᠭᠡᠢ ᠭᠡᠵᠦ ᠶᠠᠪᠤᠳᠠᠯ ᠬᠢᠬᠦ ᠦᠭᠡᠢ ᠪᠠᠶᠢᠵᠤ ᠶᠠᠭᠠᠬᠢᠭᠰᠠᠨ | ᠴᠤ ᠪᠤᠯᠬᠤ ᠦᠭᠡᠢ᠃ ᠡᠯ᠎ᠡ ᠵᠦᠢᠯ ᠤᠨ ᠠᠵᠢᠯ ᠢ ᠴᠥᠮ ᠴᠢᠳᠠᠬᠤ ᠶᠢᠨ ᠬᠢᠷᠢ ᠪᠠᠷ ᠡᠷᠲᠡᠬᠡᠨ ᠬᠢᠵᠦ᠂ ᠪᠤᠯᠬᠤ ᠶᠢᠨ ᠳᠣᠲᠣᠷ᠎ᠠ ᠲᠦᠷᠭᠡᠨ ᠬᠢᠵᠦ᠂ ᠰᠢᠨᠡᠯᠡᠨ | ᠴᠠᠭᠠᠯᠠᠬᠤ ᠪᠠᠷ ᠵᠢᠭᠠᠬᠠᠨ ᠠᠮᠠᠷᠠᠶ᠎ᠠ ᠭᠡᠰᠡᠨ ᠪᠤᠳᠣᠯ ᠲᠠᠢ ᠪᠠᠶᠢᠵᠤ ᠪᠤᠯᠬᠤ ᠦᠭᠡᠢ᠂ ᠨᠡᠩ ᠴᠤ ᠠᠵᠢᠯ ᠤᠨ ︽ᠬᠤᠭᠤᠰᠤᠨ ᠴᠣᠩᠬᠤᠪᠴᠢ ᠶᠢᠨ ᠬᠤᠭᠤᠴᠠᠭ᠎ᠠ︾ | ᠭᠠᠷᠭᠠᠵᠤ ᠪᠤᠯᠬᠤ ᠦᠭᠡᠢ᠃ ᠵᠢᠯ ᠤᠨ ᠰᠡᠭᠦᠯᠴᠢ ᠣᠨ ᠤ ᠡᠬᠢᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠮᠠᠷᠬᠠᠨ ᠡᠭᠦᠰᠴᠦ ᠤᠯᠠᠨ ᠡᠭᠦᠰᠳᠡᠭ᠂ | ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠭᠦ | ᠲᠠᠯ᠎ᠠ ᠪᠠᠷ ᠥᠷᠨᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ | |