ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/1/24
通辽市第六届人民代表大会第五次会议隆重开幕1.jpg
      ᠴᠢᠷᠮᠠᠶᠢᠨ ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠢᠷᠡᠭᠡᠳᠦᠢ ᠶᠢ ᠴᠣᠭᠴᠠᠯᠠᠮᠤᠢ᠃ 1 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠡᠭᠦᠷᠭᠡ ᠬᠠᠷᠢᠭᠤᠴᠠᠯᠭ᠎ᠠ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠬᠦᠰᠡᠯ ᠡᠷᠡᠮᠡᠯᠵᠡᠯ ᠢᠶᠠᠨ ᠡᠪᠦᠷᠯᠡᠭᠰᠡᠨ᠂ ᠪᠥᠬᠦ ᠬᠤᠲᠠ ᠶᠢᠨ ᠡᠯ᠎ᠡ ᠠᠵᠢᠯ ᠲᠥᠷᠥᠯ᠂ ᠡᠯ᠎ᠡ ᠹᠷᠣᠨᠲ ᠠᠴᠠ ᠢᠷᠡᠭᠰᠡᠨ 300 ᠭᠠᠷᠤᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠲᠦᠩᠯᠢᠶᠣᠤ ᠶᠢᠨ ᠰᠢᠨ᠎ᠡ ᠨᠢᠭᠡ ᠵᠢᠯ ᠤᠨ ᠲᠡᠮᠡᠴᠡᠯ ᠤᠨ ᠵᠢᠷᠤᠭ ᠲᠥᠰᠦᠪ ᠢ ᠬᠠᠮᠲᠤ ᠪᠠᠷ ᠵᠢᠷᠤᠭᠯᠠᠪᠠ᠃      ᠶᠡᠭᠡ ᠬᠤᠷᠠᠯ ᠤᠨ ᠬᠤᠭᠤᠴᠠᠭ᠎ᠠ ᠨᠢ ᠬᠤᠶᠠᠷ ᠡᠳᠦᠷ ᠬᠠᠭᠠᠰ᠂ ᠵᠥᠪᠯᠡᠬᠦ ᠵᠦᠢᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ᠂ ᠲᠥᠯᠥᠪᠯᠡᠭᠡ ᠶᠢᠨ ᠮᠡᠳᠡᠭᠦᠯᠦᠯᠲᠡ᠂ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ ᠵᠢᠴᠢ ᠰᠣᠩᠭᠤᠭᠤᠯᠢ ᠶᠢᠨ ᠵᠦᠢᠯᠡᠰ ᠢ ᠪᠠᠲᠤᠯᠠᠬᠤ ᠵᠡᠷᠭᠡ ᠪᠠᠭᠲᠠᠨ᠎ᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ