ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠤᠨ | ᠠᠯᠪᠠᠨ ᠮᠡᠳᠡᠭᠡ | ︵2025 ᠣᠨ ᠤ 1 ᠳ᠋ᠦ᠋ᠭᠡᠷ ᠰᠠᠷ᠎ᠠ ᠶᠢᠨ 2 ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠳᠡᠭᠡᠷ᠎ᠡ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ 2025 ᠣᠨ ᠤ 1 ᠳ᠋ᠦ᠋ᠭᠡᠷ ᠰᠠᠷ᠎ᠠ ᠶᠢᠨ 2 ᠲᠤ ᠬᠤᠷᠠᠯᠳᠤᠪᠠ᠃ | ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 42 ᠬᠥᠮᠦᠨ᠂ ᠣᠷᠣᠯᠠᠭᠴᠢ ᠭᠡᠰᠢᠭᠦᠨ 10 ᠬᠥᠮᠦᠨ ᠣᠷᠣᠯᠴᠠᠪᠠ᠃ ᠬᠤᠳᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠳᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ | ᠬᠤᠷᠠᠯ ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ᠃ ᠰᠤᠷᠪᠤᠯᠵᠢᠯᠠᠭᠴᠢ ᠵᠠᠩ ᠴᠢ ᠮᠢᠨ ᠱᠢ ᠰᠢᠶᠣᠤ ᠪᠥᠸᠧ ᠰᠡᠭᠦᠳᠡᠷᠯᠡᠪᠡ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠴᠢ᠊ · ᠳᠠᠯᠠᠨᠲᠠᠢ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠳᠡᠭᠡᠷ᠎ᠡ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ | ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠪᠥᠬᠦᠳᠡ ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠣᠣᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ | ᠣᠷᠣᠬᠤ︾ ᠳᠠᠪᠠᠯᠲᠠ ᠲᠠᠢ ᠨᠡᠬᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠢᠯᠣᠭᠤᠳᠤᠮᠵᠢ ᠶᠢ ᠡᠷᠡᠰ ᠪᠠᠲᠤ ᠴᠢᠩᠭᠠᠳᠬᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠲᠡᠶ ᠪᠥᠭᠡᠳ ᠡᠮᠬᠢ ᠵᠢᠷᠤᠮ ᠲᠠᠢ ᠭᠦᠨᠵᠡᠭᠡᠶᠢᠷᠡᠭᠦᠯᠵᠦ᠂ ᠪᠣᠳᠠᠲᠤ ᠦᠷ᠎ᠡ ᠪᠦᠲᠦᠮᠵᠢ ᠣᠯᠵᠤ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠮ ᠢ ᠯᠠᠪᠳᠠᠭᠤᠨ ᠪᠠᠲᠤᠲᠠᠶ ᠠᠯᠬᠤᠪᠠ | ᠭᠡᠵᠦ ᠰᠠᠨᠠᠯ ᠨᠢᠭᠡᠲᠡᠶ ᠦᠵᠡᠪᠡ᠃ | | | | | 1 ᠳ᠋ᠦ᠋ᠭᠡᠷ ᠰᠠᠷ᠎ᠠ ᠶᠢᠨ 2 ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ | ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠰᠤᠷᠪᠤᠯᠵᠢᠯᠠᠭᠴᠢ ᠵᠠᠩ ᠴᠢ ᠮᠢᠨ ᠱᠢ ᠰᠢᠶᠣᠤ | ᠪᠥᠸᠧ ᠰᠡᠭᠦᠳᠡᠷᠯᠡᠪᠡ | ᠪᠥᠬᠦᠳᠡ ᠬᠤᠷᠠᠯ ᠳᠡᠭᠡᠷ᠎ᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠪᠲᠤᠯᠤᠯᠲᠠ ᠶᠢᠨ ᠵᠢᠯ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠤᠨ᠎ᠠ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ | ᠶᠤᠮ᠃ ᠬᠤᠷᠸ᠎ᠠ ᠲᠦᠷᠦ ᠶᠢᠨ ᠪᠤᠳᠤᠯᠭ᠎ᠠ ᠶᠢ ᠡᠵᠡᠮᠳᠡᠵᠦ᠂ ᠠᠵᠠ ᠲᠣᠬᠢᠶᠠᠯ ᠢ ᠴᠢᠷᠮᠠᠶᠢᠨ ᠠᠳᠬᠤᠵᠤ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠶᠡᠷᠦᠩᠬᠡᠢ | ᠱᠠᠭᠠᠷᠳᠠᠯᠭ᠎ᠠ᠂ ᠵᠢᠱᠢᠭᠰᠡᠨ ᠬᠠᠷᠠᠯᠲᠠ ᠪᠣᠯᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠣᠨᠣᠪᠴᠢᠲᠠᠢ ᠣᠶᠢᠯᠠᠭᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ | ᠵᠦᠢᠯ ᠢ ᠭᠦᠢᠴᠡᠳ ᠠᠰᠢᠭᠯᠠᠵᠤ᠂ ᠰᠢᠨ᠎ᠡ ᠨᠢᠭᠡ ᠵᠢᠯ ᠤᠨ ᠲᠦᠩᠯᠢᠶᠣᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ | ᠬᠥᠭᠵᠢᠯᠲᠡ ᠶᠢᠨ ᠪᠠᠶᠢᠳᠠᠯ ᠢ ᠲᠣᠳᠣᠷᠬᠠᠶ ᠲᠠᠨᠢᠵᠤ᠂ ᠢᠲᠡᠭᠡᠯ ᠵᠣᠷᠢᠭ ᠢᠶᠠᠨ ᠦᠨᠡᠨ ᠬᠦ ᠪᠠᠲᠤᠳᠬᠠᠵᠤ᠂ ᠬᠥᠭᠵᠢᠯᠲᠡ ᠶᠢᠨ ᠵᠥᠷᠢᠶ᠎ᠡ ᠶᠢ ᠬᠢᠨᠠᠨ ᠦᠵᠡᠵᠦ᠂ ᠲᠠᠷᠢᠬᠢ | ᠲᠣᠯᠣᠭᠠᠢ ᠪᠠᠨ ᠦᠷᠭᠦᠯᠵᠢᠯᠡᠨ ᠰᠡᠷᠭᠡᠭ ᠪᠠᠶᠢᠯᠭᠠᠵᠤ᠂ ᠣᠳᠣᠬᠠᠨ ᠤ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠭᠦᠢᠴᠡᠳ | ᠲᠠᠨᠢᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠳᠬᠤᠵᠤ᠂ ᠠᠯᠢᠪᠠ ᠲᠦᠷᠦ ᠶᠢᠨ ᠪᠤᠳᠤᠯᠭ᠎ᠠ ᠶᠢᠨ ᠨᠥᠬᠦᠴᠡᠯ ᠢ ᠰᠠᠶᠢᠲᠤᠷ ᠬᠡᠷᠡᠭᠯᠡᠵᠦ᠂ ᠠᠯᠢᠪᠠ ᠳᠠᠯᠳᠠ | ᠬᠦᠴᠦᠨ ᠤ ᠡᠬᠢ ᠪᠠᠶᠠᠯᠢᠭ ᠢ ᠠᠭᠤᠳᠠᠯᠵᠤ᠂ ᠲᠦᠩᠯᠢᠶᠣᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠮ ᠢ ᠨᠡᠩ ᠰᠠᠶᠢᠲᠤᠷ ᠠᠯᠬᠤᠵᠤ᠂ | ᠨᠡᠩ ᠤᠯᠠᠨ ᠰᠢᠪᠲᠤᠯᠤᠯᠲᠠ ᠶᠢ ᠪᠦᠷᠢᠯᠳᠦᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ | ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠦᠴᠢᠷᠳᠡᠯ ᠢ ᠪᠥᠬᠦ ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠶ ᠳᠠᠪᠠᠯᠲᠠ ᠲᠠᠢ | ᠨᠡᠬᠡᠯᠲᠡ︾ ᠶᠢᠨ ᠠᠵᠢᠯ ᠤᠨ ᠬᠠᠷᠠᠯᠲᠠ ᠳᠤ ᠨᠢᠭᠲᠠ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠰᠢᠮᠳᠠᠭᠤᠯᠵᠤ᠂ | ᠠᠵᠢᠯᠯᠠᠬᠤ ᠶᠢ ᠲᠡᠷᠢᠭᠦᠨ ᠳᠤ ᠲᠠᠯᠪᠢᠨ ᠬᠥᠭᠵᠢᠯᠲᠡ ᠶᠢ ᠠᠳᠬᠤᠵᠤ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢᠨ ᠪᠣᠳᠠᠰ ᠤᠨ | ᠰᠠᠭᠤᠷᠢ ᠶᠢ ᠴᠥᠬᠦᠷᠡᠰᠢ ᠥᠬᠡᠶ ᠪᠠᠬᠢᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ | ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠭᠤᠤᠯᠳᠠᠯᠭ᠎ᠠ ᠲᠠᠢ | ᠪᠠᠶᠢᠷᠢᠯᠠᠭᠤᠯᠤᠯᠲᠠ ᠯᠤᠭ᠎ᠠ ᠨᠢᠭᠲᠠ ᠤᠶᠠᠯᠳᠤᠭᠤᠯᠤᠨ᠂ ᠲᠦᠩᠯᠢᠶᠣᠤ ᠶᠢᠨ ᠨᠠᠶᠢᠳᠠᠪᠤᠷᠢᠵᠢᠭᠤᠯᠬᠤ ᠴᠢᠬᠤᠯᠠᠲᠠᠢ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃ | ᠪᠥᠬᠦᠳᠡ ᠬᠤᠷᠠᠯ ᠳᠡᠭᠡᠷ᠎ᠡ᠂ ︽ᠲᠠᠪᠤᠨ ᠶᠡᠭᠡ ᠡᠭᠦᠷᠭᠡ︾ ᠪᠣᠯ ᠪᠥᠬᠦ ᠲᠠᠯ᠎ᠠ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶᠢᠯᠡᠨ ᠵᠢᠯᠣᠭᠤᠳᠬᠤ ᠴᠢᠨᠠᠷᠲᠠᠶ | ᠱᠠᠭᠠᠷᠳᠠᠯᠭ᠎ᠠ ᠪᠠ ᠵᠠᠩᠭᠢᠯᠠᠭ᠎ᠠ ᠶᠢᠨ ᠴᠢᠨᠠᠷᠲᠠᠶ ᠭᠠᠷᠳᠠᠴᠠ ᠮᠥᠨ᠂ ᠳᠠᠪᠠᠭᠤᠯᠢᠭ ᠢᠶᠠᠨ ᠪᠠᠳᠠᠷᠠᠭᠤᠯᠬᠤ᠂ ᠬᠢᠯᠠᠰ ᠴᠡᠭ ᠢ ᠠᠳᠬᠤᠬᠤ ᠶᠢ ᠪᠠᠷᠢᠮᠲᠠᠯᠠᠵᠤ᠂ ᠵᠥᠷᠢᠶ᠎ᠡ ᠪᠠᠨ | ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠰᠢᠪᠲᠤᠯᠤᠯᠲᠠ ᠭᠠᠷᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ | ᠬᠡᠷᠡᠭᠲᠡᠶ ᠭᠡᠪᠡ᠃ ᠪᠥᠬᠦᠳᠡ ᠬᠤᠷᠠᠯ ᠳᠡᠭᠡᠷ᠎ᠡ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠬᠤ ᠨᠢ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ | ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠵᠢᠯᠣᠭᠤᠳᠬᠤ ᠴᠢᠨᠠᠷᠲᠠᠶ᠂ ᠬᠥᠰᠢᠭᠦᠷᠢᠲᠦ ᠴᠢᠨᠠᠷᠲᠠᠶ ᠦᠢᠯᠡᠳᠦᠯ | ᠦᠵᠡᠭᠦᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠪᠦᠬᠦᠳᠡ ᠬᠤᠷᠠᠯ ᠳᠡᠭᠡᠷ᠎ᠡ᠂ ︽ | ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠳᠤᠷᠠᠳᠤᠭᠰᠠᠨ ᠰᠢᠨ᠎ᠡ ᠡᠭᠦᠷᠭᠡ ᠪᠣᠯᠤᠨ᠎ᠠ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠭᠦᠨᠵᠡᠭᠡᠢ ᠰᠤᠳᠤᠯᠵᠤ᠂ ᠭᠦᠢᠴᠡᠳ | ᠨᠤᠲᠠᠯᠠᠵᠤ᠂ ᠱᠠᠯᠠᠪᠳᠠᠨ ᠬᠥᠳᠡᠯᠦᠯᠴᠡᠵᠦ᠂ ᠡᠷᠬᠡᠪᠰᠢ ᠦᠨᠡᠨ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ | ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠲᠦᠷᠦᠯ ᠵᠦᠢᠯ ᠢ ᠲᠥᠰᠦᠪᠯᠡᠬᠦ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠵᠤ | ᠦᠢᠯᠡᠰ ᠢ ᠪᠤᠶᠢᠵᠢᠭᠤᠯᠬᠤ ᠶᠢ ᠲᠤᠪᠤᠶᠢᠯᠭᠠᠨ ᠤᠬᠠᠭᠠᠯᠠᠬᠤ ᠶᠢ ᠠᠳᠬᠤᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠥᠷᠭᠡᠳᠬᠡᠬᠦ ᠳᠤ ᠴᠢᠭᠯᠡᠭᠦᠯᠦᠨ | ᠤᠬᠠᠭᠠᠯᠠᠬᠤ ᠶᠢ ᠠᠳᠬᠤᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠳᠤ ᠴᠢᠭᠯᠡᠭᠦᠯᠦᠨ ᠤᠬᠠᠭᠠᠯᠠᠬᠤ ᠶᠢ ᠠᠳᠬᠤᠵᠤ᠂ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠯᠢᠳᠡᠭ ᠰᠠᠶᠢᠨ | ᠣᠷᠴᠢᠨ ᠲᠣᠭᠤᠷᠢᠨ ᠢ ᠴᠢᠨᠠᠭᠰᠢᠳᠠ ᠪᠤᠢ ᠪᠣᠯᠭᠠᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠠᠵᠤ | ᠦᠢᠯᠡᠰ ᠢ ᠪᠤᠶᠢᠵᠢᠭᠤᠯᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠵᠤ ᠠᠵᠢᠯ ᠣᠯᠭᠤᠬᠤ ᠦᠢᠯᠡᠴᠢᠯᠡᠭᠡ ᠶᠢ | ᠰᠠᠶᠢᠵᠢᠷᠠᠭᠤᠯᠬᠤ ᠶᠢ ᠠᠳᠬᠤᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠠᠳᠬᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠤᠬᠠᠭᠤᠯᠬᠤ ᠵᠣᠬᠢᠶᠠᠨ | ᠪᠠᠶᠢᠭᠤᠯᠤᠯᠲᠠ ᠶᠢ ᠠᠳᠬᠤᠨ ᠲᠤᠰ ᠭᠠᠵᠠᠷ ᠣᠷᠣᠨ ᠳᠤᠨᠢ ᠠᠵᠢᠯ ᠣᠯᠭᠤᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠲᠠᠷᠢᠶᠠᠯᠠᠩ ᠤᠨ ᠤᠰᠤ ᠠᠷᠪᠢᠯᠠᠬᠤ ᠶᠢ | ᠲᠤᠪᠤᠶᠢᠮ᠎ᠠ ᠰᠠᠶᠢᠲᠤᠷ ᠠᠳᠬᠤᠵᠤ᠂ ᠤᠰᠤ ᠬᠡᠷᠡᠭᠯᠡᠬᠦ ᠬᠢᠵᠠᠭᠠᠷᠯᠠᠯ ᠢ ᠴᠢᠩᠭᠠᠳᠬᠠᠵᠤ᠂ ᠤᠰᠤ ᠠᠪᠴᠤ ᠤᠰᠤ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ | ᠴᠢᠩᠳᠠᠯᠠᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠦᠨᠳᠦᠰᠦᠨ ᠴᠢᠨᠠᠷᠲᠠᠢ ᠠᠰᠠᠭᠤᠳᠠᠯ ᠢ ᠲᠦᠷᠭᠡᠳᠬᠡᠨ | ᠰᠢᠢᠳᠪᠦᠷᠢᠯᠡᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠪᠡᠭᠡᠵᠢᠩ ᠥᠪᠥᠷ | ᠮᠣᠩᠭᠤᠯ ᠤᠨ ᠪᠦᠬᠦ ᠲᠠᠯ᠎ᠠ ᠶᠢᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠬᠠᠨᠳᠤᠭᠤᠯᠤᠭᠰᠠᠨ ᠬᠤᠳᠠᠯᠳᠤᠭᠠᠴᠢᠨ ᠤᠷᠢᠬᠤ | ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠨᠡᠬᠡᠬᠡᠯᠳᠡ ᠶᠢ ᠥᠷᠭᠡᠳᠬᠡᠬᠦ | ᠬᠠᠮᠲᠤᠷᠠᠯᠴᠠᠭᠠᠨ ᠤ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ᠃ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ | ᠬᠥᠲᠥᠯᠦᠮᠵᠢ ᠪᠣᠯᠭᠠᠵᠤ᠂ ︽ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ᠂ ᠬᠠᠮᠲᠤ ᠶᠢᠨ ᠴᠣᠭᠴᠠ ᠶᠢᠨ ᠤᠬᠠᠮᠰᠠᠷ ᠢ ᠡᠵᠡᠮᠳᠡᠬᠦ᠂ ᠥᠪᠥᠷ | ᠮᠣᠩᠭᠤᠯ ᠤᠨ ᠴᠤᠭ ᠵᠠᠯᠢ ᠶᠢ ᠢᠯᠡᠷᠡᠭᠦᠯᠬᠦ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠢ ᠴᠤᠤᠷᠢᠶᠠᠲᠤᠭᠤᠯᠬᠤ᠂ ᠬᠤᠷᠴᠢᠨ ᠤ ᠠᠭᠤᠯᠤᠭᠳᠠᠬᠤᠨ ᠢ | ᠠᠭᠤᠳᠠᠯᠵᠤ᠂ ᠲᠣᠭᠠᠴᠢᠯᠠᠯᠲᠠ ᠪᠠᠷ ᠴᠢᠳᠠᠪᠤᠷᠢ ᠣᠯᠭᠤᠬᠤ ᠶᠢ ᠠᠬᠢᠭᠤᠯᠬᠤ︾ ᠵᠡᠷᠭᠡ ᠵᠢᠷᠭᠤᠭᠠᠨ ᠲᠠᠯ᠎ᠠ ᠠᠴᠠ ᠠᠵᠢᠯ ᠢᠶᠠᠨ ᠰᠠᠶᠢᠲᠤᠷ ᠬᠢᠵᠦ᠂ ᠰᠣᠳᠣᠨ ᠪᠦᠲᠦᠭᠡᠯ | ᠭᠠᠷᠭᠠᠵᠤ᠂ ᠠᠵᠢᠯ ᠤᠨ ᠠᠭᠤᠰᠤᠯᠴᠠᠯ ᠢ ᠠᠬᠢᠭᠤᠯᠵᠤ᠂ ᠤᠳᠬ᠎ᠠ ᠤᠷᠠᠯᠢᠭ ᠰᠣᠶᠣᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠂ ᠡᠯ᠎ᠡ ᠵᠦᠢᠯ ᠤᠨ | ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠡᠯ᠎ᠡ ᠲᠠᠯ᠎ᠠ ᠶᠢᠨ ᠬᠢᠨ ᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ᠃ ᠪᠥᠬᠦ ᠬᠤᠲᠠ ᠪᠠᠷ ᠢᠶᠠᠨ ᠴᠥᠮ | ᠴᠤᠭ ᠵᠠᠯᠢ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠦᠶ᠋ᠯᠡᠴᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠴᠦᠰ ᠤᠨ ᠵᠢᠯ ᠳᠤ ᠴᠢᠨᠠᠷ ᠰᠠᠶᠢᠲᠠᠶ ᠬᠥᠭᠵᠢᠯᠲᠡ ᠢᠯᠡᠳᠲᠡ ᠰᠢᠪᠲᠤᠯᠤᠯᠲᠠ ᠲᠠᠢ ᠪᠣᠯᠬᠤ ᠶᠢ | ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠪᠦᠬᠦᠳᠡ ᠬᠤᠷᠠᠯ ᠳᠡᠭᠡᠷ᠎ᠡ᠂ ᠡᠷᠡᠰ ᠬᠠᠳᠠᠨ ᠵᠣᠷᠢᠭ ᠢᠶᠠᠷ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ ︽ᠲᠥᠷᠥᠯ ᠵᠦᠢᠯ ᠢᠶᠠᠷ | ᠭᠤᠣᠯᠯᠠᠵᠤ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠬᠤ︾ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠬᠦᠴᠦᠨ ᠢᠶᠠᠨ | ᠲᠥᠪᠯᠡᠷᠡᠭᠦᠯᠦᠨ ᠶᠡᠭᠡ ᠬᠦᠴᠦᠷᠬᠡᠭ ᠢ ᠡᠯᠰᠡᠵᠦ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ᠂ ᠬᠦᠷᠢᠶᠡᠯᠡᠩ ᠲᠣᠭᠤᠷᠢᠭ ᠲᠤ ᠬᠤᠳᠠᠯᠳᠤᠭᠠᠴᠢᠨ ᠤᠷᠢᠬᠤ᠂ ᠬᠡᠯᠬᠢᠶ᠎ᠡ ᠶᠢᠨ | ᠵᠠᠩᠭᠢᠯᠠᠭ᠎ᠠ ᠶᠢᠨ ᠬᠤᠳᠠᠯᠳᠤᠭᠠᠴᠢᠨ ᠢ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠪᠦᠲᠦᠮᠵᠢᠲᠡᠶ ᠠᠷᠭ᠎ᠠ ᠶᠢ ᠳ᠋ᠦᠩᠨᠡᠨ | ᠳᠡᠯᠭᠡᠷᠡᠭᠦᠯᠵᠦ᠂ ᠪᠣᠬᠢᠷᠲᠤᠯ ᠥᠬᠡᠶ ᠡᠨᠧᠷᠭᠢ ᠬᠢᠭᠡᠳ ᠠᠵᠤ ᠦᠢᠯᠡᠰ ᠢ ᠬᠠᠮᠵᠢᠯᠴᠠᠨ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠴᠢᠩᠭ᠎ᠠ ᠠᠩᠬᠠᠷᠴᠤ᠂ ᠪᠣᠬᠢᠷᠲᠤᠯ | ᠥᠬᠡᠶ ᠴᠠᠬᠢᠯᠭᠠᠨ ᠤ ᠳᠠᠪᠠᠭᠤᠯᠢᠭ ᠢ ᠭᠦᠢᠴᠡᠳ ᠠᠰᠢᠭᠯᠠᠨ ᠠᠵᠤ ᠦᠢᠯᠡᠰ ᠢ ᠵᠣᠯᠭᠠᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠠᠵᠠ ᠲᠣᠬᠢᠶᠠᠯ ᠢ ᠠᠮᠵᠢᠨ | ᠪᠡᠯᠡ ᠮᠥᠩᠭᠦ ᠲᠡᠮᠡᠴᠡᠨ ᠣᠯᠵᠤ ᠲᠦᠷᠦᠯ ᠵᠦᠢᠯ ᠲᠣᠭᠲᠠᠭᠠᠵᠤ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠴᠢᠬᠤᠯᠠ ᠶᠡᠭᠡ ᠲᠦᠷᠦᠯ | ᠵᠦᠢᠯ ᠤᠨ ᠲᠦᠷᠢᠮ ᠲᠣᠭᠲᠠᠭᠠᠯ᠂ ᠨᠥᠭᠡᠴᠡᠯᠡᠯ᠂ ᠪᠡᠯᠡ ᠮᠥᠩᠭᠦ ᠶᠢ ᠲᠡᠮᠡᠴᠡᠨ ᠤᠯᠬᠤ ᠠᠵᠢᠯ ᠢ ᠰᠠᠶᠢᠲᠤᠷ ᠬᠢᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ | ᠬᠤᠷᠠᠮᠳᠤᠭᠤᠯᠤᠯ ᠢᠶᠠᠷ ᠴᠢᠨᠠᠷ ᠰᠠᠶᠢᠲᠠᠢ ᠳᠠᠪᠠᠯᠲᠠ ᠲᠠᠢ ᠬᠥᠭᠵᠢᠯᠲᠡ ᠳᠤ ᠨᠡᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠨᠡᠶᠢᠭᠡᠮ ᠤᠨ ᠬᠡᠷᠡᠭᠯᠡᠭᠡ ᠶᠢ ᠴᠢᠩᠭᠠᠷᠠᠭᠤᠯᠬᠤ ᠬᠡᠷᠡᠭᠲᠡᠶ᠃ ᠣᠯᠠᠨ ᠡᠰᠢᠵᠢᠭᠰᠡᠨ | ᠬᠡᠷᠡᠭᠯᠡᠭᠡᠨ ᠤ ᠪᠠᠶᠢᠳᠠᠯ ᠢ ᠢᠳᠡᠪᠬᠢᠲᠡᠶ ᠡᠭᠦᠳᠴᠦ᠂ ᠰᠦᠯᠵᠢᠶᠡᠨ ᠤ ᠬᠤᠳᠠᠯᠳᠤᠭᠠᠨ ᠤ ᠰᠠᠭᠤᠷᠢᠨ ᠭᠠᠵᠠᠷ ᠢ ᠪᠤᠶᠢᠵᠢᠭᠤᠯᠤᠨ ᠪᠠᠶᠢᠭᠤᠯᠵᠤ᠂ ᠤᠯᠠᠮᠵᠢᠯᠠᠯᠲᠤ | ᠠᠷᠠᠯᠵᠢᠶ᠎ᠠ ᠬᠤᠳᠠᠯᠳᠤᠭᠠᠨ ᠤ ᠭᠤᠤᠯ ᠴᠣᠭᠴᠠ ᠶᠢᠨ ᠬᠡᠪᠴᠢᠶ᠎ᠡ ᠶᠢ ᠥᠷᠭᠡᠳᠬᠡᠨ᠂ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠳᠡᠮᠵᠢᠬᠦ ᠬᠡᠷᠡᠭᠲᠡᠢ᠃ ᠡᠯ᠎ᠡ ᠲᠥᠷᠥᠯ ᠤᠨ ᠬᠡᠷᠡᠭᠯᠡᠭᠡᠨ ᠤ ᠠᠵᠢᠯᠯᠠᠭ᠎ᠠ ᠶᠢ ᠠᠭᠤᠰᠤᠯᠴᠠᠭᠤᠯᠤᠨ ᠬᠠᠮᠲᠤᠷᠠᠯᠴᠠᠬᠤ ᠶᠢ | ᠠᠬᠢᠭᠤᠯᠵᠤ᠂ ︽ᠲᠦᠩᠯᠢᠶᠣᠣ ᠳᠠᠬᠢ ᠲᠠᠭᠠᠯᠠᠮᠵᠢᠲᠠᠢ ᠬᠡᠷᠡᠭᠯᠡᠭᠡ︾ ᠶᠢᠨ ᠨᠠᠷᠠᠲᠤ ᠱᠣᠰᠢᠭ᠎ᠠ ᠶᠢ ᠪᠣᠶ ᠪᠣᠯᠭᠠᠬᠤ ᠶᠢᠨ ᠲᠣᠭᠤᠷᠢᠨ ᠳᠤ᠂ ᠠᠵᠢᠯᠯᠠᠭ᠎ᠠ ᠶᠢ ᠬᠠᠮᠲᠤᠷᠠᠨ | ᠡᠷᠭᠢᠯᠡᠬᠦ᠂ ᠠᠬᠤᠶ ᠪᠠᠶᠢᠳᠠᠯ ᠢ ᠬᠠᠮᠲᠤᠷᠠᠨ ᠪᠠᠶᠢᠭᠤᠯᠬᠤ᠂ ᠬᠡᠷᠡᠭᠯᠡᠭᠡ ᠶᠢᠨ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠶ ᠠᠬᠢᠭᠤᠯᠵᠤ᠂ ᠶᠡᠭᠡ ᠬᠡᠪᠴᠢᠶ᠎ᠡ᠂ ᠣᠯᠠᠨ | ᠬᠦᠷᠢᠶ᠎ᠡ᠂ ᠥᠨᠳᠥᠷ ᠳᠠᠪᠲᠠᠮᠵᠢᠲᠤ ᠬᠡᠷᠡᠭᠯᠡᠭᠡᠨ ᠤ ᠠᠵᠢᠯᠯᠠᠭ᠎ᠠ ᠪᠠᠷ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠥᠷᠭᠡᠳᠬᠡᠬᠦ | ᠬᠡᠷᠡᠭᠲᠡᠶ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠡᠰᠢᠵᠢᠭᠰᠡᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠰᠠᠭᠤᠭᠠᠯᠢ | ᠠᠷᠠᠳ ᠤᠨ ᠡᠷᠡᠭᠦᠯᠵᠢᠯ ᠰᠤᠪᠢᠯᠠᠯᠲᠠ᠂ ᠬᠡᠤᠬᠡᠳ ᠰᠠᠭᠠᠲᠠᠭᠤᠯᠬᠤ᠂ ᠬᠡᠷ ᠤᠨ ᠶᠠᠪᠤᠳᠠᠯ ᠵᠡᠷᠭᠡ ᠲᠠᠯ᠎ᠠ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ | ᠬᠠᠩᠭᠠᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ ᠪᠤᠶᠢᠵᠢᠭᠤᠯᠵᠤ᠂ ᠤᠤᠭᠠᠨ ᠠᠵᠤ ᠠᠬᠤᠶ᠂ ᠮᠥᠩᠭᠦᠨ ᠭᠦᠢᠯᠭᠡᠭᠡᠨ ᠤ ᠠᠵᠤ ᠠᠬᠤᠶ᠂ ᠲᠣᠭᠯᠠᠯᠲᠠ ᠶᠢᠨ | ᠠᠵᠤ ᠠᠬᠤᠶ᠂ ᠤᠷᠤᠯᠳᠤᠭᠠᠨ ᠤ ᠠᠵᠤ ᠠᠬᠤᠶ᠂ ᠮᠥᠰᠥ ᠴᠠᠰᠤᠨ ᠤ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠰᠢᠨ᠎ᠡ ᠬᠡᠯᠪᠡᠷᠢ ᠶᠢᠨ ᠬᠠᠮ ᠬᠡᠷᠡᠭᠯᠡᠭᠡᠨ ᠤ | ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠬᠤ ᠬᠡᠷᠡᠭᠲᠡᠶᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠴᠢᠩᠭ᠎ᠠ ᠠᠷᠭ᠎ᠠ ᠬᠡᠮᠵᠢᠶ᠎ᠡ ᠪᠠᠷ ᠦᠢᠯᠡᠴᠢᠯᠡᠭᠡᠨ ᠤ ᠦᠢᠯᠡᠰ ᠤᠨ ᠲᠥᠪᠯᠡᠷᠡᠭᠦᠯᠦᠨ ᠰᠢᠪᠲᠤᠯᠤᠯᠲᠠ ᠭᠠᠷᠭᠠᠬᠤ ᠶᠢ | ᠭᠦᠨᠵᠡᠭᠡᠶᠢᠷᠡᠭᠦᠯᠬᠦ ᠬᠡᠷᠡᠭᠲᠡᠶ᠃ ᠭᠤᠣᠯᠯᠠᠬᠤ ᠠᠵᠤ ᠦᠢᠯᠡᠰ ᠤᠨ ᠪᠦᠬᠦ ᠶᠠᠪᠤᠴᠠ ᠪᠠ ᠭᠤᠣᠯᠳᠠᠯᠭ᠎ᠠ ᠲᠠᠢ ᠭᠤᠣᠯᠯᠠᠭᠴᠢ ᠠᠵᠤ ᠠᠬᠤᠶᠢᠯᠠᠯ ᠤᠨ ᠳᠡᠭᠡᠳᠦ ᠳᠣᠣᠷᠠᠳᠤ | ᠤᠷᠤᠰᠬᠠᠯ ᠢ ᠴᠢᠩᠭ᠎ᠠ ᠠᠩᠬᠠᠷᠴᠤ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠴᠢᠯᠡᠭᠡᠨ ᠤ ᠦᠢᠯᠡᠰ ᠤᠨ | ᠭᠤᠣᠯᠯᠠᠬᠤ ᠥᠷᠢᠰᠦᠯᠳᠦᠬᠦ ᠬᠦᠴᠦᠨ ᠢ ᠦᠨᠡᠨᠬᠦ ᠴᠢᠩᠭᠠᠷᠠᠭᠤᠯᠬᠤ ᠬᠡᠷᠡᠭᠲᠡᠢ᠃ ᠪᠦᠬᠦ ᠨᠡᠶᠢᠭᠡᠮ ᠤᠨ ᠪᠠᠷᠡᠭᠠᠨ ᠤ ᠬᠦᠢᠯᠬᠡᠬᠡᠡ ᠤ ᠦᠪᠡᠷ ᠤᠨ ᠦᠷᠲᠡᠭ ᠢ | ᠪᠠᠭᠤᠷᠡᠭᠤᠯᠬᠤ ᠲᠣᠰᠬᠠᠢ ᠠᠵᠢᠯᠯᠠᠭ᠎ᠠ ᠶᠢ ᠭᠡᠷᠡᠭᠵᠢᠬᠦᠯᠵᠦ᠂ ᠪᠠᠷᠡᠭᠠᠨ ᠤ ᠬᠦᠢᠯᠬᠡᠬᠡᠡ ᠤ ᠳᠡᠪᠴᠠᠩ ᠠᠵᠦ ᠠᠬᠤᠶᠢᠯᠠᠯ ᠤᠨ ᠡᠵᠡᠩᠨᠡᠯᠳᠡ ᠶᠢ ᠰᠠᠶᠢᠵᠢᠷᠡᠭᠤᠯᠥᠨ᠂ | ᠪᠠᠷᠡᠭᠠᠨ ᠤ ᠬᠦᠢᠯᠬᠡᠬᠡᠡ ᠤ ᠦᠢᠯᠡᠴᠢᠯᠡᠬᠡᠨ ᠤ ᠵᠤᠬᠢᠶᠡᠨ ᠪᠠᠶᠢᠭᠤᠯᠥᠯᠳᠡᠵᠢᠯᠳᠡ᠂ ᠲᠣᠰ ᠭᠠᠵᠡᠷ ᠣᠷᠣᠨ ᠤ ᠬᠢ ᠪᠣᠯᠭᠠᠬᠤ ᠬᠢᠷᠢ ᠭᠡᠮᠵᠢᠶ᠎ᠠ ᠶᠢ ᠳᠥᠷᠭᠡᠳᠭᠡᠨ | ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠡᠬᠢ ᠪᠠᠶᠠᠯᠢᠭ ᠢᠶᠠᠷ ᠭᠤᠤᠯᠯᠠᠬᠤ ᠠᠵᠤ ᠦᠢᠯᠡᠰ᠂ ᠪᠣᠳᠠᠲᠤ ᠴᠣᠭᠴᠠ ᠶᠢᠨ ᠠᠵᠤ ᠠᠬᠤᠶ ᠳᠤ ᠴᠢᠳᠠᠪᠤᠷᠢ | ᠣᠯᠭᠤᠬᠤ ᠶᠢ ᠠᠬᠢᠭᠤᠯᠵᠤ᠂ ᠰᠢᠭᠤᠳ ᠪᠡᠯᠡ ᠲᠤᠬᠢᠷᠠᠭᠤᠯᠭ᠎ᠠ ᠶᠢ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠣᠶᠢᠷ᠎ᠠ ᠶᠢᠨ ᠵᠢᠯ ᠤᠨ | ᠲᠤᠷᠰᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠳᠡᠶᠢᠯᠦᠭᠡᠳᠦᠢ ᠪᠠᠶᠢᠬᠤ ᠬᠤᠭᠤᠰᠤᠨ ᠢ ᠨᠥᠬᠦᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠲᠣᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ᠂ ᠪᠣᠬᠢᠷᠲᠤᠯ ᠦᠭᠡᠢ ᠪᠤᠳᠤᠬᠤ ᠬᠦᠴᠦᠨ᠂ ᠳᠣᠣᠷ᠎ᠠ ᠠᠭᠠᠷ ᠤᠨ ᠠᠵᠤ ᠠᠬᠤᠢ ᠵᠡᠷᠭᠡ ᠬᠡᠷᠡᠭᠯᠡᠭᠡᠨ ᠤ | ᠪᠠᠶᠢᠳᠠᠯ ᠳᠤ ᠲᠦᠰᠢᠭᠯᠡᠨ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠤᠭᠤᠯᠤᠯᠲᠠ ᠪᠠ ᠪᠣᠷᠤᠯᠠᠭᠤᠯᠭ᠎ᠠ ᠶᠢᠨ ︽ᠰᠡᠷᠭᠦᠯᠲᠡ︾ ᠶᠢ | ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠳᠡᠭᠡᠷ᠎ᠡ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠵᠤ ᠪᠠᠶᠢᠭᠠᠳ ᠠᠵᠤ ᠦᠢᠯᠡᠳᠪᠦᠷᠢ ᠶᠢᠨ ᠬᠦᠴᠢᠷᠳᠡᠯ ᠠᠴᠠ ᠠᠩᠭᠢᠵᠢᠷᠠᠬᠤ ᠶᠢ | ᠠᠬᠢᠭᠤᠯᠬᠤ ᠬᠡᠷᠡᠭᠲᠡᠢ᠃ ᠬᠥᠩᠭᠡᠨᠴᠠᠭᠠᠨ ᠨᠢᠺᠧᠯ ᠴᠠᠬᠢᠭᠤᠷ ᠤᠨ ᠪᠣᠬᠢᠷᠲᠤᠯ ᠥᠬᠡᠶ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠤᠨ ᠭᠤᠤᠯᠳᠠᠯᠭ᠎ᠠ ᠲᠠᠢ ᠲᠥᠷᠥᠯ | ᠵᠦᠢᠯ ᠢ ᠲᠦᠷᠭᠡᠳᠬᠡᠨ ᠪᠥᠲᠥᠭᠡᠨ ᠪᠠᠶᠢᠭᠤᠯᠵᠤ᠂ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ᠃ ᠳᠡᠭᠡᠳᠦ ᠲᠠᠰ ᠤᠨ ᠬᠦᠨᠳᠦ ᠬᠡᠯᠪᠡᠷᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠴᠢᠳᠠᠪᠤᠷᠢ ᠪᠠᠨ ᠥᠷᠭᠡᠳᠬᠡᠬᠦ ᠪᠠ | ᠭᠠᠷᠤᠯᠲᠠ ᠪᠠᠨ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠨᠢᠭᠡ | ᠴᠣᠭᠴᠠᠵᠢᠭᠤᠯᠤᠭᠰᠠᠨ ᠢᠵᠢ ᠪᠦᠷᠢᠳᠦᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠡᠷᠳᠡᠨᠢ ᠰᠢᠰᠢ ᠶᠢᠨ ᠨᠡᠶᠢᠯᠡᠮᠡᠯ ᠠᠮᠢᠳᠤ | ᠪᠣᠳᠠᠰ ᠤᠨ ᠠᠵᠤ ᠦᠢᠯᠡᠰ ᠤᠨ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢᠶᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠲᠦᠭᠦᠬᠡᠶ ᠡᠮ ᠤᠨ | ᠮᠠᠲ᠋ᠧᠷᠢᠶᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠯᠪᠡᠯᠵᠡᠯ ᠢ ᠢᠯᠠᠨ ᠳᠠᠪᠠᠵᠤ᠂ ᠵᠠᠬ᠎ᠠ ᠳᠡᠯᠭᠡᠭᠦᠷ ᠤᠨ ᠬᠤᠪᠢ ᠶᠢᠨ ᠵᠢᠩ ᠶᠢ ᠥᠷᠭᠡᠳᠬᠡᠬᠦ ᠶᠢ | ᠬᠥᠲᠥᠯᠦᠨ ᠵᠢᠯᠣᠭᠤᠳᠴᠤ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠪᠠᠷ ᠮᠠᠯ ᠲᠠᠷᠢᠶᠠᠯᠠᠩ ᠤᠨ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠰᠢᠨ᠎ᠡ ᠮᠡᠷᠭᠡᠵᠢᠯ ᠰᠢᠨ᠎ᠡ ᠵᠠᠭᠪᠤᠷ ᠢ ᠢᠳᠡᠪᠬᠢᠲᠡᠶ ᠳᠡᠯᠭᠡᠷᠡᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ | ᠠᠮᠤ ᠪᠤᠳᠠᠭᠠᠨ ᠤ ᠤᠨᠠᠯᠲᠠ ᠶᠢ ᠦᠷᠭᠦᠯᠵᠢᠯᠡᠨ ᠨᠡᠮᠡᠭᠳᠡᠭᠦᠯᠬᠦ ᠶᠢ ᠴᠢᠷᠮᠠᠶᠢᠨ ᠪᠠᠲᠤᠯᠠᠨ᠎ᠠ᠃ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠦᠨ | ᠬᠦᠴᠦᠯᠡᠬᠦ ᠪᠠᠷ ᠳᠠᠮᠵᠢᠨ ᠠᠯᠠᠰᠢᠨ ᠦᠬᠡᠷ ᠤᠨ ᠠᠵᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ︽ᠲᠦᠩᠯᠢᠶᠣᠤ ᠶᠢᠨ ᠠᠯᠠᠰᠢᠨ ᠦᠬᠡᠷ ᠰᠠᠶᠢᠨ᠂ | ᠲᠦᠩᠯᠢᠶᠣᠤ ᠶᠢᠨ ᠰᠠᠶᠢᠨ ᠦᠬᠡᠷ ᠤᠨ ᠮᠢᠬ᠎ᠠ︾ ᠶᠢᠨ ᠨᠠᠷᠠᠲᠤ ᠱᠣᠰᠢᠭ᠎ᠠ ᠶᠢᠨ ᠳᠦᠷᠢ ᠲᠥᠷᠬᠦ ᠶᠢ ᠲᠥᠪᠯᠡᠷᠡᠭᠦᠯᠦᠨ ᠪᠣᠶ ᠪᠣᠯᠭᠠᠵᠤ᠂ ᠡᠳ᠋ᠰᠢᠭᠦᠯᠬᠦ ᠠᠵᠤ | ᠦᠢᠯᠡᠰ ᠤᠨ ᠪᠥᠭᠡᠮᠨᠡᠷᠡᠯ ᠪᠠ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠶᠢᠵᠢᠭᠤᠯᠵᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ | ᠮᠡᠷᠭᠡᠵᠢᠯ ᠢ ᠳᠡᠯᠭᠡᠷᠡᠭᠦᠯᠦᠨ᠂ ᠠᠯᠠᠰᠢᠨ ᠦᠬᠡᠷ ᠤᠨ ᠲᠤᠭ᠎ᠠ ᠬᠡᠪᠴᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠳᠦᠷᠰᠦ ᠶᠢᠨ ᠰᠦᠷᠦᠭ ᠤᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠰᠢᠰᠲ᠋ᠧᠮ ᠲᠠᠢ ᠵᠠᠰᠠᠯᠲᠠ ᠪᠠᠷ ᠬᠤᠷᠴᠢᠨ ᠤ ᠡᠯᠡᠰᠦᠷᠬᠡᠭ ᠭᠠᠵᠠᠷ ᠢ ᠴᠥᠮ ᠬᠥᠬᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠠᠭᠤᠯᠠ ᠤᠰᠤᠨ ᠤ | ᠢᠨᠵᠧᠨᠧᠷᠢᠩ︾ ᠪᠣᠯᠤᠨ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠤᠨ ᠰᠡᠭᠦᠯᠴᠢ ᠶᠢᠨ ᠠᠵᠢᠯ ᠢ | ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠵᠠᠰᠠᠯᠲᠠ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠴᠢᠬᠤᠯᠠ ᠶᠡᠭᠡ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠯᠡ ᠮᠥᠩᠭᠦ ᠶᠢᠨ ᠪᠠᠲᠤᠯᠠᠭ᠎ᠠ᠂ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ | ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ | ᠦᠷᠭᠦᠯᠵᠢᠯᠡᠨ ᠠᠬᠢᠭᠤᠯᠵᠤ᠂ ᠪᠠᠷᠠᠭᠤᠨ ᠯᠢᠶᠣᠣ ᠾᠧ ᠭᠤᠣᠯ ᠤᠨ ᠪᠦᠬᠦ ᠢᠶᠠᠷ ᠢᠶᠠᠨ ᠤᠷᠤᠰᠬᠠᠯ ᠲᠠᠢ ᠪᠣᠯᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ | ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠡᠷᠬᠡᠪᠰᠢ ᠢᠲᠡᠭᠡᠯ ᠵᠣᠷᠢᠭ ᠢᠶᠠᠨ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠠᠵᠢᠯᠯᠠᠬᠤ ᠬᠡᠷᠡᠭᠲᠡᠶ᠃ | ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠬᠠᠳᠠᠭᠠᠯᠠᠯᠲᠠ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠥᠷᠭᠡᠳᠬᠡᠵᠦ᠂ | ᠶᠠᠰᠤ ᠴᠢᠨᠠᠷ ᠢ ᠳᠡᠭᠡᠭᠰᠢᠯᠡᠭᠦᠯᠵᠦ᠂ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ | ᠰᠢᠨ᠎ᠡ ᠬᠠᠭᠤᠴᠢᠨ ᠬᠥᠳᠡᠯᠭᠡᠬᠦ ᠬᠦᠴᠦᠨ ᠵᠠᠯᠭᠠᠯᠳᠤᠭᠤᠯᠤᠨ ᠰᠣᠯᠢᠭᠳᠠᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠳᠠᠪᠠᠭᠤᠯᠢᠭ ᠤᠨᠴᠠᠯᠢᠬᠳᠤ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠥᠭᠡᠷᠡᠴᠢᠯᠡᠯᠲᠡ | ᠲᠠᠢ ᠠᠷᠭ᠎ᠠ ᠪᠠᠷ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠨᠡᠭᠡᠭᠡᠯᠲᠡ ᠲᠠᠢ ᠠᠷᠭ᠎ᠠ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ | ᠂ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠣᠯᠤᠨ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ | ᠬᠠᠮᠠᠭᠠᠯᠠᠬᠤ ᠶᠢ ᠴᠢᠬᠤᠯᠠᠴᠢᠯᠠᠬᠤ᠂ ᠵᠠᠰᠠᠯᠲᠠ ᠶᠢ ᠴᠢᠩᠭᠠᠳᠬᠠᠬᠤ᠂ ᠦᠷ᠎ᠡ ᠪᠦᠲᠦᠮᠵᠢ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ | ᠬᠡᠯᠪᠡᠷᠢ ᠶᠢᠨ ᠪᠣᠬᠢᠷᠲᠤᠯ ᠦᠭᠡᠢ ᠬᠡᠯᠪᠡᠷᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ | ᠤᠯᠠᠨ ᠲᠦᠮᠡᠨ ᠤ ᠳᠡᠷᠭᠡᠳᠡᠬᠢ ᠶᠠᠪᠤᠳᠠᠯ᠂ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠳᠡᠭᠡᠷ᠎ᠡ ᠰᠡᠳᠬᠢᠯ ᠲᠠᠯᠪᠢᠵᠤ᠂ ᠪᠣᠳᠠᠲᠤ ᠦᠷ᠎ᠡ | ᠪᠦᠲᠦᠮᠵᠢ ᠲᠠᠢ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠪᠦᠬᠦ | ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠪᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ | ᠰᠢᠪᠲᠤᠯᠤᠯᠲᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠡᠯ᠎ᠡ ᠵᠦᠢᠯ ᠤᠨ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠵᠦ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠵᠦ᠂ ᠴᠤᠭ ᠵᠠᠯᠢ ᠪᠠᠨ ᠪᠠᠳᠠᠷᠠᠭᠤᠯᠵᠤ᠂ ᠰᠡᠳᠬᠢᠯ | ᠰᠠᠨᠠᠭ᠎ᠠ ᠪᠠᠨ ᠲᠥᠪᠯᠡᠷᠡᠭᠦᠯᠦᠨ ᠡᠷᠡᠯᠬᠡᠭᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠲᠦᠷᠭᠡᠳᠬᠡᠬᠦ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠬᠦᠴᠦᠨ | ᠵᠦᠢᠯ ᠢ ᠢᠵᠢ ᠪᠦᠷᠢᠳᠦᠭᠰᠡᠨ᠂ ᠦᠢᠯᠡᠴᠢᠯᠡᠭᠡ ᠨᠢ ᠴᠢᠨᠠᠷ ᠰᠠᠶᠢᠲᠠᠢ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ | ᠰᠠᠶᠢᠵᠢᠷᠠᠭᠤᠯᠬᠤ ᠪᠠᠷ ᠲᠡᠮᠡᠴᠡᠵᠦ᠂ ᠦᠷᠭᠦᠯᠵᠢᠯᠡᠨ ᠰᠢᠪᠲᠤᠯᠤᠯᠲᠠ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠳᠡᠭᠡᠷ᠎ᠡ ᠨᠠᠮ ᠤᠨ ᠲᠦᠷᠢᠮ ᠪᠣᠯᠤᠨ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠸᠠᠩ ᠵᠢᠶᠠᠨ ᠪᠦᠦ ᠶᠢᠨ | ᠬᠤᠳᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠵᠣᠭᠰᠣᠭᠠᠵᠤ᠂ ᠰᠦᠩ ᠵᠢᠶᠠᠨ | ᠪᠥᠸᠧ ᠨᠥᠬᠦᠷ ᠤᠨ ᠵᠢᠷᠭᠤᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠬᠦ ᠪᠠᠷ | ᠲᠣᠭᠲᠠᠪᠠ᠃ | ᠪᠦᠬᠦᠳᠡ ᠬᠤᠷᠠᠯ ᠳᠡᠭᠡᠷ᠎ᠡ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠣᠣᠱᠯᠠᠭᠤᠯᠵᠤ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠰ ᠰᠢᠭᠤᠷᠬᠠᠢ ᠪᠠᠷ | ᠤᠷᠤᠭᠰᠢᠯᠠᠨ ᠲᠠᠪᠰᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠤ ᠶᠢᠨ ᠦᠢᠯᠡᠳᠦᠯᠭᠡ ᠨᠡᠩ ᠶᠡᠭᠡ ᠦᠷ᠎ᠡ ᠪᠦᠲᠦᠮᠵᠢ ᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ | ᠬᠡᠷᠡᠭᠲᠡᠢ ᠭᠡᠵᠦ ᠤᠷᠢᠶᠠᠯᠠᠪᠠ᠃ |