︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠪᠦᠯᠢ ᠮᠡᠲᠦ ᠳᠣᠲᠣᠨᠣ · ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠶᠠᠪᠤᠭᠳᠠᠪᠠ
ᠨᠡᠶᠢᠲᠡᠯᠡᠭᠰᠡᠨ ᠴᠠᠭ᠄
2025/1/7
      ᠡᠮᠦᠨᠡᠬᠡᠨ᠂ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠰᠣᠶᠣᠯ ᠪᠡᠶ᠎ᠡ ᠶᠢᠨ ᠲᠠᠮᠢᠷ ᠪᠠ ᠵᠤᠭᠠᠴᠠᠯ ᠤᠨ ᠲᠣᠪᠴᠢᠶ᠎ᠠ᠂ ᠤᠷᠠᠨ ᠵᠢᠷᠤᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠪᠦᠯᠢ ᠮᠡᠲᠦ ᠳᠣᠲᠣᠨᠣ ·ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠰᠢᠨ᠎ᠡ ᠵᠢᠯ ᠢᠶᠠᠨ ᠪᠡᠯᠭᠡᠯᠡᠵᠦ ᠰᠢᠨ᠎ᠡ ᠣᠨ ᠢᠶᠠᠨ ᠤᠭᠲᠤᠬᠤ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠲᠦᠩᠯᠢᠶᠣᠣ ᠬᠤᠳᠠ ᠶᠢᠨ ᠴᠢᠩ ᠶᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠤᠸᠠᠷ ᠴᠡᠴᠡᠭ ᠤᠨ ᠬᠦᠯᠡᠮᠵᠢ ᠳᠤ ᠭᠤᠶᠢᠳᠠ ᠰᠠᠶᠢᠬᠠᠨ ᠶᠠᠪᠤᠭᠳᠠᠪᠠ᠃      ᠲᠣᠰ ᠤᠳᠠᠭᠠᠨ ᠤ ᠦᠵᠡᠰᠭᠦᠯᠡᠩ ᠨᠢ ᠰᠢᠨ᠎ᠡ ᠨᠢᠭᠡ ᠵᠢᠯ ᠢᠶᠠᠨ ᠤᠭᠲᠤᠬᠤ ᠪᠠᠷ ᠵᠣᠷᠢᠯᠲᠠ ᠪᠤᠯᠭᠠᠵᠤ᠂ ᠨᠡᠭᠡᠭᠡᠯᠲᠡ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠤᠷᠠᠯᠢᠭ ᠤᠨ ᠠᠪᠢᠶᠠᠰ ᠴᠢᠳᠠᠪᠤᠷᠢ ᠶᠢ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠢᠯᠲᠠᠨ ᠠᠵᠢᠯᠴᠢᠨ ᠤ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠰᠣᠶᠣᠯ ᠤᠨ ᠢᠲᠡᠭᠡᠯ ᠵᠣᠷᠢᠭ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠷᠠᠭᠤᠯᠬᠤ ᠶᠢᠨ ᠲᠥᠯᠥᠭᠡ ᠶᠤᠮ᠃ ᠦᠵᠡᠰᠭᠦᠯᠡᠩ ᠳᠤ ᠨᠡᠶᠢᠲᠡ 140 ᠭᠠᠷᠤᠢ ᠤᠷᠠᠨ ᠵᠢᠷᠤᠭ ᠤᠨ ᠪᠦᠲᠦᠭᠡᠯ ᠡᠯᠰᠡᠵᠦ᠂ ᠬᠤᠷᠴᠠ ᠰᠢᠷᠦᠭᠦᠨ ᠰᠢᠯᠭᠠᠷᠠᠭᠤᠯᠤᠯᠲᠠ ᠪᠠᠷ ᠳᠡᠮᠵᠢᠨ ᠡᠴᠦᠰ ᠲᠡᠭᠡᠨ 77 ᠪᠦᠲᠦᠭᠡᠯ ᠢ ᠳᠡᠯᠭᠡᠨ ᠦᠵᠡᠭᠦᠯᠪᠡ᠃                            ᠰᠤᠷᠪᠤᠯᠵᠢᠯᠠᠬᠴᠢ᠄ ᠭᠤᠸᠠᠨ ᠰᠢᠤᠸᠠᠢ ᠹᠧᠩ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ