ᠲᠦᠷᠦᠭᠦᠬᠡᠨ᠂ ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2025 ᠣᠨ ᠤ | ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠤᠷᠴᠢᠨ ᠢ ᠳᠤᠭᠤᠯᠬᠤ︾ ᠬᠦᠷᠢᠶ᠎ᠡ ᠬᠤᠰᠢᠭᠤᠨ ᠤ ᠮᠥᠩᠭᠦᠨ ᠲᠣᠬᠤᠢ ᠶᠢᠨ ᠮᠥᠰᠥ ᠴᠠᠰᠤᠨ ᠳᠤ ᠬᠡᠭᠡᠷᠡᠯᠡᠨ | ᠠᠶᠠᠯᠠᠬᠤ ᠮᠠᠰᠢᠨ ᠲᠡᠷᠭᠡᠨ ᠤ U2 ᠤᠷᠤᠯᠳᠤᠭᠠᠨ ᠢᠳᠡ ᠭᠦᠭ ᠲᠠᠢ ᠶᠠᠪᠤᠭᠳᠠᠪᠠ᠃ ᠣᠷᠣᠨ ᠤ ᠳᠣᠲᠣᠭᠠᠳᠤ ᠪᠠ ᠯᠢᠶᠣᠤᠨᠢᠩ ᠮᠤᠵᠢ᠂ ᠭᠢᠷᠢᠨ ᠮᠤᠵᠢ ᠵᠡᠷᠭᠡ ᠭᠠᠵᠠᠷ | ᠣᠷᠣᠨ ᠠᠴᠠ ᠬᠦᠷᠦᠯᠴᠡᠨ ᠢᠷᠡᠭᠰᠡᠨ 30 ᠭᠠᠷᠤᠢ ᠮᠠᠰᠢᠨ ᠲᠡᠷᠭᠡᠨ ᠤ ᠠᠩᠭᠢ ᠶᠢᠨ 80 ᠭᠠᠷᠤᠢ ᠣᠷᠣᠯᠴᠠᠭᠴᠢ ᠵᠢᠴᠢ ᠬᠡᠭᠡᠷᠡᠯᠡᠨ ᠠᠶᠠᠯᠠᠬᠤ ᠪᠠᠭ᠋ᠠᠲᠠᠳ ᠨᠢᠭᠡ | ᠳᠣᠣᠷ᠎ᠠ ᠴᠤᠭᠯᠠᠷᠠᠨ᠂ ᠬᠡᠭᠡᠷᠡᠯᠡᠨ ᠠᠶᠠᠯᠠᠬᠤ ᠤᠷ᠎ᠠ ᠮᠡᠷᠭᠡᠵᠢᠯ᠂ ᠡᠷᠴᠢ ᠵᠣᠷᠢᠭ ᠢᠶᠠᠨ ᠰᠣᠷᠢᠭᠰᠠᠨ ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠤᠯᠴᠠᠬᠤ ᠮᠠᠰᠢᠨ ᠲᠡᠷᠭᠡ ᠨᠦᠭᠦᠳ ᠪᠠᠷᠢᠨ ᠮᠣᠷᠳᠠᠬᠤ ᠪᠠᠷ ᠲᠡᠷᠢ ᠲᠡᠭᠰᠢ ᠵᠢᠭᠰᠠᠨ ᠬᠦᠯᠢᠶᠡᠵᠦ᠂ | ᠬᠥᠳᠡᠯᠭᠡᠭᠦᠷ ᠤᠨ ᠬᠦᠩᠭᠢᠨᠡᠮ᠎ᠡ ᠲᠠᠭᠤᠨ᠂ ᠳᠠᠭᠤᠤ ᠬᠥᠭᠵᠢᠮ ᠤᠨ ᠬᠠᠨᠬᠭᠢᠨᠠᠮᠠ ᠲᠠᠭᠤᠨ ᠬᠤᠯᠢᠯᠳᠤᠨ ᠳᠤᠤᠭᠠᠷᠴᠤ᠂ ᠣᠨᠴᠠ ᠶᠢᠨ ᠭᠦᠷ ᠬᠥᠭᠵᠢᠶᠡᠨᠲᠡᠢ ᠪᠠᠶᠢᠯ᠎ᠠ᠃ | ᠳᠤᠭᠢᠶᠠᠨ ᠳᠤᠭ ᠤᠨ ᠰᠠᠵᠢᠯᠠᠯᠲᠠ ᠶᠢ ᠳᠠᠭᠠᠯᠳᠤᠨ ᠤᠷᠤᠯᠳᠤᠭᠠᠨ ᠳᠤ ᠣᠷᠤᠯᠴᠠᠬᠤ ᠲᠡᠷᠭᠡ ᠨᠦᠭᠦᠳ ᠠᠭᠱᠠᠨ ᠵᠠᠭᠤᠷ᠎ᠠ ᠤᠬᠤᠰᠬᠢᠨ ᠰᠤᠮᠤᠳᠠᠬᠤ ᠳᠤ᠂ ᠡᠯᠡᠰᠦ | ᠰᠢᠷᠣᠢ ᠪᠤᠵᠢᠭᠢᠨᠠᠨ ᠪᠤᠳᠠᠷᠠᠨᠠ᠃ ᠡᠷᠡᠯᠬᠡᠭ ᠵᠣᠷᠢᠭ᠂ ᠣᠶᠤᠨ ᠤᠬᠠᠭᠠᠨ ᠪᠠ ᠮᠡᠷᠭᠡᠵᠢᠯ ᠬᠤᠷᠳᠤ ᠪᠠᠨ ᠦᠵᠡᠯᠴᠡᠭᠰᠡᠨ ᠨᠢᠭᠡ ᠤᠳᠠᠭᠠᠨ ᠤ ᠬᠤᠷᠴᠠ ᠰᠢᠷᠦᠭᠦᠨ | ᠲᠡᠮᠡᠴᠡᠭᠡᠨ ᠬᠤᠷᠠᠭᠰᠠᠨ ᠤᠯᠠᠨ ᠤ ᠪᠠᠨ ᠰᠣᠨᠢᠷᠬᠠᠯ ᠢ ᠲᠠᠲᠠᠯ᠎ᠠ᠃ | ᠲᠣᠰ ᠤᠳᠠᠭᠠᠨ ᠤ ᠤᠷᠤᠯᠳᠤᠭᠠᠨ ᠤ ᠵᠠᠮ ᠤᠨ ᠪᠦᠭᠦ ᠣᠷᠳᠣ ᠨᠢ ᠪᠠᠷᠤᠭ 20 ᠺᠢᠯᠣᠮᠧᠲᠷ ᠪᠠᠶᠢᠵᠤ᠂ ᠳᠠᠷᠠ ᠨᠢ ᠠᠶᠠᠨᠳᠠᠭᠠᠨ ᠪᠤᠶ ᠪᠣᠯᠤᠭᠰᠠᠨ ᠬᠤᠶᠠᠷ | ᠲᠡᠷᠭᠡ ᠵᠡᠷᠭᠡ ᠪᠠᠷ ᠠᠶᠠᠯᠠᠵᠤ ᠳᠡᠶᠢᠯᠭᠦ ᠡᠯᠡᠰᠦ ᠮᠠᠩᠬᠠᠨ ᠤ ᠤᠷᠤᠯᠳᠤᠭᠠᠨ ᠤ ᠵᠠᠮ ᠪᠣᠯᠣᠨ᠎ᠠ᠂ ᠵᠠᠮ ᠳᠠᠭᠠᠤ ᠡᠯᠡᠰᠦᠨ ᠳᠣᠪᠤ ᠦᠷᠭᠦᠯᠵᠢᠯᠡᠨ᠂ ᠭᠠᠵᠠᠷ ᠤᠨ ᠪᠠᠶᠢᠴᠠ ᠨᠢ | ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠪᠠᠶᠢᠵᠤ᠂ ᠮᠥᠰᠥ ᠴᠠᠰᠤᠨ ᠳᠤ ᠬᠤᠴᠢᠭᠳᠠᠨ᠂ ᠲᠡᠷᠭᠡ ᠬᠥᠰᠬᠡ ᠪᠣᠯᠣᠨ ᠵᠢᠯᠣᠭᠤᠴᠢ ᠳᠤ ᠠᠪᠴᠤ ᠬᠡᠯᠡᠪᠡᠯ ᠪᠦᠷ ᠲᠤᠩ | ᠶᠡᠭᠡ ᠰᠢᠯᠭᠠᠯᠲᠠ ᠪᠣᠯᠵᠤ ᠪᠠᠶᠢᠯ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ ᠠᠮᠲᠠᠲᠤ ᠢᠳᠡᠭᠡᠨ ᠤ ᠲᠤᠰᠬᠠᠢ ᠲᠣᠭᠤᠷᠢᠭ ᠭᠠᠷᠭᠠᠨ ᠠᠮᠲᠠᠲᠤ ᠢᠳᠡᠭᠡᠨ ᠠᠮᠰᠠᠭᠤᠯᠵᠤ ᠪᠠᠶᠢᠭᠰᠠᠨ ᠪᠥᠭᠡᠳ | ᠬᠤᠮᠠᠭ ᠲᠠᠢ ᠤᠭᠤᠲᠠ ᠬᠠᠶᠠᠬᠤ᠂ ᠬᠤᠪᠢᠩ ᠬᠠᠶᠠᠬᠤ᠂ ᠡᠯᠡᠰᠦ ᠮᠠᠩᠬ᠎ᠠ ᠠᠴᠠ ᠡᠷᠳᠡᠨᠢ ᠬᠠᠶᠢᠬᠤ ᠵᠡᠷᠭᠡ ᠳᠤᠷ᠎ᠠ ᠰᠣᠨᠢᠷᠬᠠᠯᠳᠤ ᠠᠵᠢᠯᠯᠠᠭ᠎ᠠ ᠥᠷᠨᠢᠭᠦᠯᠵᠦ᠂ | ᠵᠢᠭᠤᠯᠴᠢᠯᠠᠬᠰᠠᠳ ᠲᠤ ᠬᠡᠭᠡᠷᠡᠯᠡᠨ ᠠᠶᠠᠯᠠᠬᠤ ᠤᠷᠤᠯᠳᠤᠭᠠᠨ ᠤ ᠷᠢᠳᠢ ᠰᠢᠳᠢ ᠶᠢ ᠭᠠᠶᠢᠬᠠᠭᠤᠯᠬᠤ ᠶᠢᠨ ᠬᠠᠮᠲᠤ ᠮᠥᠩᠭᠦᠨ ᠲᠣᠬᠤᠢ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠡᠪᠦᠯ ᠤᠨ ᠤᠯᠠᠷᠢᠯ ᠤᠨ ᠥᠪᠡᠷᠮᠢᠴᠡ ᠵᠠᠩ ᠦᠢᠯᠡ ᠶᠢ ᠣᠶᠢᠯᠠᠭᠠᠭᠤᠯᠪᠠ᠃ | 2025 ᠣᠨ ᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠤᠷᠴᠢᠨ ᠢ ᠳᠤᠭᠤᠯᠬᠤ︾ ᠬᠦᠷᠢᠶ᠎ᠡ ᠬᠤᠰᠢᠭᠤᠨ ᠤ ᠮᠥᠩᠭᠦᠨ ᠲᠣᠬᠤᠢ ᠶᠢᠨ ᠮᠥᠰᠥ | ᠴᠠᠰᠤᠨ ᠳᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠤ U2 ᠤᠷᠤᠯᠳᠤᠭᠠᠨ ᠪᠣᠯ ᠲᠦᠩᠯᠢᠶᠣᠣ ᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ | ᠠᠵᠢᠯᠯᠠᠭ᠎ᠠ ᠶᠢᠨ ᠨᠢᠭᠡᠨ ᠴᠢᠬᠤᠯᠠ ᠠᠭᠤᠯᠭ᠎ᠠ ᠮᠥᠨ᠂ ᠳᠠᠷᠠ ᠨᠢ ᠡᠷᠴᠢ ᠬᠤᠷᠳᠤ ᠪᠠ ᠣᠷᠭᠢᠯᠤᠮ᠎ᠠ ᠰᠡᠳᠬᠢᠯᠭᠡ ᠶᠢᠨ ᠦᠵᠡᠯᠴᠡᠭᠡᠨ ᠪᠤᠯᠬᠤ ᠪᠠᠷ ᠪᠠᠷᠠᠬᠤ ᠦᠭᠡᠢ᠂ ᠨᠠᠩ | ᠴᠤ ᠲᠡᠰᠪᠦᠷᠢ ᠲᠡᠪᠴᠢᠶᠡᠷᠢ ᠪᠠ ᠪᠦᠯᠭᠦᠮ ᠨᠡᠶᠢᠲᠡ ᠶᠢᠨ ᠵᠣᠷᠢᠭ ᠰᠠᠨᠠᠭᠠᠨ ᠤ ᠰᠢᠯᠭᠠᠯᠲᠠ ᠪᠤᠯᠬᠤ ᠶᠤᠮ᠃ | ︵ᠹᠧᠩ ᠯᠢ ᠯᠢ ᠵᠠᠩ ᠱᠣᠸ ᠰᠢᠤᠸᠠᠨ ᠵᠢᠷᠤᠭ᠄ ᠸᠠᠨ ᠵᠢᠶᠠ ᠰᠢᠨ︶ | |