1 ᠰᠠᠷ᠎ᠠ ᠶᠢᠨ 1 ᠤ ᠡᠳᠦᠷ᠂ ︽ᠪᠠᠷᠠᠭᠤᠨ ᠯᠢᠶᠣᠤ ᠾᠧ ᠭᠤᠣᠯ ᠤᠨ ᠮᠥᠰᠥ ᠴᠠᠰᠤᠨ ᠤ ᠶᠢᠷᠲᠢᠨᠴᠦ︾ ᠵᠢᠩᠬᠢᠨᠢ ᠪᠠᠷ ᠡᠭᠦᠳᠡ ᠪᠠᠨ ᠨᠡᠭᠡᠭᠡᠯ᠎ᠡ᠃ ᠡ᠊ᠨᠳᠡᠭᠢ ᠨᠢ | ᠶᠠᠭ ᠮᠥᠩᠭᠦᠨ ᠴᠠᠭᠠᠨ ︽ᠬᠡᠦᠬᠡᠳ ᠤᠨ ᠳᠣᠮᠣᠭᠲᠤ ᠶᠢᠷᠲᠢᠨᠴᠦ︾ ᠰᠢᠭ ᠪᠠᠶᠢᠵᠤ᠂ ᠨᠢᠳᠦᠨ ᠳᠤ ᠥᠷᠲᠥᠬᠦ ᠪᠦᠬᠦᠢ ᠯᠡ ᠵᠦᠢᠯᠡᠰ ᠨᠢ ᠪᠦᠷ ᠳᠤᠩ ᠴᠠᠭᠠᠨ ᠪᠠᠶᠢᠵᠤ᠂ | ᠡᠯᠪᠡᠭ ᠪᠠᠶᠠᠯᠢᠭ ᠠᠭᠤᠯᠭ᠎ᠠ ᠲᠠᠢ ᠮᠥᠰᠥ ᠴᠠᠰᠤᠨ ᠤ ᠵᠤᠭ᠎ᠠ ᠴᠡᠩᠭᠡᠯ ᠤᠨ ᠠᠵᠢᠯᠯᠠᠭ᠎ᠠ ᠨᠢ ᠪᠦᠬᠦᠢ ᠯᠡ ᠬᠦᠷᠢᠶᠡᠯᠡᠩ ᠲᠣᠭᠤᠷᠢᠭ ᠢ ᠲᠤᠩ ᠭᠦᠷ ᠬᠥᠭᠵᠢᠶᠡᠨᠲᠡᠢ | ᠪᠣᠯᠭᠠᠵᠠᠢ᠃ | ᠲᠤᠬᠠᠢ ᠶᠢᠨ ᠡᠳᠦᠷ ᠨᠢ ᠰᠢᠨ᠎ᠡ ᠣᠨ ᠤ ᠳᠦᠷᠦᠭᠦᠦ ᠡᠳᠦᠷ ᠪᠣᠯᠬᠤᠷ᠂ ᠬᠤᠳᠠ ᠶᠢᠨ ᠠᠷᠠᠳ ᠭᠡᠷ ᠪᠦᠯᠢ ᠪᠠᠷ ᠢᠶᠠᠨ ᠡ᠊ᠨᠳᠡ ᠬᠦᠷᠦᠯᠴᠡᠨ ᠢᠷᠡᠵᠡᠭᠡᠨ᠂ ᠮᠥᠰᠥ | ᠴᠠᠰᠤᠨ ᠤ ᠭᠤᠴᠣ ᠦᠵᠡᠮᠵᠢ ᠶᠢ ᠰᠣᠨᠢᠷᠬᠠᠨ᠂ ᠮᠥᠰᠥ ᠴᠠᠰᠤᠨ ᠤ ᠵᠤᠭ᠎ᠠ ᠴᠡᠩᠭᠡᠯ ᠤᠨ ᠵᠦᠢᠯᠡᠰ ᠢ ᠪᠡᠶᠡᠴᠢᠯᠡᠨ ᠣᠶᠢᠯᠠᠭᠠᠵᠤ᠂ ᠮᠥᠰᠥ ᠴᠠᠰᠤᠨ ᠤ ᠬᠠᠪᠤ ᠴᠡᠩᠭᠡᠯ ᠢ | ᠡᠳ᠋ᠯᠡᠵᠡᠭᠡᠵᠦ ᠪᠠᠶᠢᠯ᠎ᠠ᠃ ︽ᠪᠢ ᠨᠠᠭᠠᠴᠤ ᠡᠪᠦᠭᠡ ᠲᠠᠢ ᠪᠠᠨ ᠬᠠᠮᠲᠤ ᠢᠷᠡᠭᠰᠡᠨ ᠶᠤᠮ᠂ ᠡ᠊ᠨᠳᠡ ᠨᠠᠭᠠᠳᠤᠮ ᠲᠣᠭᠯᠠᠭᠠᠮ ᠤᠨ ᠵᠦᠢᠯᠡᠰ ᠳᠤᠩ ᠣᠯᠠᠨ ᠪᠠᠶᠢᠨ᠎ᠠ᠂ ᠪᠢ ᠪᠠᠰᠠ | ᠶᠠᠪᠠᠭᠠᠨ ᠭᠠᠯᠠᠭᠤ ᠣᠯᠵᠤ ᠦᠵᠡᠭᠰᠡᠨ᠂ ᠥᠨᠥᠳᠥᠷ ᠪᠢ ᠬᠠᠨᠤᠲᠠᠯ᠎ᠠ ᠪᠠᠨ ᠲᠣᠭᠯᠠᠯ᠎ᠠ᠂ ᠬᠤᠵᠢᠮ ᠦᠷᠭᠦᠯᠵᠢ ᠢᠷᠡᠨ᠎ᠡ ᠳ᠋ᠠ︾ ᠭᠡᠵᠦ ᠪᠢᠴᠢᠬᠠᠨ ᠨᠠᠶᠢᠵᠠ ᠴᠧᠩ ᠽᠢ | ᠬᠠᠩ ᠪᠠᠶᠠᠷᠲᠠᠢ ᠶᠠᠷᠢᠨ᠎ᠠ᠃ | ︽ᠪᠠᠷᠠᠭᠤᠨ ᠯᠢᠶᠣᠤ ᠾᠧ ᠭᠤᠣᠯ ᠤᠨ ᠮᠥᠰᠥ ᠴᠠᠰᠤᠨ ᠤ ᠶᠢᠷᠲᠢᠨᠴᠦ︾ ᠪᠣᠯ ᠮᠠᠨ ᠤ ᠬᠤᠳᠠ ᠶᠢᠨ ᠡᠨᠡ ᠡᠪᠦᠯ ᠤᠨ ᠭᠤᠣᠯᠳᠠᠯᠭ᠎ᠠ ᠲᠠᠢ ᠡᠭᠦᠳᠦᠨ | ᠪᠠᠶᠢᠭᠤᠯᠵᠤ ᠪᠠᠶᠢᠭ᠎ᠠ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠨᠢᠭᠡ ᠪᠣᠯᠣᠨ᠎ᠠ᠂ ᠲᠤᠰ ᠲᠦᠷᠦᠯ ᠵᠦᠢᠯ ᠨᠢ ᠯᠢᠶᠣᠤ ᠾᠧ ᠴᠡᠴᠡᠷᠯᠢᠭ ᠲᠤ ᠪᠠᠶᠢᠷᠢᠯᠠᠵᠤ᠂ | ᠨᠡᠶᠢᠳᠡ 8 ᠲᠦᠮᠡᠨ ᠹᠠᠩ ᠴᠠᠰᠤ ᠵᠣᠬᠢᠶᠠᠵᠤ᠂ ᠴᠠᠰᠤᠨ ᠳᠡᠭᠡᠭᠦᠷ ᠮᠠᠰᠢᠨ ᠵᠢᠯᠤᠭᠤᠳᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠨ ᠥᠷᠭᠡᠨ ᠤᠯᠠᠨ | ᠬᠤᠳᠠ ᠶᠢᠨ ᠠᠷᠠᠳ ᠪᠣᠯᠣᠨ ᠵᠢᠭᠤᠯᠴᠢᠯᠠᠬᠰᠠᠳ ᠲᠤ ᠴᠣ ᠰᠢᠨ᠎ᠡ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠵᠤᠭ᠎ᠠ ᠴᠡᠩᠭᠡᠯ ᠤᠨ ᠪᠡᠶᠡᠴᠢᠯᠡᠨ | ᠣᠶᠢᠯᠠᠭᠠᠯᠲᠠ ᠬᠠᠩᠭᠠᠬᠤ ᠶᠢ ᠵᠣᠷᠢᠪᠠ᠃ | ︽ᠬᠦᠷᠢᠶᠡᠯᠡᠩ ᠲᠣᠭᠤᠷᠢᠭ ᠲᠤ 240 ᠮᠧᠲᠷ ᠤᠨ ᠴᠠᠰᠤᠨ ᠤ ᠴᠠᠭᠠᠷᠢᠭ ᠵᠠᠮ ᠲᠠᠢ᠂ ᠨᠠᠰᠤᠨ ᠳᠤ ᠭᠦᠷᠦᠭᠰᠡᠳ ᠤᠨ atv᠂ utv᠂ ᠬᠡᠦᠬᠡᠳ ᠤᠨ atv᠂ | ᠺᠠᠷᠲ᠋ᠢᠩ ᠲᠡᠷᠭᠡ ᠵᠡᠷᠭᠡ ᠬᠥᠳᠡᠯᠭᠡᠬᠦ ᠬᠦᠴᠦᠨ ᠤ ᠨᠠᠭᠠᠳᠤᠮ ᠲᠣᠭᠯᠠᠭᠠᠮ ᠤᠨ ᠵᠦᠢᠯ᠂ 10 ᠭᠠᠷᠤᠢ ᠵᠦᠢᠯ ᠤᠨ ᠬᠥᠳᠡᠯᠭᠡᠬᠦ ᠬᠦᠴᠦᠨ ᠦᠭᠡᠢ ᠨᠠᠭᠠᠳᠤᠮ | ᠲᠣᠭᠯᠠᠭᠠᠮ ᠤᠨ ᠵᠦᠢᠯᠡᠰ ᠪᠠᠶᠢᠨ᠎ᠠ᠃ ᠡᠭᠦᠨ ᠠᠴᠠ ᠭᠠᠳᠠᠨ᠎ᠠ ᠪᠠᠰᠠ 8 ᠶᠠᠪᠠᠭᠠᠨ ᠭᠠᠯᠠᠭᠤ ᠪᠤᠢ᠂ ᠡᠭᠦᠨ ᠳᠤ 4 ᠨᠢ ᠳᠡᠯᠡᠬᠡᠢ ᠳᠡᠭᠡᠷᠡᠬᠢ ᠬᠠᠮᠤᠭ ᠤᠨ ᠲᠣᠮᠣ | ᠪᠡᠶ᠎ᠡ ᠲᠠᠢ ᠡᠮᠦᠨᠡᠲᠦ ᠲᠤᠶᠢᠯ ᠤᠨ ᠶᠠᠪᠠᠭᠠᠨ ᠭᠠᠯᠠᠭᠤ ᠪᠣᠯᠣᠨ᠎ᠠ᠃ 1 ᠰᠠᠷ᠎ᠠ ᠶᠢᠨ 1 ᠤ ᠣᠷᠣᠢ ᠶᠢᠨ 8 ᠴᠠᠭ ᠲᠤ᠂ ᠪᠢᠳᠡ ᠮᠥᠰᠥᠨ ᠳᠡᠭᠡᠷ᠎ᠡ ᠬᠤᠸᠠᠷ ᠫᠤᠤᠵᠢᠩ ᠤᠨ | ᠦᠵᠡᠭᠦᠯᠭᠡ ᠬᠢᠵᠦ ᠤᠯᠠᠨ ᠳᠠᠭᠠᠨ ᠰᠣᠨᠢᠷᠬᠠᠭᠤᠯᠤᠭᠰᠠᠨ ᠪᠥᠭᠡᠳ ᠦᠵᠡᠭᠦᠯᠭᠡ ᠶᠢᠨ ᠳᠠᠷᠠᠭ᠎ᠠ ᠠᠬᠤᠢ ᠳᠠᠯᠠᠪᠠᠢ ᠶᠢᠨ ᠦᠵᠡᠭᠴᠢᠳ ᠲᠤ 1000 ᠬᠤᠸᠠᠷ ᠫᠤᠤᠵᠢᠩ | ᠲᠦᠭᠡᠭᠡᠵᠦ᠂ ᠤᠯᠠᠨ ᠢᠶᠠᠷ ᠢᠶᠠᠨ ᠬᠠᠮᠲᠤ ᠪᠠᠷ ᠬᠤᠸᠠᠷ ᠫᠤᠤᠵᠢᠩ ᠲᠠᠯᠪᠢᠭᠰᠠᠨ ᠰᠢᠦ︾ ᠭᠡᠵᠦ ᠬᠤᠳᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠪᠠᠷᠠᠭᠤᠨ | ᠯᠢᠶᠣᠤ ᠾᠧ ᠺᠤᠮᠫᠠᠨᠢ ᠶᠢᠨ ᠵᠠᠬ᠎ᠠ ᠳᠡᠯᠭᠡᠭᠦᠷ ᠤᠨ ᠬᠡᠯᠲᠡᠰ ᠤᠨ ᠳᠠᠭᠠᠭᠠᠮᠠᠯ ᠵᠠᠩ ᠲᠢᠶᠠᠨ ᠲᠠᠨᠢᠯᠴᠠᠭᠤᠯᠤᠨ ᠶᠠᠷᠢᠵᠤ ᠪᠠᠶᠢᠪᠠ᠃ | ︵ᠴᠠᠩ ᠾᠦᠩ ᠯᠢᠶᠠᠩ ᠯᠢᠶᠠᠩ ᠴᠤᠤ︶ | |