︽ᠵᠡᠭᠦᠳᠦ ᠵᠡᠷᠭᠡᠯᠭᠡᠨᠲᠦ ᠶᠤᠸᠠᠢ ᠯᠠᠢ ᠾᠧ  ·  ᠮᠥᠰᠥ ᠴᠠᠰᠤᠨ ᠤ ᠴᠡᠩᠭᠡᠯ ᠤᠨ ᠬᠦᠷᠢᠶᠡᠯᠡᠩ︾ ᠭᠦᠷ ᠬᠥᠭᠵᠢᠶᠡᠨᠲᠡᠢ ᠡᠬᠢᠯᠡᠯ᠎ᠡ
ᠨᠡᠶᠢᠲᠡᠯᠡᠭᠰᠡᠨ ᠴᠠᠭ᠄
2025/1/7
      1 ᠰᠠᠷ᠎ᠠ ᠶᠢᠨ 1 ᠤ ᠣᠷᠣᠢ᠂ ︽ᠵᠡᠭᠦᠳᠦ ᠵᠡᠷᠭᠡᠯᠭᠡᠨᠲᠦ ᠶᠤᠸᠠᠢ ᠯᠠᠢ ᠾᠧ · ᠮᠥᠰᠥ ᠴᠠᠰᠤᠨ ᠤ ᠴᠡᠩᠭᠡᠯ ᠤᠨ ᠬᠦᠷᠢᠶᠡᠯᠡᠩ︾ ᠤᠨ ᠨᠡᠭᠡᠭᠡᠯᠲᠡ ᠶᠢᠨ ᠶᠣᠰᠣᠯᠠᠯ ᠶᠤᠸᠠᠢ ᠯᠠᠢ ᠾᠧ ᠰᠡᠯᠡᠭᠦᠴᠡᠯ ᠵᠡᠭᠡᠯᠢ ᠲᠣᠭᠤᠷᠢᠭ ᠲᠤ ᠶᠠᠪᠤᠭᠳᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠵᠢᠭᠤᠯᠴᠢᠯᠠᠬᠰᠠᠳ ᠠᠴᠠ︽ᠪᠢᠯᠢᠭᠲᠦ ᠭᠥᠷᠥᠭᠡᠰᠦ︾ ᠶᠢ  ᠲᠠᠭᠠᠨ ᠵᠤᠭᠠᠴᠠᠵᠤ᠂ ᠲᠦᠳᠡᠭ ᠭᠠᠯ ᠢ ᠲᠣᠭᠤᠷᠢᠨ ᠪᠥᠵᠢᠭᠯᠡᠨ᠂ ᠭᠠᠯ ᠦᠯᠢᠶᠡᠬᠦ ᠲᠣᠬᠯᠠᠯᠲᠠ ᠶᠢ ᠰᠣᠨᠢᠷᠬᠠᠵᠤ᠂ ᠪᠦᠬᠦᠯᠢ ᠬᠤᠨᠢᠨ ᠤ ᠰᠢᠭᠦᠰᠦ ᠠᠮᠲᠠᠯᠠᠨ᠂ ᠰᠢᠨ᠎ᠡ ᠣᠨ  ᠢᠶᠠᠨ ᠬᠠᠮᠲᠤ ᠪᠠᠷ ᠤᠭᠲᠤᠭᠰᠠᠨ ᠪᠠᠶᠢᠨ᠎ᠠ᠃ ︽ᠪᠢᠳᠡ ᠮᠠᠰᠢ ᠪᠠᠶᠠᠷ ᠭᠦᠷ ᠲᠠᠢ ᠨᠠᠭᠠᠳᠤᠨ ᠲᠣᠭᠯᠠᠭᠰᠠᠨ ᠪᠥᠭᠡᠳ ᠮᠣᠩᠭᠤᠯ ᠦᠨᠳᠦᠰᠦᠲᠡᠨ ᠤ ᠣᠨᠴᠠᠯᠢᠭ ᠲᠠᠢ ᠭᠤᠴᠣ ᠲᠣᠬᠯᠠᠯᠲᠠ ᠰᠣᠨᠢᠷᠬᠠᠨ᠂ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠮᠡᠳᠡᠷᠡᠪᠡ᠂ ᠲᠦᠳᠡᠭ ᠭᠠᠯ ᠢ ᠲᠣᠭᠤᠷᠢᠨ ᠪᠥᠵᠢᠭᠯᠡᠭᠰᠡᠨ ᠨᠢ ᠨᠡᠩ ᠭᠤᠶᠤ ᠰᠠᠨᠠᠭᠳᠠᠯ᠎ᠠ︕︾ ᠭᠡᠵᠦ ᠾᠧᠹᠧᠢ ᠠᠴᠠ ᠢᠷᠡᠭᠰᠡᠨ ᠵᠢᠭᠤᠯᠴᠢᠯᠠᠭᠴᠢ ᠵᠠᠩ ᠵᠢᠶᠠ ᠢ ᠶᠠᠷᠢᠵᠤ ᠪᠠᠶᠢᠯ᠎ᠠ᠃      ᠣᠶᠢᠯᠠᠭᠠᠭᠰᠠᠨ ᠢᠶᠠᠷ᠂ ︽ᠵᠡᠭᠦᠳᠦ ᠵᠡᠷᠭᠡᠯᠭᠡᠨᠲᠦ ᠶᠤᠸᠠᠢ ᠯᠠᠢ ᠾᠧ · ᠮᠥᠰᠥ ᠴᠠᠰᠤᠨ ᠤ ᠴᠡᠩᠭᠡᠯ ᠤᠨ ᠬᠦᠷᠢᠶᠡᠯᠡᠩ︾ ᠨᠢ ᠮᠥᠰᠥ ᠴᠠᠰᠤ᠂ ᠭᠡᠷᠡᠯ ᠴᠠᠭᠢᠯᠭᠠᠨ ᠵᠡᠷᠭᠡ ᠡᠯᠧᠮᠧᠨ᠋ᠲ ᠢ ᠵᠡᠭᠡᠯᠢ ᠲᠣᠭᠤᠷᠢᠭ ᠤᠨ ᠪᠠᠷᠢᠯᠭ᠎ᠠ᠂ ᠭᠡᠷᠡᠯᠲᠦᠭᠦᠯᠭᠡ᠂ ᠤᠷᠠᠨ ᠵᠢᠷᠤᠭ ᠤᠨ ᠳᠡᠯᠭᠡᠨ ᠦᠵᠡᠭᠦᠯᠭᠡ ᠲᠠᠢ ᠤᠶᠠᠯᠳᠤᠭᠤᠯᠬᠤ ᠪᠠᠷ ᠳᠡᠮᠵᠢᠨ᠂ ᠺᠠᠷᠲ᠋ᠣᠨ ᠵᠢᠷᠤᠭ᠂ ᠠᠮᠲᠠᠲᠤ ᠢᠳᠡᠭᠡᠨ᠂ ᠤᠷᠠᠨ ᠰᠠᠶᠢᠬᠠᠨ ᠤ ᠲᠣᠬᠯᠠᠯᠲᠠ᠂ ᠵᠤᠭ᠎ᠠ ᠴᠡᠩᠭᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠮᠥᠰᠥ ᠴᠠᠰᠤ ᠶᠢ ᠪᠡᠶᠡᠴᠢᠯᠡᠨ ᠣᠶᠢᠯᠠᠭᠠᠬᠤ ᠣᠷᠣᠨ ᠵᠠᠢ ᠶᠢ ᠡᠭᠦᠳᠦᠨ ᠪᠠᠶᠢᠭᠤᠯᠵᠤ᠂ ᠬᠤᠲᠠ ᠶᠢᠨ ᠠᠷᠠᠳ ᠪᠠ ᠵᠢᠭᠤᠯᠴᠢᠯᠠᠬᠰᠠᠳ ᠲᠤ ᠮᠥᠰᠥ ᠴᠠᠰᠤᠨ ᠤ ᠬᠠᠪᠤ ᠴᠡᠩᠭᠡᠯ ᠢ ᠡᠳ᠋ᠯᠡᠭᠦᠯᠵᠦ ᠪᠠᠶᠢᠨ᠎ᠠ᠃                  ︵ᠵᠣᠬᠢᠶᠠᠯ᠄ ᠴᠠᠩ ᠾᠦᠩ ᠯᠢᠶᠠᠩ ᠯᠢᠶᠠᠩ ᠴᠤᠤ   ᠵᠢᠷᠤᠭ᠄ ᠪᠠᠲᠤᠥ᠌ᠯᠵᠡᠢ︶
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ