ᠰᠤᠷᠭᠠᠨ ᠬᠥᠮᠦᠵᠢᠯ ᠪᠣᠯ ᠤᠯᠤᠰ ᠤᠨ ᠬᠥᠭᠵᠢᠯᠲᠡ᠂ ᠦᠨᠳᠦᠰᠦᠲᠡᠨ ᠤ ᠮᠠᠨᠳᠤᠯ ᠪᠠᠭᠤᠷᠠᠯ ᠳᠤ ᠬᠤᠯᠪᠣᠭᠳᠠᠬᠤ ᠥᠨᠢᠳᠡ ᠶᠢᠨ ᠶᠡᠭᠡ ᠪᠣᠳᠣᠯᠭ᠎ᠠ ᠮᠥᠨ᠂ ᠪᠠᠰᠠ | ᠴᠤ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ 2024 | ᠣᠨ ᠤ 12 ᠰᠠᠷ᠎ᠠ ᠶᠢᠨ 31 ᠤ ᠡᠳᠦᠷ ᠬᠤᠷᠠᠯᠳᠤᠭᠰᠠᠨ ᠪᠦᠭᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠪᠣᠯ ᠳᠠᠷᠤᠢ ᠪᠦᠭᠦ ᠬᠤᠲᠠ ᠳᠤ | ᠤᠷᠢᠳ ᠢᠶᠠᠷ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠢ ᠶᠡᠭᠡ ᠪᠠᠷ ᠠᠳᠬᠤᠬᠤ ᠶᠢᠨ ᠢᠯᠡ ᠲᠣᠳᠣ ᠤᠳᠤᠷᠢᠳᠤᠮᠵᠢ ᠶᠢ ᠢᠯᠡᠳᠬᠡᠬᠦ ᠶᠢᠨ | ᠲᠥᠯᠥᠭᠡ ᠶᠤᠮ᠃ | ᠰᠤᠷᠭᠠᠨ ᠬᠥᠮᠦᠵᠢᠯ ᠬᠥᠭᠵᠢᠪᠡᠯ ᠤᠯᠤᠰ ᠭᠦᠷᠤᠨ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠣᠳᠣᠬᠠᠨ ᠳᠤ᠂ | ᠲᠦᠩᠯᠢᠶᠣᠣ ᠶᠠᠭ ᠪᠦᠭᠦ ᠲᠠᠯ᠎ᠠ ᠪᠠᠷ ᠬᠦᠴᠢᠷᠳᠡᠯᠲᠦ ᠪᠠᠶᠢᠳᠠᠯ ᠢ ᠰᠢᠪᠲᠤᠯᠬᠤ᠂ ᠴᠢᠨᠠᠷ ᠰᠠᠶᠢᠲᠠᠢ ᠳᠠᠪᠠᠯᠲᠠ ᠲᠠᠢ ᠪᠠᠷ ᠨᠡᠬᠡᠵᠦ ᠭᠦᠢᠴᠡᠬᠦ ᠵᠠᠩᠭᠢᠯᠠᠭ᠎ᠠ ᠶᠢᠨ ᠱᠠᠲᠤᠨ ᠳᠤ | ᠣᠷᠣᠰᠢᠵᠤ᠂ ᠡᠯ᠎ᠡ ᠲᠡᠰ ᠳᠠᠪᠬᠤᠷᠭ᠎ᠠ᠂ ᠡᠯ᠎ᠡ ᠲᠠᠯ᠎ᠠ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠤᠯᠠᠮ ᠠᠴᠠ ᠤᠯᠠᠮ ᠶᠡᠭᠡ ᠪᠣᠯᠵᠤ᠂ ᠤᠯᠠᠮ ᠠᠴᠠ ᠤᠯᠠᠮ | ᠲᠤᠯᠭᠠᠮ ᠪᠣᠯᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠠᠴᠠ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠭᠦ ᠬᠡᠷᠡᠭᠲᠡᠢ᠃ | ᠤᠯᠤᠰ ᠶᠣᠰᠣ ᠰᠤᠷᠲᠠᠬᠤᠨ ᠦᠭᠡᠢ ᠪᠣᠯ ᠮᠠᠨᠳᠤᠵᠤ ᠴᠢᠳᠠᠬᠤ ᠦᠭᠡᠢ᠂ ᠬᠥᠮᠥᠨ ᠶᠣᠰᠣ ᠰᠤᠷᠲᠠᠬᠤᠨ ᠦᠭᠡᠢ ᠪᠣᠯ ᠲᠣᠭᠲᠠᠨᠢᠵᠤ ᠴᠢᠳᠠᠬᠤ ᠦᠭᠡᠢ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠥᠷᠭᠡᠨ ᠤᠯᠠᠨ ᠪᠠᠭᠰᠢ ᠰᠤᠷᠤᠬᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠨᠢ | ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠨᠢ ᠴᠢᠩᠭᠠᠳᠬᠠᠵᠤ᠂ ᠨᠡᠶᠢᠲᠡᠴᠢ ᠦᠵᠡᠯ ᠤᠨ ᠦᠵᠡᠯᠲᠡ ᠶᠢ ᠪᠤᠢ ᠪᠤᠯᠭᠠᠵᠤ᠂ ᠰᠤᠷᠤᠬᠴᠢᠳ ᠤᠨ | ᠪᠦᠭᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠵᠤ᠂ ᠨᠠᠮ ᠢᠶᠠᠨ ᠰᠠᠨᠠᠭ᠎ᠠ ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ | ᠦᠵᠡᠭᠦᠯᠭᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠬᠦ ᠬᠡᠷᠡᠭᠲᠡᠢ᠃ | | ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠭᠡ ᠳᠤ ᠬᠤᠯᠪᠣᠭᠳᠠᠵᠤ᠂ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠪᠦᠭᠦ ᠬᠤᠳᠠ ᠪᠠᠷ ᠢᠶᠠᠨ | ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠵᠠᠭᠤᠨ ᠵᠢᠯ ᠳᠤ ᠬᠥᠮᠥᠨ ᠢ ᠬᠥᠮᠥᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠷᠠᠴᠠ᠂ ᠴᠠᠭ ᠪᠢᠳᠡᠨ ᠢ | ᠬᠦᠯᠢᠶᠡᠬᠦ ᠦᠭᠡᠢ ᠥᠷᠢᠰᠦᠯᠳᠦᠨ ᠤᠷᠤᠭᠰᠢᠯᠠᠬᠤ ᠳᠦᠷᠢ ᠪᠠᠶᠢᠳᠠᠯ ᠢᠶᠠᠷ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠭᠰᠠᠨ᠂ ᠠᠷᠠᠳ ᠲᠦᠮᠡᠨ ᠤ ᠬᠦᠰᠡᠯ | ᠡᠷᠡᠮᠡᠯᠵᠡᠯ ᠳᠤ ᠨᠡᠶᠢᠴᠡᠭᠰᠡᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠢᠯᠡᠷᠡᠭᠦᠯᠦᠭᠰᠡᠨ᠂ ᠣᠷᠣᠨ ᠪᠦᠰᠡ ᠶᠢᠨ ᠣᠨᠴᠠᠯᠢᠭ ᠢ ᠢᠯᠡᠷᠡᠭᠦᠯᠦᠭᠰᠡᠨ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ | ᠬᠤᠳᠠ ᠶᠢ ᠬᠦᠴᠦᠷᠬᠡᠭᠵᠢᠭᠦᠯᠬᠦ ᠳᠤ ᠡᠷᠬᠡᠪᠰᠢ ᠤᠷᠢᠳᠠᠪᠠᠷ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ | ᠬᠤᠳᠠ ᠶᠢ ᠪᠦᠲᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠣ ᠶᠢᠨ ᠦᠢᠯᠡᠳᠦᠯᠭᠡ ᠶᠢ ᠠᠬᠢᠭᠤᠯᠬᠤ ᠬᠤᠰᠢᠭᠤᠴᠢ | ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠣᠨ᠎ᠠ᠃ ᠪᠦᠭᠦ ᠬᠤᠲᠠ ᠪᠠᠷ ᠢᠶᠠᠨ ᠰᠤᠷᠭᠠᠨ ᠬᠥᠮᠦᠵᠢᠯ ᠢ ᠶᠡᠭᠡ ᠪᠠᠷ ᠠᠳᠬᠤᠬᠤ | ᠰᠢᠨ᠎ᠡ ᠡᠷᠴᠢ ᠵᠣᠷᠢᠭ᠂ ᠰᠢᠨ᠎ᠡ ᠳᠦᠷᠰᠦ ᠪᠠᠶᠢᠳᠠᠯ᠂ ᠰᠢᠨ᠎ᠡ ᠪᠠᠶᠢᠷᠢᠰᠢᠯ ᠢ ᠲᠦᠷᠭᠡᠨ ᠪᠤᠶ ᠪᠤᠯᠭᠠᠵᠤ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ | ᠰᠢᠨ᠎ᠡ ᠭᠠᠷᠤᠭ᠎ᠠ ᠳᠡᠭᠡᠷ᠎ᠡ ᠵᠣᠬᠰᠣᠬᠤ ᠳᠤ᠂ ᠪᠢᠳᠡ ᠡᠷᠬᠡᠪᠰᠢ ᠵᠠᠭᠤᠨ ᠣᠩᠭᠤᠴᠠ ᠥᠷᠢᠰᠦᠯᠳᠦᠨ ᠲᠡᠮᠡᠴᠡᠬᠦ ᠣᠪᠣᠷ ᠪᠠᠶᠢᠳᠠᠯ ᠢᠶᠠᠷ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠵᠤ᠂ ᠠᠵᠢᠯ ᠤᠨ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ | ᠡᠷᠭᠢᠯᠡᠵᠦ᠂ ᠰᠤᠷᠭᠠᠨ ᠬᠥᠮᠦᠵᠢᠯ ᠢᠶᠠᠷ ᠬᠤᠳᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠩᠯᠢᠶᠣᠣ ᠶᠢᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ︕ |