᠊᠊᠊᠊᠊᠊᠊᠊ ᠲᠦᠩᠯᠢᠶᠣᠣ ᠬᠤᠲᠡ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ | ᠪᠠᠭᠠᠴᠤᠳ ᠤᠨ ᠬᠤᠰᠢᠭᠤᠴᠢ ᠠᠩᠭᠢ ᠵᠢᠨᠦᠢᠯᠡ ᠠᠵᠢᠯᠯᠠᠭ᠎ᠠ ᠶᠢ ᠲᠡᠮᠳᠡᠭᠯᠡᠪᠡ | ᠰᠤᠷᠪᠤᠯᠵᠢᠯᠠᠬᠴᠢ᠄ ᠬᠤᠨᠭ᠌ ᠰᠢᠶᠠ | ᠴᠢᠮᠡᠭᠡᠯᠡᠭᠴᠢ ᠄ ᠯᠢᠩᠬᠤ᠎ᠠ ᠤᠷᠭᠢᠯ | ᠬᠦᠢᠲᠡᠨ ᠤ ᠡᠷᠴᠢ ᠴᠢᠩᠭᠠᠷᠠᠭᠰᠠᠨ 12 ᠰᠠᠷ᠎ᠠ ᠶᠢᠨ 18 ᠤ ᠡᠳᠦᠷ᠂ ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠳᠥᠷᠪᠡᠳᠦᠭᠡᠷ | ᠤᠳᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ︽ᠪᠢᠳᠡ ᠪᠣᠯ ᠡᠪ ᠬᠠᠮᠲᠤ ᠶᠣᠰᠣᠨ ᠤ | ᠵᠠᠯᠭᠠᠮᠵᠢᠯᠠᠭᠴᠢ ᠮᠥᠨ ᠁︾ ᠭᠡᠬᠦ ᠳᠠᠭᠤᠤ ᠶᠢᠨ ᠠᠶ᠎ᠠ ᠳᠤᠮᠳᠠ ᠭᠦᠷ ᠬᠥᠭᠵᠢᠶᠡᠨ ᠲᠠᠢ ᠡᠬᠢᠯᠡᠯ᠎ᠡ᠃ ᠲᠤᠰ ᠤᠳᠠᠭᠠᠨ ᠤ ᠪᠠᠭᠠᠴᠤᠳ ᠤᠨ ᠬᠤᠰᠢᠭᠤᠴᠢ ᠠᠩᠭᠢ | ᠶᠢᠨ ᠬᠤᠭᠤᠴᠠᠭ᠎ᠠ ᠰᠣᠯᠢᠬᠤ ᠠᠵᠢᠯᠯᠠᠭ᠎ᠠ ᠳᠤ᠂ ᠬᠤᠰᠢᠭᠤᠴᠢ ᠠᠩᠭᠢ ᠶᠢᠨ ᠳᠠᠭᠤᠤ ᠶᠢ ᠳᠠᠭᠤᠯᠠᠬᠤ᠂ ᠬᠤᠰᠢᠭᠤᠴᠢ ᠠᠩᠭᠢ ᠶᠢᠨ ᠲᠥᠯᠥᠭᠡᠯᠡᠭᠴᠢ ᠶᠠᠷᠢᠶ᠎ᠠ ᠲᠠᠯᠪᠢᠬᠤ᠂ | ᠬᠤᠰᠢᠭᠤᠴᠢ ᠠᠩᠭᠢ ᠶᠢᠨ ᠲᠤᠭ ᠤᠨ ᠳᠣᠣᠷ᠎ᠠ ᠲᠠᠩᠭᠠᠷᠢᠭᠯᠠᠬᠤ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠥᠷᠨᠢᠭᠦᠯᠵᠦ᠂ ᠬᠤᠰᠢᠭᠤᠴᠢ ᠠᠩᠭᠢ ᠶᠢᠨ | ᠭᠡᠰᠢᠭᠦᠳ ᠤᠨ ᠡᠬᠡ ᠤᠯᠤᠰ ᠢᠶᠠᠨ ᠬᠠᠶᠢᠷᠠᠯᠠᠬᠤ᠂ ᠬᠢᠴᠢᠶᠡᠯ ᠰᠤᠷᠤᠯᠭ᠎ᠠ ᠳᠠᠭᠠᠨ ᠰᠢᠮᠳᠠᠬᠤ᠂ ᠨᠥᠬᠦᠳ ᠤᠯᠡᠨ ᠳᠠᠭᠠᠨ ᠳᠠᠭᠤᠷᠢᠶᠠᠯ ᠪᠤᠯᠬᠤ ᠤᠷᠮ᠎ᠠ ᠵᠣᠷᠢᠭ ᠢ ᠨᠢ | ᠬᠥᠪᠴᠢᠯᠡᠪᠡ᠃ | ᠲᠤᠰ ᠤᠳᠠᠭᠠᠨ ᠤ ᠬᠤᠷᠠᠯ ᠨᠢ ᠰᠢᠨ᠎ᠡ ᠡᠷᠢᠨ ᠴᠠᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠠᠯᠤᠰ ᠤᠨ ᠬᠦᠰᠡᠯᠡᠩ ᠢᠶᠠᠨ ᠱᠤᠭᠤᠵᠤ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠬᠤᠷᠠᠯ ᠪᠤᠯᠬᠤ ᠶᠤᠮ᠃ ᠡᠶᠢᠨ ᠬᠦ ᠰᠤᠷᠪᠤᠯᠵᠢᠯᠠᠬᠴᠢ ᠲᠤᠰ ᠤᠳᠠᠭᠠᠨ ᠤ ᠬᠤᠷᠠᠯ ᠳᠤ ᠣᠷᠤᠯᠴᠠᠬᠤ ᠪᠠᠷ | ᠲᠠᠮᠵᠢᠨ᠂ ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠲᠤᠬᠠᠢ ᠨᠡᠩ ᠭᠦᠨᠵᠡᠭᠡᠢ | ᠣᠶᠢᠯᠠᠭᠠᠯᠲᠠ ᠲᠠᠨᠢᠯᠲᠠ ᠲᠠᠢ ᠪᠣᠯᠵᠤ᠂ ᠲᠡᠳᠡ ᠨᠠᠷ ᠤᠨ ᠠᠵᠢᠯᠯᠠᠭ᠎ᠠ ᠠᠴᠠ ᠣᠯᠣᠭᠰᠠᠨ ᠠᠮᠵᠢᠯᠲᠠ ᠪᠦᠲᠦᠮᠵᠢ᠂ ᠰᠢᠨ᠎ᠡ ᠡᠭᠦᠳᠦᠯᠲᠡ ᠵᠡᠷᠭᠡ ᠶᠢ ᠪᠠᠭᠰᠢ ᠰᠤᠷᠤᠬᠴᠢᠳ | ᠠᠴᠠ ᠨᠠᠷᠢᠨ ᠰᠣᠷᠪᠤᠯᠵᠢᠯᠠᠭ᠎ᠠ ᠠᠪᠤᠭᠰᠠᠨ ᠪᠢᠯᠡ᠃ | ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠪᠠᠳᠮᠠᠯᠠᠨ ᠳᠡᠯᠭᠡᠷᠡᠨ᠎ᠡ | ᠠᠭᠤᠤ ᠨᠠᠮ ᠤᠨ ᠠᠴᠢ ᠪᠠᠷ ᠠᠵᠠ ᠵᠢᠷᠭᠠᠯ ᠲᠠᠢ ᠠᠮᠢᠳᠤᠷᠠᠵᠤ ᠪᠠᠶᠢᠭ᠎ᠠ ᠪᠢᠳᠡ ᠨᠠᠮ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ | ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠷᠢᠮᠲᠠᠯᠠᠬᠤ ᠨᠢ ᠳᠠᠮᠵᠢᠭ ᠦᠭᠡᠢ᠂ ᠡᠭᠦᠨ ᠢ | ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠬᠠᠮᠲᠤ ᠤᠯᠠᠨ ᠤ ᠪᠣᠳᠠᠲᠤ ᠦᠢᠯᠡ | ᠠᠵᠢᠯᠯᠠᠭ᠎ᠠ ᠭᠦᠢᠴᠡᠳ ᠬᠠᠷᠠᠭᠤᠯᠤᠨ᠎ᠠ᠃ ᠡᠮᠦᠨᠡᠬᠡᠨ ᠶᠠᠪᠤᠭᠳᠠᠭᠰᠠᠨ ︽ᠪᠢ ᠴᠣᠮᠣᠷᠯᠢᠭ ᠲᠠᠢ ᠪᠠᠨ ᠊᠊᠊᠊᠊ ᠬᠤᠪᠢᠰᠬᠠᠯ ᠤᠨ ᠦᠯᠢᠭᠡᠷ ᠲᠡᠦᠬᠡ ᠶᠢ ᠶᠠᠷᠢᠬᠤ︾ | ᠤᠷᠤᠯᠳᠤᠭᠠᠨ ᠳᠤ ᠬᠤᠰᠢᠭᠤᠴᠢ ᠠᠩᠭᠢ ᠶᠢᠨ ᠭᠡᠰᠢᠭᠦᠳ ᠠᠴᠠ ︽ᠤᠯᠤᠰ ᠤᠨ ᠬᠡᠦᠬᠡᠳ︾᠂ ︽ᠪᠠᠷᠠᠭᠤᠨ ᠯᠢᠶᠤᠤ ᠾᠧ ᠭᠤᠣᠯ ᠤᠨ ᠲᠡᠨᠵᠢᠨ ᠳᠠᠬᠢ | ᠦᠨᠳᠦᠰᠦᠲᠡᠨ ᠤ ᠪᠦᠯᠬᠦᠮᠳᠡᠯ ᠤᠨ ᠦᠯᠢᠭᠡᠷ︾᠂ ︽ᠬᠠᠮᠤᠭ ᠠᠩᠬᠠᠨ ᠤ ᠤᠯᠠᠭᠠᠨ ᠪᠦᠴᠡ︾ ᠵᠡᠷᠭᠡ ᠬᠤᠪᠢᠰᠬᠠᠯᠲᠤ ᠦᠯᠢᠭᠡᠷ ᠪᠠ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠯᠢᠭᠡᠷ ᠦᠢᠯᠡ ᠠᠵᠢᠯᠯᠠᠭ᠎ᠠ ᠶᠢ ᠨᠢᠳᠦᠨ ᠳᠤ ᠦᠵᠡᠭᠳᠡᠮ᠎ᠡ ᠰᠠᠶᠢᠬᠠᠨ ᠵᠢᠷᠤᠭᠯᠠᠵᠤ᠂ ᠤᠷᠤᠯᠳᠤᠭᠠᠨ ᠤ ᠠᠬᠤᠢ ᠲᠠᠯᠠᠪᠠᠢ ᠳᠤ ᠨᠢᠵᠢᠭᠢᠨᠡᠭᠰᠡᠨ ᠠᠯᠠᠭ᠎ᠠ | ᠲᠡᠰᠢᠯᠲᠡ ᠪᠠᠶᠢᠨ ᠲᠡᠭᠢᠨ ᠰᠣᠨᠣᠰᠳᠠᠵᠤ ᠪᠠᠶᠢᠭᠰᠠᠨ ᠶᠤᠮ᠃ ᠲᠤᠰ ᠤᠳᠠᠭᠠᠨ ᠤ ᠤᠷᠤᠯᠳᠤᠭᠠᠨ ᠳᠤ ᠲᠡᠷᠢᠭᠦᠨ ᠨᠡᠷᠡᠰ ᠲᠤ ᠲᠣᠳᠣᠷᠠᠭᠰᠠᠨ ᠣᠶᠤᠨᠰᠣᠳᠣ ᠠᠴᠠ᠄ ︽ | ᠤᠷᠤᠯᠳᠤᠭᠠᠨ ᠳᠤ ᠣᠷᠤᠯᠴᠠᠬᠤ ᠪᠠᠷ ᠲᠠᠮᠵᠢᠨ᠂ ᠪᠢ ᠨᠠᠮ ᠤᠨ ᠲᠡᠦᠬᠡ ᠶᠢ ᠤᠯᠠᠮ ᠭᠦᠨᠵᠡᠭᠡᠢ ᠣᠶᠢᠯᠠᠭᠠᠯ᠎ᠠ︕ ᠡᠨᠡ ᠨᠢ ᠮᠠᠨᠤᠰ ᠤᠨ ᠤᠯᠤᠰ ᠢᠶᠠᠨ ᠬᠠᠶᠢᠷᠠᠯᠠᠬᠤ | ᠦᠵᠡᠯ ᠰᠡᠳᠬᠢᠯᠭᠡ ᠶᠢ ᠵᠤᠵᠠᠭᠠᠳᠬᠠᠵᠤ᠂ ᠦᠨᠳᠦᠰᠦᠲᠡᠨ ᠤ ᠪᠦᠯᠬᠦᠮᠳᠡᠯ ᠲᠡᠪᠰᠢᠯᠲᠡ ᠶᠢᠨ ᠦᠵᠡᠯ ᠤᠬᠠᠮᠰᠠᠷ ᠢ ᠴᠢᠩᠭᠠᠳᠬᠠᠨ᠂ ᠬᠠᠷᠢᠯᠴᠠᠨ ᠪᠦᠯᠬᠦᠮᠳᠡᠵᠦ ᠬᠠᠮᠲᠤ | ᠪᠠᠷ ᠲᠠᠪᠰᠢᠬᠤ ᠡᠷᠴᠢ ᠵᠣᠷᠢᠭ ᠢ ᠬᠥᠪᠴᠢᠯᠡᠵᠡᠢ᠃ ᠬᠤᠶᠢᠰᠢᠳᠠ ᠡᠶᠢᠮᠦᠷᠬᠦᠦ ᠠᠵᠢᠯᠯᠠᠭ᠎ᠠ ᠳᠤ ᠢᠯᠡᠭᠦᠬᠡᠨ ᠣᠷᠣᠯᠴᠠᠨ᠎ᠠ︾ ᠬᠡᠮᠡᠨ ᠢᠲᠡᠭᠡᠯ ᠲᠡᠭᠦᠯᠳᠡᠷ ᠶᠠᠷᠢᠨ᠎ᠠ᠃ | ᠣᠶᠢᠷ᠎ᠠ ᠶᠢᠨ ᠵᠢᠯ᠂ ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠠᠵᠢᠯ ᠢᠶᠠᠷ ᠭᠠᠷᠳᠠᠴᠠ ᠪᠣᠯᠭᠠᠨ᠂ ᠤᠯᠠᠨ ᠵᠦᠢᠯ ᠤᠨ ᠠᠵᠢᠯᠯᠠᠭ᠎ᠠ ᠥᠷᠨᠢᠭᠦᠯᠪᠡ᠃ ᠲᠤᠰ ᠰᠤᠷᠭᠠᠭᠤᠯᠢ ᠤᠷᠢᠳ ᠬᠤᠵᠢᠳ ᠣᠷᠣᠨ ᠤ | ᠳᠣᠲᠣᠷᠠᠬᠢ 20 ᠭᠠᠷᠤᠢ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠲᠠᠢ ᠬᠤᠯᠪᠤᠭ᠎ᠠ ᠪᠠᠶᠢᠭᠤᠯᠵᠤ᠂ ᠬᠠᠮᠲᠤ ᠪᠠᠷ ᠤᠳᠬ᠎ᠠ ᠠᠭᠤᠯᠭ᠎ᠠ ᠲᠠᠢ ᠦᠢᠯᠡ | ᠠᠵᠢᠯᠯᠠᠭ᠎ᠠ ᠵᠣᠬᠢᠶᠠᠨ ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠡᠭᠡᠵᠢᠩ᠂ ᠬᠠᠶᠢᠨᠠᠨ᠂ ᠱᠠᠨᠰᠢ ᠵᠡᠷᠭᠡ ᠮᠤᠵᠢ ᠣᠷᠣᠨ ᠤ ᠪᠠᠭᠠᠴᠤᠳ ᠤᠨ ᠬᠤᠰᠢᠭᠤᠴᠢ ᠠᠩᠭᠢ | ᠲᠠᠢ ᠬᠤᠯᠪᠤᠭᠠᠯᠠᠯᠴᠠᠵᠤ ᠠᠵᠢᠯᠯᠠᠭ᠎ᠠ ᠥᠷᠨᠢᠭᠦᠯᠪᠡ᠃ | 2024 ᠣᠨ ᠤ ᠵᠢᠷᠭᠤᠭᠠᠨ ᠰᠠᠷ᠎ᠠ ᠶᠢᠨ ᠨᠢᠭᠡᠨ ᠤ ᠳᠡᠯᠡᠬᠡᠢ ᠶᠢᠨ ᠬᠡᠦᠬᠡᠳ ᠤᠨ ᠪᠠᠶᠠᠷ ᠢᠶᠠᠷ᠂ ᠲᠤᠰ ᠰᠤᠷᠭᠠᠭᠤᠯᠢ ᠶᠢᠨ ᠬᠤᠰᠢᠭᠤᠴᠢ ᠠᠩᠭᠢ ᠶᠢᠨ ᠬᠢᠨ | ᠪᠡᠭᠡᠵᠢᠩ ᠬᠤᠳᠠ ᠶᠢᠨ ᠴᠠᠩ ᠫᠢᠩ ᠲᠣᠭᠤᠷᠢᠭ ᠤᠨ ᠪᠠᠭᠠᠴᠤᠳ ᠤᠨ ᠣᠷᠳᠣᠨ ᠤ ᠬᠤᠰᠢᠭᠤᠴᠢ ᠠᠩᠭᠢ ᠲᠠᠢ ᠬᠠᠮᠲᠤ ︽ᠤᠯᠠᠭᠠᠨ ᠪᠦᠴᠡᠲᠡᠨ ᠡᠬᠡ ᠤᠯᠤᠰ ᠢᠶᠠᠨ | ᠬᠠᠶᠢᠷᠠᠯᠠᠨᠠᠮ︾ ᠭᠡᠬᠦ ᠪᠡᠭᠡᠵᠢᠩ ᠪᠠ ᠥᠪᠥᠷ ᠮᠣᠩᠭᠤᠯ ᠤᠨ ᠪᠠᠭᠠᠴᠤᠳ ᠤᠨ ᠭᠠᠷ ᠭᠠᠷ ᠢᠶᠠᠨ ᠬᠤᠯᠪᠣᠯᠴᠠᠨ ᠳᠡᠯᠡᠬᠡᠢ ᠶᠢᠨ ᠬᠡᠦᠬᠡᠳ ᠤᠨ ᠪᠠᠶᠠᠷ ᠢᠶᠠᠨ ᠪᠡᠯᠭᠡᠯᠡᠬᠦ | ᠠᠵᠢᠯᠯᠠᠭ᠎ᠠ ᠥᠷᠨᠢᠭᠦᠯᠪᠡ᠃ ᠡᠨᠡ ᠨᠢ ᠪᠡᠭᠡᠵᠢᠩ ᠪᠠ ᠥᠪᠥᠷ ᠮᠣᠩᠭᠤᠯ ᠤᠨ ᠪᠠᠭᠠᠴᠤᠳ ᠬᠡᠦᠬᠡᠳ ᠤᠨ ᠬᠤᠭᠤᠷᠤᠨᠲᠤᠭᠢ ᠨᠥᠬᠦᠷᠯᠡᠯ ᠢ ᠵᠤᠵᠠᠭᠠᠳᠬᠠᠵᠤ᠂ ᠤᠯᠤᠰ ᠢᠶᠠᠨ | ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠪᠡ᠃ 7 ᠰᠠᠷ᠎ᠠ ᠶᠢᠨ 20 ᠠᠴᠠ 27 ᠤ ᠡᠳᠦᠷ ᠪᠤᠯᠲᠠᠯ᠎ᠠ᠂ ᠠᠷᠪᠠᠨ ᠵᠢᠷᠭᠤᠳᠤᠭᠠᠷ ᠬᠤᠭᠤᠴᠠᠭᠠᠨ ᠤ ᠪᠦᠭᠦ ᠤᠯᠤᠰ ᠤᠨ | ᠡᠯ᠎ᠡ ᠦᠨᠳᠦᠰᠦᠲᠡᠨ ᠤ ᠪᠠᠭᠠᠴᠤᠳ ᠬᠡᠦᠬᠡᠳ ᠤᠨ ᠰᠡᠳᠬᠢᠯ ᠨᠢᠭᠡᠲᠡᠢ ᠬᠤᠸᠠᠷᠠᠨ ᠤ ᠠᠵᠢᠯᠯᠠᠭ᠎ᠠ ᠰᠧᠴᠤᠸᠠᠨ ᠤ ᠯᠢᠶᠠᠩ ᠱᠠᠨ ᠳᠤ ᠶᠠᠪᠤᠭᠳᠠᠵᠤ᠂ ᠪᠦᠭᠦ ᠤᠯᠤᠰ ᠤᠨ | 16 ᠮᠤᠵᠢ ᠣᠷᠣᠨ ᠤ 160 ᠭᠠᠷᠤᠢ ᠪᠠᠭᠰᠢ ᠰᠤᠷᠤᠬᠴᠢ ᠠᠵᠢᠯᠯᠠᠭ᠎ᠠ ᠳᠤ ᠣᠷᠣᠯᠴᠠᠪᠠ᠃ ᠡᠭᠦᠨ ᠳᠤ᠂ ᠲᠤᠰ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ | ᠠᠩᠭᠢ ᠶᠢᠨ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠯᠢᠩᠬᠤ᠎ᠠ ᠪᠠᠭᠰᠢ ᠠᠴᠠ ᠰᠤᠷᠤᠬᠴᠢ ᠪᠠᠨ ᠳᠠᠭᠠᠭᠤᠯᠤᠨ ᠲᠤᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | ᠊᠊᠊᠊᠊ ᠪᠤᠰᠤᠳ ᠭᠠᠵᠠᠷ ᠣᠷᠣᠨ ᠤ ᠬᠤᠰᠢᠭᠤᠴᠢ ᠠᠩᠭᠢ ᠲᠠᠢ ᠬᠤᠯᠪᠣᠭᠠᠯᠠᠬᠤ ᠪᠠᠷ ᠲᠠᠮᠵᠢᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠳᠤ ᠨᠡᠩ | ᠭᠦᠨᠵᠡᠭᠡᠢ ᠣᠶᠢᠯᠠᠭᠠᠯᠲᠠ ᠲᠠᠢ ᠪᠤᠯᠤᠯ᠎ᠠ᠃ ᠲᠠᠷᠠᠭᠠᠴᠢ ᠪᠠᠷ᠂ ᠪᠢᠲᠡ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠠᠭᠠᠴᠤᠳ | ᠬᠡᠦᠬᠡᠳ ᠢ ᠬᠥᠲᠥᠯᠥᠨ ᠳᠠᠭᠠᠭᠤᠯᠵᠤ᠂ ᠰᠢᠨ᠎ᠡ ᠰᠡᠪᠡᠭᠦᠨ ᠠᠭᠤᠯᠭ᠎ᠠ ᠲᠠᠢ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢ ᠶᠢᠨ ᠴᠢᠨᠠᠷᠲᠠᠢ ᠵᠣᠬᠢᠶᠠᠨ ᠪᠠᠶᠢᠭᠤᠯᠤᠨ᠂ | ᠪᠠᠭᠠᠴᠤᠳ ᠤᠨ ᠬᠤᠰᠢᠭᠤᠴᠢ ᠠᠩᠭᠢ ᠶᠢᠨ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠨ᠎ᠠ᠃ ᠪᠠᠰᠠ ᠰᠤᠷᠤᠬᠴᠢᠳ ᠢ ᠨᠡᠶᠢᠭᠡᠮ ᠤᠨ ᠪᠣᠳᠠᠲᠤ ᠦᠢᠯᠡᠳᠦᠯᠭᠡ ᠳᠤ | ᠢᠯᠡᠭᠦᠬᠡᠨ ᠤᠷᠤᠯᠴᠠᠭᠤᠯᠬᠤ ᠪᠠᠷ ᠳᠠᠮᠵᠢᠭᠤᠯᠤᠨ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠷᠢᠭ ᠢ ᠪᠠᠳᠠᠷᠠᠭᠤᠯᠤᠨ᠎ᠠ᠃ ᠰᠤᠷᠤᠬᠴᠢᠳ ᠮᠠᠨᠢ ᠡᠶᠢᠮᠦᠷᠬᠦᠦ | ᠠᠵᠢᠯᠯᠠᠭ᠎ᠠ ᠳᠤ ᠢᠯᠡᠭᠦᠬᠡᠨ ᠣᠷᠤᠯᠴᠠᠬᠤ ᠨᠢ ᠲᠡᠲᠡ ᠨᠠᠷ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠨᠢ ᠴᠢᠩᠭᠠᠷᠠᠭᠤᠯᠬᠤ ᠶᠤᠮ ᠭᠡᠵᠦ ᠯᠢᠩᠬᠤ᠎ᠠ ᠪᠠᠭᠰᠢ | ᠰᠡᠳᠬᠢᠯ ᠳᠣᠭᠳᠣᠯᠤᠨ ᠶᠠᠷᠢᠨ᠎ᠠ᠃ | ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠪᠠᠰᠠ ᠰᠤᠷᠭᠠᠭᠤᠯᠢ ᠶᠢᠨ ᠬᠦᠷᠢᠶᠡᠨ ᠤ | ᠤᠯᠠᠭᠠᠨ ᠪᠦᠴᠡᠲᠡᠨ ᠤ ᠪᠢᠴᠢᠬᠠᠨ ᠲᠠᠶᠢᠯᠪᠤᠷᠢᠯᠠᠭᠴᠢ ᠶᠢᠨ ᠪᠦᠯᠭᠦᠮ ᠢ ᠵᠣᠬᠢᠶᠠᠨ ᠪᠠᠶᠢᠭᠤᠯᠵᠤ᠂︽ᠲᠠᠪᠤᠨ ᠲᠡᠦᠬᠡ︾ ᠶᠢ ᠤᠬᠠᠭᠤᠯᠬᠤ ᠪᠠᠷ ᠭᠤᠣᠯ ᠪᠤᠯᠭᠠᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠬᠥᠭᠵᠢᠯᠲᠡ ᠶᠢᠨ ᠲᠡᠦᠬᠡ᠂ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ᠂ ᠴᠠᠭ ᠤᠨ ᠪᠠᠶᠢᠳᠠᠯ᠂ ᠲᠤᠮᠳᠠᠳᠦ ᠶᠢᠨ ᠲᠡᠦᠬᠡ | ᠰᠣᠶᠣᠯ ᠁ ᠮᠡᠲᠦ ᠶᠢ ᠦᠯᠢᠭᠡᠷᠯᠡᠨ ᠶᠠᠷᠢᠬᠤ᠂ ᠵᠦᠴᠦᠭᠡᠯᠡᠨ ᠲᠣᠭᠯᠠᠬᠤ᠂ ᠳᠠᠭᠤᠯᠠᠵᠤ ᠪᠥᠵᠢᠭᠯᠡᠬᠦ ᠵᠡᠷᠭᠡ ᠭᠡᠯᠪᠡᠷᠢ ᠪᠠᠷ ᠤᠬᠠᠭᠤᠯᠤᠨ ᠲᠠᠶᠢᠯᠪᠤᠷᠢᠯᠠᠵᠤ᠂ | ᠪᠠᠭᠠᠴᠤᠳ ᠬᠡᠦᠬᠡᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠨ᠂ ᠤᠷᠤᠭᠰᠢᠯᠠᠨ ᠲᠠᠪᠰᠢᠬᠤ ᠵᠠᠩ ᠴᠢᠨᠠᠷ ᠢ ᠨᠢ ᠬᠥᠮᠥᠵᠢᠭᠦᠯᠵᠦ᠂ ᠰᠢᠯᠢᠳᠡᠭ | ᠬᠤᠰᠢᠭᠤᠴᠢ ᠪᠤᠯᠬᠤ ᠶᠢ ᠬᠥᠲᠥᠯᠥᠨ ᠳᠠᠭᠠᠭᠤᠯᠵᠤ ᠪᠤᠢ᠃ | ᠤᠳᠬ᠎ᠠ ᠲᠡᠭᠦᠯᠳᠡᠷ ᠪᠦᠬᠦᠢ ᠠᠵᠢᠯᠯᠠᠭ᠎ᠠ ᠨᠢ ᠪᠠᠭᠠᠴᠤᠳ ᠬᠡᠦᠬᠡᠳ ᠤᠨ ᠤᠷᠮ᠎ᠠ ᠶᠢ ᠬᠥᠭᠵᠢᠭᠡᠨ᠎ᠡ | ᠲᠤᠰ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠠᠴᠠ ︽ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠪᠤᠯᠢᠶᠠᠯᠳᠤᠬᠤ ᠠᠵᠢᠯᠯᠠᠭ᠎ᠠ︾ | ᠥᠷᠨᠢᠭᠦᠯᠵᠦ᠂ ᠬᠡᠦᠬᠡᠳ ᠪᠠᠭᠠᠴᠤᠳ ᠤᠨ ᠰᠤᠷᠤᠯᠴᠠᠬᠤ ᠤᠷᠮ᠎ᠠ ᠵᠣᠷᠢᠭ ᠢ ᠬᠥᠭᠵᠢᠭᠡᠪᠡ᠃ ᠠᠨᠴᠢᠷ ᠪᠣᠯ ᠲᠤᠰ ᠰᠤᠷᠭᠠᠭᠤᠯᠢ ᠶᠢᠨ ᠳᠣᠯᠣᠳᠤᠭᠠᠷ ᠣᠨ ᠤ | ᠨᠢᠭᠡᠳᠦᠭᠡᠷ ᠠᠩᠭᠢ ᠶᠢᠨ ᠰᠤᠷᠤᠬᠴᠢ ᠪᠠᠶᠢᠵᠤ᠂ ᠲᠡᠷᠡ ᠪᠣᠯ ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠢ ᠳᠤᠰᠤᠭᠰᠠᠨ ᠰᠤᠷᠤᠬᠴᠢ ᠶᠢᠨ ᠨᠢᠭᠡ ᠨᠢ ᠪᠣᠯᠣᠨ᠎ᠠ᠃ | ᠠᠨᠴᠢᠷ ︽ᠬᠡᠭᠡᠷ᠎ᠡ ᠲᠠᠯ᠎ᠠ ᠶᠢᠨ ᠬᠠᠮᠠᠭᠠᠯᠠᠯᠲᠠ ᠶᠢᠨ ᠮᠠᠯᠠᠭᠠᠢ︾ ᠪᠦᠲᠦᠭᠡᠯ ᠢᠶᠠᠷ ᠢᠶᠠᠨ ︽ᠰᠦᠡᠭ ᠴᠢᠩ ᠯᠢᠩ ᠤᠨ ᠪᠠᠭᠠᠴᠤᠳ ᠬᠡᠦᠬᠡᠳ ᠤᠨ ᠡᠭᠦᠳᠦᠯᠲᠡ ᠶᠢᠨ ᠱᠠᠩᠨᠠᠯ︾ | ᠤᠨ ᠮᠥᠩᠭᠦᠨ ᠮᠧᠳᠠᠯ ᠢ ᠣᠯᠵᠤ᠂ ︽ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠪᠤᠯᠢᠶᠠᠯᠳᠤᠬᠤ ᠠᠵᠢᠯᠯᠠᠭ᠎ᠠ︾ ᠶᠢᠨ ᠪᠢᠴᠢᠬᠠᠨ ᠡᠭᠦᠳᠦᠭᠴᠢ ᠪᠠᠷ ᠴᠣᠯᠠᠯᠠᠭᠳᠠᠵᠤ | ᠲᠦᠷᠪᠡᠨ ᠣᠳᠣᠲᠤ ᠲᠡᠮᠳᠡᠭ ᠢᠶᠠᠷ ᠱᠠᠩᠨᠠᠬᠲᠡᠵᠡᠢ᠃ ᠲᠤᠰ ᠰᠤᠷᠭᠠᠭᠤᠯᠢ ᠶᠢᠨ ︽ᠰᠢᠨ᠎ᠡ ᠴᠠᠭ ᠦᠶ᠎ᠡ ᠶᠢᠨ ᠰᠠᠶᠢᠨ ᠬᠤᠰᠢᠭᠤᠴᠢ ᠠᠩᠭᠢ ᠶᠢᠨ ᠭᠡᠰᠢᠭᠦᠨ ᠪᠤᠯᠬᠤ ᠪᠠᠷ | ᠴᠢᠷᠮᠠᠶᠢᠵᠠᠭᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠨᠢ ᠲᠦᠩᠯᠢᠶᠣᠣ ᠬᠤᠳᠠ ᠶᠢᠨ ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠪᠤᠯᠢᠶᠠᠯᠳᠤᠬᠤ | ᠠᠵᠢᠯᠯᠠᠭ᠎ᠠ ᠶᠢᠨ ᠵᠢᠱᠢᠶᠡᠴᠢ ᠠᠵᠢᠯᠯᠠᠭ᠎ᠠ ᠪᠠᠷ ᠰᠣᠩᠭᠤᠭᠳᠠᠭᠰᠠᠨ ᠪᠠᠶᠢᠨ᠎ᠠ᠃ | ᠲᠤᠰ ᠰᠤᠷᠭᠠᠭᠤᠯᠢ ᠪᠠᠰᠠ ᠳᠤᠮᠳᠠ ᠠᠩᠭᠢ ᠪᠦᠷᠢ ᠳᠤ ᠨᠢᠭᠡ ᠨᠡᠷᠡᠰ ᠰᠤᠷᠭᠠᠭᠤᠯᠢ ᠶᠢᠨ ᠭᠠᠳᠠᠨᠠᠬᠢ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠤᠷᠢᠵᠤ᠂ | ᠰᠤᠷᠭᠠᠭᠤᠯᠢ ᠶᠢᠨ ᠬᠤᠰᠢᠭᠤᠴᠢ ᠠᠩᠭᠢ ᠶᠢᠨ ᠨᠡᠶᠢᠭᠡᠮᠴᠢᠯᠡᠬᠦ ᠠᠵᠢᠯ ᠤᠨ ᠰᠠᠭᠤᠷᠢᠨ ᠭᠠᠵᠠᠷ ᠤᠨ ᠬᠥᠮᠥᠷᠭᠡ ᠶᠢ ᠪᠠᠶᠢᠭᠤᠯᠵᠤ᠂ ᠨᠡᠶᠢᠭᠡᠮ ᠤᠨ ᠦᠢᠯᠡᠳᠦᠯᠭᠡ ᠳᠤ | ᠣᠷᠤᠯᠴᠠᠬᠤ ᠳᠤ ᠨᠡᠩ ᠲᠦᠭᠦᠮ ᠪᠣᠯᠭᠠᠪᠠ᠃ ᠡᠶᠢᠨ ᠬᠦ ᠲᠡᠲᠡ ᠡᠮᠨᠡᠯᠭᠡ ᠶᠢᠨ ᠬᠤᠷᠢᠶ᠎ᠠ᠂ ᠨᠢᠰᠬᠡᠯ ᠤᠨ ᠪᠠᠭᠤᠳᠠᠯ᠂ ᠨᠣᠮ ᠤᠨ ᠰᠠᠩ᠂ ᠨᠠᠰᠤᠲᠠᠨ ᠢ ᠠᠰᠠᠷᠠᠬᠤ | ᠬᠦᠷᠢᠶᠡᠯᠡᠩ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠭᠤᠷᠢᠨ ᠭᠠᠵᠠᠷ ᠤᠨ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠵᠤ ᠪᠤᠢ᠃ | ᠊᠊᠊᠊᠊ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠨᠢ ᠭᠤᠣᠯᠳᠠᠭᠤ ᠦᠵᠡᠯ | ᠰᠠᠨᠠᠭ᠎ᠠ ᠶᠣᠰᠣ ᠰᠤᠷᠲᠠᠬᠤᠨ᠂ ᠤᠯᠤᠰ ᠤᠨ ᠪᠠᠲᠤᠯᠠᠨ ᠬᠠᠮᠠᠭᠠᠯᠠᠯᠲᠠ᠂ ᠴᠡᠷᠢᠭ ᠤᠨ ᠶᠠᠪᠤᠳᠠᠯ᠂ ᠬᠠᠤᠯᠢᠵᠢᠯ ᠤᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠭᠦᠳᠡᠯᠮᠦᠷᠢ ᠦᠢᠯᠡᠳᠦᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠪᠠᠷ ᠲᠠᠮᠵᠢᠨ᠂ | ᠰᠤᠷᠭᠠᠨ ᠬᠥᠮᠦᠵᠢᠯ ᠤᠨ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠪᠠᠭᠠᠴᠤᠳ ᠬᠡᠦᠬᠡᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ | ᠭᠤᠸ᠎ᠠ ᠰᠠᠶᠢᠬᠠᠨ ᠭᠦᠳᠡᠯᠮᠦᠷᠢ ᠶᠢᠨ ᠪᠦᠭᠦ ᠲᠠᠯ᠎ᠠ ᠶᠢᠨ ᠬᠥᠭᠵᠢᠯᠲᠡ ᠳᠤ ᠨᠡᠩ ᠤᠯᠠᠨ ︽ᠦᠢᠯᠡᠳᠦᠯᠭᠡ︾ ᠶᠢᠨ ᠬᠦᠴᠦᠨ ᠨᠡᠮᠡᠷᠢᠯᠡᠵᠦ ᠪᠠᠶᠢᠨ᠎ᠠ ᠭᠡᠵᠦ ᠲᠤᠰ | ᠰᠤᠷᠭᠠᠭᠤᠯᠢ ᠶᠢᠨ ᠳᠡᠳ᠋ ᠵᠠᠬᠢᠷᠤᠯ ᠭᠦᠡᠭ ᠬᠥᠭᠵᠢᠯᠲᠦ ᠨᠠᠷᠢᠯᠢᠭ ᠲᠠᠨᠢᠯᠴᠠᠭᠤᠯᠤᠨ᠎ᠠ᠃ | ᠊᠊᠊᠊᠊ ᠡᠮᠦᠨᠡᠬᠡᠨ ᠮᠠᠨ ᠤ ᠳᠤᠮᠳᠠ ᠠᠩᠭᠢ ᠶᠢᠨ ᠬᠢᠨ ᠰᠤᠷᠭᠠᠭᠤᠯᠢ ᠶᠢᠨ ᠭᠠᠳᠠᠨᠠᠬᠢ ᠬᠤᠰᠢᠭᠤᠴᠢ ᠠᠩᠭᠢ ᠶᠢᠨ ᠨᠡᠶᠢᠭᠡᠮᠴᠢᠯᠡᠬᠦ ᠠᠵᠢᠯ ᠤᠨ ᠰᠠᠭᠤᠷᠢᠨ ᠭᠠᠵᠠᠷ | ᠪᠤᠯᠬᠤ ᠲᠦᠩᠯᠢᠶᠣᠣ ᠬᠤᠳᠠ ᠶᠢᠨ ᠮᠦᠽᠧᠢ ᠳᠤ ᠬᠦᠷᠴᠦ ᠲᠣᠭᠤᠷᠢᠨ ᠦᠵᠡᠵᠦ ᠰᠤᠷᠤᠯᠴᠠᠬᠰᠠᠨ ᠪᠠᠶᠢᠨ᠎ᠠ᠃ ᠪᠢᠳᠡ ᠲᠠᠶᠢᠯᠪᠤᠷᠢᠯᠠᠭᠴᠢ ᠡᠭᠡᠴᠢ ᠶᠢᠨ ᠲᠠᠶᠢᠯᠪᠤᠷᠢᠯᠠᠬᠤ | ᠶᠢ ᠨᠠᠷᠢᠯᠢᠭ ᠰᠣᠨᠣᠰᠴᠤ᠂ ᠲᠡᠦᠬᠡ ᠶᠢᠨ ᠳᠤᠷᠠᠰᠬᠠᠯᠲᠤ ᠵᠦᠢᠯᠡᠰ ᠠᠴᠠ ᠦᠵᠡᠵᠦ ᠰᠣᠨᠢᠷᠬᠠᠨ ᠲᠡᠭᠦᠨ ᠤ ᠠᠷᠤ ᠳᠠᠬᠢ ᠲᠡᠦᠬᠡ ᠶᠢ ᠰᠤᠷᠤᠯᠴᠠᠵᠦ᠂ ᠠᠭᠤᠤ ᠶᠡᠭᠡ | ᠲᠤᠮᠳᠠᠳᠦ ᠶᠢᠨ ᠦᠨᠳᠦᠰᠦᠲᠡᠨ ᠤ ᠲᠡᠦᠬᠡ ᠰᠣᠶᠣᠯ ᠢ ᠪᠡᠶᠡᠴᠢᠯᠡᠨ ᠮᠡᠳᠡᠷᠡᠪᠡ ᠭᠡᠵᠦ ᠰᠤᠷᠤᠬᠴᠢ ᠪᠤᠤ ᠶᠢᠨ ᠷᠦᠢ ᠶᠠᠷᠢᠨ᠎ᠠ᠃ | ᠡᠭᠦᠨ ᠤ ᠬᠠᠮᠲᠤ᠂ ᠲᠤᠰ ᠰᠤᠷᠭᠠᠭᠤᠯᠢ ᠨᠢ ᠪᠠᠰᠠ ᠤᠯᠠᠭᠠᠨ ᠪᠦᠴᠡᠲᠡᠨ ᠤ ᠨᠡᠶᠢᠭᠡᠮᠯᠢᠭ ᠪᠠᠶᠢᠭᠤᠯᠬᠤ ᠶᠢ ᠴᠢᠩᠭᠠᠳᠬᠠᠵᠤ᠂ ᠰᠤᠷᠤᠬᠴᠢᠳ ᠤᠨ ᠠᠮᠢᠳᠤᠷᠠᠯ ᠢ | ᠪᠠᠶᠠᠯᠢᠭᠵᠢᠭᠤᠯᠵᠤ᠂ ᠳᠤᠷ᠎ᠠ ᠪᠠᠬ᠎ᠠ ᠶᠢ ᠬᠥᠭᠵᠢᠭᠡᠵᠦ᠂ ᠬᠠᠶᠢᠨ ᠰᠦᠪᠡᠭᠴᠢᠯᠡᠯᠲᠡ ᠶᠢᠨ ᠵᠣᠷᠢᠭ ᠰᠠᠨᠠᠭ᠎ᠠ ᠶᠢ ᠨᠢ ᠬᠥᠮᠥᠵᠢᠭᠦᠯᠵᠦ ᠪᠤᠢ᠃ ᠰᠢᠲᠠᠷ᠎ᠠ ᠶᠢᠨ ᠨᠡᠶᠢᠭᠡᠮᠯᠢᠭ᠂ | ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠵᠡᠷᠭᠡ ᠤᠯᠠᠭᠠᠨ ᠪᠦᠴᠡᠲᠡᠨ ᠤ ᠨᠡᠶᠢᠭᠡᠮᠯᠢᠭ ᠤᠨ ᠬᠥᠭᠵᠢᠯᠲᠡ ᠨᠢ ᠰᠤᠷᠤᠬᠴᠢᠳ ᠤᠨ ᠡᠷᠡᠭᠦᠯ ᠰᠠᠷᠠᠭᠤᠯ ᠦᠰᠦᠨ | ᠪᠤᠶᠢᠵᠢᠯᠳᠡ ᠳᠤ ᠪᠠᠲᠤ ᠪᠠᠬᠢ ᠰᠠᠭᠤᠷᠢ ᠬᠠᠩᠭᠠᠵᠤ ᠥᠭᠴᠡᠢ᠃ ᠪᠢᠴᠢᠬᠠᠨ ᠰᠢᠲᠠᠷᠠᠴᠢᠨ ᠪᠠᠢ ᠠᠵᠢᠨᠠᠢ᠄ ︽ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ | ᠪᠣᠯᠤᠭᠰᠠᠨ ᠤ ᠬᠤᠪᠢ ᠳᠤ᠂ ᠪᠢ ᠰᠤᠷᠭᠠᠭᠤᠯᠢ ᠪᠠᠨ ᠲᠥᠯᠥᠭᠡᠯᠡᠵᠦ ᠤᠷᠤᠯᠲᠤᠭᠠᠨ ᠳᠤ ᠤᠷᠤᠯᠴᠠᠬᠰᠠᠨ ᠢᠶᠠᠷ ᠪᠠᠷᠠᠬᠤ ᠦᠭᠡᠢ᠂ ᠴᠢᠨᠠᠭᠰᠢᠯᠠᠭᠠᠳ ᠲᠦᠩᠯᠢᠶᠣᠣ | ᠬᠤᠳᠠ ᠶᠢᠨ ᠪᠠᠭᠠᠴᠤᠳ ᠬᠡᠦᠬᠡᠳ ᠢ ᠲᠥᠯᠥᠭᠡᠯᠡᠨ ᠡᠯ᠎ᠡ ᠶᠡᠭᠡ ᠬᠡᠪᠴᠢᠶᠡᠨ ᠤ ᠤᠷᠤᠯᠳᠤᠭᠠᠨ ᠳᠤ ᠣᠷᠣᠯᠴᠠᠯ᠎ᠠ︕ ᠪᠢ ᠮᠠᠰᠢ ᠶᠡᠭᠡ ᠪᠠᠶᠠᠷᠯᠠᠵᠤ ᠪᠠᠶᠢᠨ᠎ᠠ᠂ | ᠬᠤᠶᠢᠰᠢᠳᠠ ᠶᠢᠨ ᠤᠷᠤᠯᠳᠤᠭᠠᠨ ᠳᠤ ᠨᠡᠩ ᠶᠡᠭᠡ ᠠᠮᠵᠢᠯᠲᠠ ᠣᠯᠬᠤ ᠪᠠᠷ ᠴᠢᠷᠮᠠᠶᠢᠨ᠎ᠠ ᠳ᠋ᠠ︾ ᠭᠡᠵᠦ ᠣᠮᠣᠭᠲᠠᠶᠢᠬᠠᠨ ᠶᠠᠷᠢᠨ᠎ᠠ᠃ | ᠠᠮᠵᠢᠯᠲᠠ ᠪᠦᠲᠦᠮᠵᠢ ᠢᠷᠠᠭᠤ ᠠᠯᠳᠠᠷ ᠨᠢ ᠠᠯᠤᠰ ᠢᠷᠡᠭᠡᠳᠦᠢ ᠶᠢ ᠵᠢᠷᠤᠭᠯᠠᠨ᠎ᠠ | ᠲᠦᠩᠯᠢᠶᠣᠣ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠶᠡᠭᠡ ᠠᠩᠭᠢ ᠤᠯᠠᠨ ᠵᠢᠯ ᠤᠨ ᠲᠤᠷᠰᠢ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠶᠡᠷᠦᠩᠬᠡᠢ ᠱᠦᠵᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ᠂ ᠡᠪᠯᠡᠯ᠂ ᠬᠤᠰᠢᠭᠤᠴᠢ ᠠᠩᠭᠢ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠬᠦ ᠪᠠᠷ ᠠᠵᠢᠯ ᠤᠨ ᠭᠤᠣᠯ ᠱᠤᠭᠤᠮ ᠢᠶᠠᠨ ᠪᠤᠯᠭᠠᠵᠤ᠂ ᠵᠣᠬᠢᠶᠠᠨ | ᠪᠠᠶᠢᠭᠤᠯᠤᠯᠲᠠ ᠶᠢᠨ ᠬᠥᠮᠦᠵᠢᠯ᠂ ᠪᠡᠶ᠎ᠡ ᠪᠠᠨ ᠳᠠᠭᠠᠭᠠᠭᠰᠠᠨ ᠬᠥᠮᠦᠵᠢᠯ᠂ ᠦᠢᠯᠡᠳᠦᠯᠭᠡ ᠶᠢᠨ ᠬᠥᠮᠦᠵᠢᠯ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠡᠪ ᠬᠠᠮᠲᠤ | ᠶᠣᠰᠣᠨ ᠤ ᠵᠠᠯᠭᠠᠮᠵᠢᠯᠠᠭᠴᠢ ᠶᠢ ᠬᠥᠮᠥᠵᠢᠭᠦᠯᠬᠦ᠂ ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠬᠤ᠂ ᠤᠯᠤᠰ ᠲᠦᠷᠥ ᠶᠢᠨ ᠰᠡᠩᠬᠡᠷᠡᠭᠦᠯᠦᠯ ᠪᠠ ᠦᠷᠲᠡᠭ ᠤᠨ ᠦᠵᠡᠯᠲᠡ ᠶᠢ | ᠪᠤᠢ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠨ᠎ᠠ᠃ | ᠡᠯᠪᠡᠭ ᠪᠠᠶᠠᠯᠢᠭ ᠠᠭᠤᠯᠭ᠎ᠠ ᠲᠠᠢ᠂ ᠰᠤᠷᠤᠬᠴᠢ ᠶᠢᠨ ᠪᠦᠭᠦ ᠲᠠᠯ᠎ᠠ ᠶᠢᠨ ᠬᠥᠭᠵᠢᠯᠲᠡ ᠳᠤ ᠦᠢᠯᠡᠴᠢᠯᠡᠭᠰᠡᠨ ᠲᠦᠩᠯᠢᠶᠣᠣ ᠬᠤᠲᠠ ᠶᠢᠨ ᠮᠣᠩᠭᠤᠯ ᠦᠨᠳᠦᠰᠦᠲᠡᠨ ᠤ | ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡ ᠠᠵᠢᠯᠯᠠᠭ᠎ᠠ ᠨᠢ ᠤᠯᠤᠰ ᠣᠷᠣᠨ ᠳᠤ ᠮᠡᠳᠡᠷᠡᠭᠳᠡᠵᠦ ᠣᠯᠠᠨᠲᠠ ᠬᠥᠬᠢᠭᠦᠯᠦᠭᠳᠡᠪᠡ᠃ ᠲᠤᠰ | ᠰᠤᠷᠭᠠᠭᠤᠯᠢ ᠶᠢᠨ ᠣᠶᠢᠷ᠎ᠠ ᠶᠢᠨ ᠵᠢᠯ ᠤᠨ ᠬᠥᠭᠵᠢᠯᠲᠡ ᠠᠴᠠ ᠬᠠᠷᠠᠬᠤᠶ᠎ᠠ᠂ ᠣᠳᠣᠬᠠᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠶᠡᠭᠡ ᠠᠩᠭᠢ ᠨᠢ | 1641ᠨᠡᠷᠡᠰ ᠬᠤᠰᠢᠭᠤᠴᠢ ᠠᠩᠭᠢ ᠶᠢᠨ ᠭᠡᠰᠢᠭᠦᠨ ᠲᠠᠢ᠂ 42 ᠳᠤᠮᠳᠠ ᠠᠩᠭᠢ ᠲᠠᠢ᠂ 42 ᠨᠡᠷᠡᠰ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠪᠠ 1 | ᠨᠡᠷᠡᠰ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠲᠠᠢ ᠪᠣᠯᠵᠤ ᠬᠥᠭᠵᠢᠨ ᠪᠤᠵᠠᠭᠠᠶᠢᠷᠠᠵᠠᠢ᠃ ᠭᠡᠬᠦ ᠳᠡᠭᠡᠨ᠂ ᠲᠤᠰ ᠰᠤᠷᠭᠠᠭᠤᠯᠢ ᠶᠢᠨ ᠪᠠᠭᠠᠴᠤᠳ ᠤᠨ | ᠬᠤᠰᠢᠭᠤᠴᠢ ᠠᠩᠭᠢ ᠶᠢᠨ ᠶᠡᠭᠡ ᠠᠩᠭᠢ ᠨᠢ ︽ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠨᠡᠶᠢᠲᠡ︾ ᠪᠠᠷ ᠦᠨᠡᠯᠡᠭᠳᠡᠵᠦ᠂ | ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠪᠠᠭᠰᠢ ᠨᠢ ︽ᠪᠦᠭᠦ ᠤᠯᠤᠰ ᠤᠨ ᠰᠢᠯᠢᠳᠡᠭ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ︾ ᠪᠠ ︽ᠪᠦᠭᠦ | ᠤᠯᠤᠰ ᠤᠨ ᠤᠯᠠᠭᠠᠨ ᠪᠦᠴᠡᠲᠡᠨ ᠤ ᠲᠣᠭᠤᠷᠢᠨ ᠬᠢᠴᠢᠶᠡᠯᠯᠡᠬᠦ ᠪᠦᠯᠭᠦᠮ ᠤᠨ ᠭᠡᠰᠢᠭᠦᠨ︾ ᠢᠶᠠᠷ ᠬᠥᠬᠢᠭᠦᠯᠦᠭᠳᠡᠵᠦ᠂ ᠳᠤᠮᠳᠠ ᠠᠩᠭᠢ ᠨᠢ ︽ᠪᠦᠭᠦ ᠤᠯᠤᠰ ᠤᠨ | ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠳᠤᠮᠳᠠ ᠠᠩᠭᠢ︾ ᠪᠠᠷ ᠦᠨᠡᠯᠡᠭᠳᠡᠵᠦ᠂ ᠬᠤᠰᠢᠭᠤᠴᠢ ᠠᠩᠭᠢ ᠶᠢᠨ ᠭᠡᠰᠢᠭᠦᠨ ᠨᠢ ︽ᠤᠯᠠᠭᠠᠨ ᠪᠦᠴᠡᠲᠡᠨ ᠤ | ᠱᠠᠩᠨᠠᠯ︾᠂ ︽ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠤᠨ ᠳᠦᠷᠪᠡᠨ ᠣᠳᠣᠲᠤ ᠲᠡᠮᠳᠡᠭ︾ ᠵᠡᠷᠭᠡ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ | ᠶᠠᠪᠤᠭᠰᠠᠨ ᠪᠢᠯᠡ᠃ | |