ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠨᠡᠶᠢᠭᠡᠮ ᠲᠣᠭᠤᠷᠢᠭ ᠢ ᠬᠤᠲᠠ ᠶᠢᠨ ᠦᠨᠳᠦᠰᠦᠲᠡᠨ ᠤ ᠠᠵᠢᠯ ᠤᠨ ᠬᠦᠴᠦᠯᠡᠬᠦ ᠴᠡᠭ ᠪᠣᠯᠭᠠᠬᠤ ᠶᠢ | ᠪᠠᠷᠢᠮᠲᠠᠯᠠᠵᠤ᠂ ︽1515︾ ᠬᠤᠲᠠ ᠶᠢᠨ ᠦᠨᠳᠦᠰᠦᠲᠡᠨ ᠤ ᠠᠵᠢᠯ ᠤᠨ ᠨᠠᠷᠠᠲᠤ ᠱᠣᠰᠢᠭ᠎ᠠ ᠶᠢ ᠪᠥᠬᠦ ᠬᠤᠲᠠ ᠳᠤ ᠲᠡᠷᠢᠭᠦᠯᠡᠨ ᠪᠣᠶ ᠪᠣᠯᠭᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠵᠢᠯ ᠣᠯᠭᠤᠵᠤ ᠡᠷᠦᠬᠡ ᠠᠮᠠ ᠣᠷᠣᠭᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ 15 ᠵᠦᠢᠯ ᠤᠨ ᠠᠷᠠᠳ ᠲᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠵᠤ᠂ 111 ᠨᠡᠶᠢᠭᠡᠮ ᠲᠣᠭᠤᠷᠢᠭ ᠲᠤ ᠪᠦᠬᠦᠨ ᠢ | ᠬᠠᠮᠤᠷᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠪᠠᠷ ᠤᠳᠤᠷᠢᠳᠤᠮᠵᠢ ᠪᠣᠯᠭᠠᠵᠤ᠂ ᠨᠡᠶᠢᠭᠡᠮ | ᠲᠣᠭᠤᠷᠢᠭ ᠲᠤ ᠠᠨᠠᠷ ᠤᠨ ᠦᠷ᠎ᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ᠂ ᠬᠤᠣᠰ ᠬᠡᠯᠡᠨ ᠤ ᠠᠰᠠᠭᠤᠨ ᠯᠠᠪᠯᠠᠬᠤ ᠲᠠᠪᠴᠠᠩ᠂ ᠲᠣᠭᠤᠷᠢᠭ ᠤᠨ ᠲᠤᠰ | ᠱᠠᠲᠤᠨ ᠤ ︽ᠶᠡᠷᠦᠩᠬᠡᠶᠢᠯᠡᠭᠰᠡᠨ ᠴᠣᠩᠬᠤᠪᠴᠢ︾ ᠪᠠᠷ ᠰᠢᠭᠤᠳ ᠬᠤᠪᠢᠶᠠᠬᠤ ᠴᠡᠭ ᠵᠡᠷᠭᠡ ᠶᠢ ᠲᠣᠬᠢᠷᠠᠭᠤᠯᠵᠤ᠂ 15 ᠮᠢᠨᠦ᠋ᠲ ᠤᠨ ᠬᠤᠭᠤᠯᠠ ᠤᠮᠳᠠ᠂ | ᠨᠠᠰᠤᠵᠢᠯ ᠤᠨ ᠠᠰᠠᠷᠠᠮᠵᠢ᠂ ᠰᠢᠯᠢᠳᠡᠭ ᠣᠷᠣᠨ ᠰᠠᠭᠤᠴᠠ ᠶᠢᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠥᠨᠳᠥᠷ ᠨᠠᠰᠤᠲᠠᠢ᠂ ᠭᠠᠭᠴᠠᠭᠠᠷ ᠰᠠᠭᠤᠭ᠎ᠠ᠂ ᠬᠦᠴᠢᠷᠳᠡᠯᠲᠡᠢ ᠰᠠᠭᠤᠭᠠᠯᠢ ᠠᠷᠠᠳ ᠲᠤ ᠴᠢᠨᠠᠷ ᠰᠠᠶᠢᠲᠠᠢ | ᠦᠢᠯᠡᠴᠢᠯᠡᠭᠡ ᠬᠠᠩᠭᠠᠵᠤ ᠪᠠᠶᠢᠨ᠎ᠠ᠃ |