︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠤᠯ ᠬᠤᠲᠠ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ | ᠲᠥᠯᠥᠪᠵᠢᠭᠦᠯᠭᠡ︾ ᠶᠢ ᠨᠠᠶᠢᠷᠠᠭᠤᠯᠤᠨ ᠳᠠᠭᠤᠰᠬᠠᠵᠤ᠂ ᠬᠤᠲᠠ ᠪᠠᠯᠭᠠᠰᠤᠨ ᠤ ᠬᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 7 ᠬᠡᠷᠡᠭᠵᠢᠭᠦᠯᠵᠦ᠂ ᠵᠠᠮ ᠤᠨ ᠲᠣᠤᠷ᠂ ᠪᠣᠷᠣᠭᠠᠨ ᠤ ᠣᠰᠣᠨ ᠤ ᠭᠠᠳᠠᠭᠰᠢᠯᠠᠭᠤᠯᠤᠯᠲᠠ᠂ ᠳᠤᠯᠠᠭᠠᠯᠠᠭ᠎ᠠ | ᠬᠠᠩᠭᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ | ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠨᠣᠭᠤᠭᠠᠷᠠᠭᠤᠯᠤᠯᠲᠠ ᠶᠢ ᠨᠥᠬᠦᠪᠥᠷᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠬᠤᠲᠠ ᠶᠢᠨ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ 684.25 ᠾᠧᠺᠲ᠋ᠠᠷ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 40.36%᠂ | ᠨᠣᠭᠤᠭᠠᠷᠠᠭᠤᠯᠤᠯᠲᠠ ᠶᠢᠨ ᠨᠤᠷᠮ᠎ᠠ 36.36% ᠪᠣᠯᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠪᠠᠶᠢᠭᠤᠯᠤᠭᠰᠠᠨ ᠲᠠᠯᠠᠪᠠᠶ ᠨᠢ 15.3 ᠲᠦᠮᠡᠨ ᠲᠡᠭᠰᠢ ᠳᠥᠷᠪᠡᠯᠵᠢᠨ ᠮᠧᠲᠷ᠂ ᠪᠦᠬᠦ ᠵᠢᠯ ᠳᠤ 1319 ᠢᠵᠢ ᠲᠠᠸᠠᠷ ᠤᠨ ᠭᠡᠷ ᠪᠠᠶᠢᠰᠢᠩ ᠬᠤᠳᠠᠯᠳᠤᠵᠤ᠂ | ᠪᠣᠷᠣᠯᠠᠭᠤᠯᠤᠭᠰᠠᠨ ᠲᠠᠯᠠᠪᠠᠶ ᠨᠢ 14.64 ᠲᠦᠮᠡᠨ ᠲᠡᠭᠰᠢ ᠳᠥᠷᠪᠡᠯᠵᠢᠨ ᠮᠧᠲᠷ ᠪᠣᠯᠪᠠ᠃ 13 ᠬᠠᠭᠤᠴᠢᠨ ᠬᠤᠷᠤᠭ᠎ᠠ ᠶᠢ ᠥᠭᠡᠷᠡᠴᠢᠯᠡᠨ ᠪᠠᠶᠢᠭᠤᠯᠵᠤ᠂ 1445 | ᠡᠷᠦᠬᠡ ᠳᠤ ᠠᠰᠢᠭ ᠬᠦᠷᠲᠡᠭᠡᠪᠡ᠃ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ | ᠦᠵᠡᠭᠦᠯᠬᠦ ᠵᠡᠭᠡᠯᠢ ᠶᠢᠨ ᠬᠤᠲᠠ ᠶᠢᠨ ᠬᠠᠮᠢᠶᠠᠷᠤᠯᠲᠠ ᠶᠢᠨ ᠭᠤᠤᠯ ᠰᠡᠳᠦᠪᠲᠦ ᠰᠣᠶᠣᠯ ᠤᠨ ᠠᠭᠤᠳᠠᠮ ᠲᠠᠯᠠᠪᠠᠢ ᠶᠢ ᠪᠠᠶᠢᠭᠤᠯᠵᠤ᠂ ︽ᠬᠤᠲᠠ ᠶᠢᠨ | ᠬᠠᠮᠢᠶᠠᠷᠤᠯᠲᠠ ᠶᠢᠨ ᠰᠤᠷᠤᠭᠴᠢᠳ ᠤᠨ ᠠᠮᠤᠷ ᠢ ᠬᠠᠮᠠᠭᠠᠯᠠᠬᠤ ᠠᠵᠢᠯ ᠤᠨ ᠪᠠᠶᠢᠷᠢ︾ ᠶᠢ ᠲᠣᠬᠢᠷᠠᠭᠤᠯᠵᠤ᠂ ︽ᠬᠤᠲᠠ ᠶᠢᠨ ᠬᠠᠮᠢᠶᠠᠷᠤᠯᠲᠠ ᠶᠢᠨ ᠨᠡᠶᠢᠭᠡᠮ | ᠲᠣᠭᠤᠷᠢᠭ ᠤᠨ ᠠᠵᠢᠯ ᠤᠨ ᠥᠷᠲᠡᠭᠡ︾ ᠶᠢ ᠪᠠᠶᠢᠭᠤᠯᠵᠤ᠂ ᠬᠤᠲᠠ ᠶᠢᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ |