ᠬᠤᠷᠴᠢᠨ ᠲᠣᠭᠤᠷᠢᠭ᠄ ᠤᠨᠤᠯ ᠢᠶᠠᠷ ᠵᠡᠪᠰᠡᠭᠯᠡᠬᠦ ᠶᠢ ᠴᠢᠩᠭ᠎ᠠ ᠠᠳᠬᠤᠨ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/8
      ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠲᠣᠭᠲᠠᠴᠠ ᠪᠠᠶᠢᠭᠤᠯᠵᠤ᠂ ᠪᠠᠲᠤᠯᠠᠭ᠎ᠠ ᠶᠢ ᠴᠢᠩᠭᠠᠳᠬᠠᠵᠤ᠂ ᠵᠠᠩᠭᠢᠯᠠᠭ᠎ᠠ ᠶᠢ ᠠᠳᠬᠤᠵᠤ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠰᠢᠨ᠎ᠡ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠢᠷᠭᠡᠨᠴᠢᠯᠡᠯᠲᠡ᠂ ᠬᠢᠯᠪᠠᠷᠴᠢᠯᠠᠬᠤ᠂ ᠣᠨᠴᠠᠯᠢᠭᠵᠢᠭᠤᠯᠬᠤ᠂ ᠪᠠᠶᠢᠩᠭᠤᠵᠢᠭᠤᠯᠬᠤ ᠶᠢ ᠲᠦᠷᠭᠡᠳᠬᠡᠨ ᠠᠬᠢᠭᠤᠯᠵᠤ᠂ ᠤᠬᠠᠭᠤᠯᠤᠨ ᠲᠠᠶᠢᠯᠪᠤᠷᠢᠯᠠᠬᠤ ᠰᠣᠳᠣᠨ ᠬᠢᠴᠢᠶᠡᠯ ᠭᠠᠷᠭᠠᠵᠤ᠂ ᠤᠯᠠᠨ ᠲᠦᠮᠡᠨ ᠤ ᠳᠡᠷᠭᠡᠳᠡ ᠬᠦᠷᠭᠡᠪᠡ᠃ ᠡᠭᠦᠨ ᠤ ᠬᠠᠮᠲᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠪᠠᠯᠭᠠᠰᠤ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠢ ᠬᠢᠨᠠᠨ ᠵᠢᠯᠣᠭᠤᠳᠴᠤ ᠪᠠᠶᠢᠴᠠᠭᠠᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠳᠦᠷᠰᠦ ᠪᠠᠶᠢᠳᠠᠯ᠂ ᠪᠣᠯᠪᠠᠰᠤᠨ ᠬᠤᠳᠠ ᠶᠢᠨ ᠦᠷ᠎ᠡ ᠪᠦᠲᠦᠮᠵᠢ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ