ᠨᠠᠢᠮᠠᠨ ᠬᠤᠰᠢᠭᠤ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/1/8
   ᠣᠶᠢᠷ᠎ᠠ ᠶᠢᠨ ᠵᠢᠯ ᠠᠴᠠ ᠨᠠᠭᠠᠰᠢ᠂ ᠨᠠᠢᠮᠠᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠭᠤᠷᠪᠠ ᠶᠢ ᠴᠢᠩᠭᠠᠳᠬᠠᠬᠤ︾ ᠪᠠᠷ ᠳᠠᠮᠵᠢᠨ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠲᠠᠨᠢᠯᠲᠠ︾ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠡᠭᠦᠳᠴᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃  ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠪᠠ᠃ ᠰᠦᠯᠵᠢᠶᠡᠨ ᠳᠡᠭᠡᠷ᠎ᠡ ︽ᠠᠮᠢᠵᠢᠷᠠᠯ ᠤᠨ ᠬᠦᠴᠦᠨ ᠪᠦᠬᠦᠢ ᠨᠠᠢᠮᠠᠨ︾ APP ᠳᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢᠨ ᠲᠤᠰᠬᠠᠢ ᠪᠤᠯᠤᠩ ᠨᠡᠭᠡᠭᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠢ ᠲᠤᠰᠬᠠᠢ ᠪᠤᠯᠤᠩ ᠨᠡᠭᠡᠭᠡᠬᠦ᠂ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠲᠠᠷᠬᠠᠭᠠᠬᠤ᠂ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠲᠠᠷᠬᠠᠭᠠᠬᠤ ᠵᠡᠷᠭᠡ ᠭᠡᠯᠪᠡᠷᠢ ᠪᠠᠷ ᠳᠠᠮᠵᠢᠨ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ 1400 ᠭᠠᠷᠤᠢ ᠵᠤᠷᠪᠤᠰ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠶᠢᠴᠢᠯᠡᠨ ᠤᠬᠠᠮᠰᠠᠷ ᠠᠴᠠ ᠪᠠᠨ ᠬᠠᠤᠯᠢ ᠶᠢ ᠮᠡᠳᠡᠵᠦ᠂ ᠬᠠᠤᠯᠢ ᠶᠢ ᠣᠶᠢᠯᠠᠭᠠᠵᠤ᠂ ᠬᠠᠤᠯᠢ ᠶᠢ ᠰᠤᠷᠴᠤ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠪᠡ᠃ ᠰᠦᠯᠵᠢᠶᠡᠨ ᠠᠴᠠ ᠭᠠᠳᠠᠨ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠭᠤᠯᠵᠤ᠂ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠬᠢᠴᠢᠶᠡᠯ ᠳᠤ ᠣᠷᠣᠭᠤᠯᠪᠠ᠃ ᠵᠢᠯ ᠤᠨ ᠡᠬᠢᠨ ᠠᠴᠠ ᠨᠠᠭᠠᠰᠢ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ 2 ᠤᠳᠠᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠶᠢ 1 ᠤᠳᠠᠭ᠎ᠠ ᠥᠷᠨᠢᠭᠦᠯᠵᠦ᠂ ︽ᠳᠥᠷᠪᠡᠨ ᠣᠨᠴᠠᠭᠠᠶ︾ ᠺᠠᠳ᠋ᠷ ᠵᠡᠷᠭᠡ ᠭᠤᠣᠯ ᠰᠡᠳᠦᠪᠲᠦ ᠪᠣᠯᠪᠠᠰᠤᠷᠠᠯ ᠢ 17 ᠬᠤᠭᠤᠴᠠᠭ᠎ᠠ ᠥᠷᠨᠢᠭᠦᠯᠪᠡ᠃ ︽ᠨᠢᠭᠡ ᠭᠠᠷᠠᠭ ᠬᠤᠶᠠᠷ ᠰᠠᠷ᠎ᠠ︾᠂︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠲᠤ ᠲᠦᠰᠢᠭᠯᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠷᠢᠰ ᠲᠤᠰᠬᠠᠢ ᠰᠡᠳᠦᠪᠲᠦ ᠠᠵᠢᠯᠯᠠᠭ᠎ᠠ ᠶᠢ 500 ᠭᠠᠷᠤᠢ ᠲᠠᠯᠠᠪᠠᠢ ᠡᠷᠭᠢᠯᠡᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠢ ᠶᠢᠨ ᠠᠵᠢᠯᠲᠠᠨ ᠠᠵᠢᠯᠴᠢᠨ᠂ ᠦᠨᠳᠦᠰᠦᠨ ᠱᠠᠲᠤᠨ ᠤ ᠤᠯᠠᠨ ᠲᠦᠮᠡᠨ ᠳᠤ ᠬᠠᠨᠳᠤᠭᠤᠯᠤᠨ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ 400 ᠭᠠᠷᠤᠢ ᠲᠠᠯᠠᠪᠠᠢ ᠥᠷᠨᠢᠭᠦᠯᠵᠦ᠂ ᠤᠬᠠᠭᠤᠯᠭ᠎ᠠ ᠶᠢᠨ ᠪᠣᠳᠠᠰ ᠢ 10000 ᠬᠤᠪᠢ᠂ ᠤᠬᠠᠭᠤᠯᠭ᠎ᠠ ᠶᠢᠨ ᠮᠠᠲ᠋ᠧᠷᠢᠶᠠᠯ ᠢ 50000 ᠬᠤᠪᠢ ᠦᠢᠯᠡᠳᠦᠨ ᠲᠠᠷᠬᠠᠭᠠᠪᠠ᠃ ᠭᠤᠣᠯ ᠵᠠᠮ᠂ ᠤᠯᠠᠨ ᠨᠡᠶᠢᠲᠡ ᠶᠢᠨ ᠲᠠᠯᠠᠪᠤᠷ ᠲᠤ ᠵᠠᠮ ᠤᠨ ᠲᠤᠭ ᠢ 300 ᠭᠠᠷᠤᠢ ᠬᠤᠪᠢ᠂ ᠡᠯᠭᠦᠭᠡ ᠪᠢᠴᠢᠭᠡᠰᠦ ᠶᠢ 100 ᠭᠠᠷᠤᠢ ᠵᠤᠷᠪᠤᠰ ᠡᠯᠭᠦᠵᠦ᠂ ᠤᠬᠠᠭᠤᠯᠭ᠎ᠠ ᠶᠢᠨ ᠫᠠᠶᠢᠰᠠ ᠶᠢ 50 ᠭᠠᠷᠤᠢ ᠬᠡᠰᠡᠭ ᠲᠣᠬᠢᠷᠠᠭᠤᠯᠵᠤ᠂ LED ᠳᠡᠯᠭᠡᠴᠡ ᠶᠢ ᠠᠰᠢᠭᠯᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠦᠷᠭᠦᠯᠵᠢᠯᠡᠨ ᠨᠠᠪᠲᠠᠷᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠤᠯᠠᠨ ᠬᠠᠷᠠᠭᠠᠰᠤ ᠭᠦᠨ ᠳᠠᠪᠬᠤᠷᠭ᠎ᠠ ᠪᠠᠷ ᠣᠶᠢᠯᠠᠭᠠᠭᠤᠯᠵᠠᠢ᠃  ᠨᠡᠶᠢᠭᠡᠮ ᠤᠨ ᠵᠠᠰᠠᠯᠲᠠ ᠶᠢ ᠬᠠᠤᠯᠢᠵᠢᠭᠤᠯᠪᠠ᠃ ︽ᠹᠧᠩ ᠴᠢᠶᠤᠤ ᠶᠢᠨ ᠲᠤᠷᠰᠢᠯᠭ᠎ᠠ︾ ᠶᠢᠨ ᠨᠠᠢᠮᠠᠨ ᠤ ᠬᠡᠪᠯᠡᠯ ᠢ ᠡᠭᠦᠳᠴᠦ᠂ ︽ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠳᠠᠭᠢᠨ ᠵᠥᠪᠯᠡᠬᠦ ᠠᠵᠢᠯ ᠤᠨ ᠳᠦᠷᠢᠮ︾ ᠢ ᠲᠡᠭᠦᠯᠳᠡᠷᠵᠢᠭᠦᠯᠦᠨ ᠨᠡᠶᠢᠲᠡᠯᠡᠵᠦ᠂ ︽ᠲᠠᠰᠤᠯᠬᠤ ᠪᠠᠷ ᠭᠤᠣᠯ ᠪᠤᠯᠭᠠᠬᠤ︾ ᠶᠢ ︽ᠲᠡᠰᠦᠯᠦᠨ ᠲᠣᠬᠢᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠪᠡ᠃ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠥᠪ ᠢ ᠪᠠᠶᠢᠭᠤᠯᠵᠤ᠂ ︽3+1︾ ᠠᠵᠢᠯ ᠤᠨ ᠵᠠᠭᠪᠤᠷ ᠢ ᠬᠡᠷᠡᠭᠵᠢᠭᠦᠯᠪᠡ᠂ ᠲᠤᠬᠠᠶᠢᠯᠠᠪᠠᠯ ᠵᠠᠰᠠᠭ ᠵᠠᠬᠢᠷᠭᠠᠨ ᠤ ᠡᠶᠡᠳᠡᠭᠦᠯᠭᠡ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠡᠶᠡᠳᠡᠭᠦᠯᠭᠡ᠂ ᠵᠠᠰᠠᠭ ᠵᠠᠬᠢᠷᠭᠠᠨ ᠤ ᠵᠠᠷᠭᠤ ᠶᠢᠨ ᠡᠶᠡᠳᠡᠭᠦᠯᠭᠡ + ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠬᠢᠨᠠᠯᠲᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠪᠠᠬᠢᠯᠡᠯᠲᠡ ᠶᠢ ᠡᠪᠳᠡᠪᠡ᠃ ᠡᠭᠦᠨ ᠤ ᠬᠠᠮᠲᠤ᠂ ᠲᠤᠰᠬᠠᠢ ᠲᠤᠰᠢᠶᠠᠯᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠶᠢ ᠲᠣᠬᠢᠷᠠᠭᠤᠯᠵᠤ᠂ 12 ᠬᠠᠤᠯᠢ ᠴᠠᠭᠠᠵᠠ ᠶᠢᠨ ᠭᠠᠵᠠᠷ ᠠᠴᠠ ᠲᠣᠰ ᠲᠣᠰ 1 ᠨᠡᠶᠢᠭᠡᠮ ᠤᠨ ᠬᠠᠤᠯᠢᠴᠢ ᠶᠢ ᠡᠭᠡᠯᠵᠢᠯᠡᠨ ᠵᠢᠵᠢᠭᠦᠷᠯᠡᠭᠦᠯᠵᠦ᠂ 2022 ᠣᠨ ᠠᠴᠠ ᠨᠠᠭᠠᠰᠢ᠂ 400 ᠭᠠᠷᠤᠢ ᠬᠥᠮᠥᠨ ᠤᠳᠠᠭ᠎ᠠ ᠶᠢᠨ ᠰᠣᠷᠪᠤᠯᠵᠢᠯᠠᠭ᠎ᠠ ᠶᠢ ᠭᠥᠯᠢᠶᠡᠨ ᠠᠪᠴᠤ᠂ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠠᠢ ᠬᠠᠮᠵᠢᠯᠴᠠᠨ 100 ᠭᠠᠷᠤᠢ ᠬᠦᠴᠢᠷ ᠲᠦᠪᠡᠭᠲᠡᠢ ᠪᠤᠳᠤᠯᠢᠶᠠᠨᠲᠠᠢ ᠬᠡᠷᠡᠭ ᠢ ᠲᠦᠷᠦᠭᠦᠯᠡᠨ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠲᠤᠶᠢᠯ ᠤᠨ ᠶᠡᠭᠡ ᠪᠠᠷ ᠬᠠᠮᠠᠭᠠᠯᠠᠭᠰᠠᠨ ᠪᠠᠶᠢᠨ᠎ᠠ᠃   ᠬᠠᠤᠯᠢ ᠴᠠᠭᠠᠵᠠ ᠶᠢᠨ ᠮᠡᠷᠭᠡᠨ ᠬᠥᠮᠥᠨ ᠪᠠ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠭᠦ ᠡᠷᠦᠭᠡ ᠳᠤ ᠵᠢᠱᠢᠶᠡᠴᠢ ᠶᠢ ᠬᠥᠮᠥᠵᠢᠭᠦᠯᠬᠦ ᠠᠵᠢᠯ ᠢ ᠥᠷᠨᠢᠭᠦᠯᠵᠦ᠂ ᠪᠦᠭᠦ ᠬᠤᠲᠠ ᠶᠢᠨ ︽ᠬᠠᠤᠯᠢ ᠴᠠᠭᠠᠵᠠ ᠶᠢᠨ ᠰᠣᠳᠣᠨ ᠡᠮᠡᠭᠲᠡᠶᠢᠴᠦᠳ︾ ᠢ 10 ᠨᠡᠷᠡᠰ ᠲᠣᠳᠣᠷᠠᠭᠤᠯᠪᠠ᠃ ᠪᠦᠭᠦ ᠬᠤᠰᠢᠭᠤᠨ ᠤ 49 ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠢ 60 ᠨᠡᠷᠡᠰ ᠤᠷᠢᠨ ᠲᠣᠮᠢᠯᠠᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ 98 ᠲᠠᠯᠡᠪᠡᠢ ᠡᠷᠭᠢᠯᠡᠪᠡ᠃ ᠬᠠᠤᠯᠢ ᠴᠠᠭᠠᠵᠠ ᠶᠢ ᠲᠦᠭᠡᠮᠡᠯᠵᠢᠭᠦᠯᠬᠦ 15 ᠭᠤᠣᠯ ᠰᠡᠳᠦᠪᠲᠦ ᠠᠵᠢᠯᠯᠠᠭ᠎ᠠ ᠶᠢ 135 ᠲᠠᠯᠡᠪᠡᠢ ᠤᠳᠠᠭ᠎ᠠ ᠥᠷᠨᠢᠭᠦᠯᠵᠦ᠂ 3.5 ᠲᠦᠮᠡᠨ ᠬᠤᠪᠢ ᠮᠠᠲ᠋ᠧᠷᠢᠶᠠᠯ ᠲᠠᠷᠬᠠᠭᠠᠵᠤ᠂ ᠭᠥᠯᠢᠶᠡᠨ ᠠᠪᠤᠭᠴᠢᠳ 8 ᠲᠦᠮᠡᠨ ᠬᠥᠮᠥᠨ ᠤᠳᠠᠭ᠎ᠠ ᠳᠤ ᠭᠦᠷᠪᠡ᠃ ᠤᠯᠠᠭᠠᠨᠮᠥ᠋ᠴᠢᠷ ᠤᠨ ᠬᠢᠨ ᠬᠥᠳᠡᠭᠡ ᠪᠠᠭᠤᠵᠤ ᠬᠠᠤᠯᠢᠵᠢᠯ ᠤᠨ ᠲᠤᠬᠯᠡᠯᠳᠡ ᠶᠢ 27 ᠲᠠᠯᠠᠪᠠᠢ ᠤᠳᠠᠭ᠎ᠠ ᠥᠷᠨᠢᠭᠦᠯᠪᠡ᠃  ᠵᠥᠷᠢᠴᠡᠯ ᠵᠢᠭᠤᠷᠠᠯᠳᠤᠭᠠᠨ ᠢ ᠬᠤᠯᠪᠤᠭᠠᠯᠠᠨ ᠨᠠᠮᠳᠠᠭᠤᠯᠪᠠ᠃ ︽ᠪᠦᠭᠦ ᠬᠤᠰᠢᠭᠤᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠲᠥᠰᠥᠯ︾᠂ ︽ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠥᠰᠥᠯ︾ ᠢ ᠲᠣᠭᠲᠠᠭᠠᠨ ᠲᠡᠭᠦᠯᠳᠡᠷᠵᠢᠭᠦᠯᠵᠦ᠂ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠦᠨᠳᠦᠰᠦᠲᠡᠨ ᠤ ᠠᠵᠢᠯ ᠤᠨ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠤ ᠬᠦᠷᠢᠶ᠎ᠡ ᠴᠠᠷᠠᠭ᠎ᠠ ᠶᠢᠨ ᠠᠶᠤᠯ ᠲᠦᠭᠰᠢᠭᠦᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠦᠨᠳᠦᠰᠦᠲᠡᠨ ᠤ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠲᠣᠭᠲᠠᠭᠤᠨ ᠢ ᠦᠨᠡᠨ ᠬᠦ ᠬᠠᠮᠠᠭᠠᠯᠠᠪᠠ᠃ ︽ᠪᠠᠶᠢᠳᠠᠯ ᠲᠣᠬᠢᠷᠠᠭᠤᠯᠤᠯᠲᠠ ᠬᠡᠷᠡᠭᠵᠢᠭᠦᠯᠦᠯᠲᠡ︾ ᠶᠢ ᠨᠢᠭᠡ ᠴᠣᠭᠴᠠᠵᠢᠭᠤᠯᠤᠭᠰᠠᠨ ᠶᠡᠷᠦᠩᠬᠡᠢ ᠠᠵᠢᠯᠯᠠᠭᠠᠨ ᠤ ᠲᠥᠪ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠣᠯᠠᠨ ᠡᠰᠢᠵᠢᠭᠰᠡᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ︽ᠹᠧᠩ ᠴᠢᠶᠤᠤ ᠮᠠᠶ᠋ᠢᠭ︾ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠢᠨᠵᠧᠨᠧᠷᠢᠩ ᠢ ᠪᠦᠭᠦ ᠬᠦᠴᠦᠨ ᠢᠶᠠᠷ ᠴᠣᠭᠴᠠᠯᠠᠨ ᠪᠠᠶᠢᠭᠤᠯᠪᠠ᠃ ᠨᠠᠢᠮᠠᠨ ᠬᠤᠰᠢᠭᠤᠨ ᠤ ᠴᠠᠭᠳᠠᠭ᠎ᠠ ᠶᠢ ᠬᠦᠷᠢᠶᠡᠯᠡᠬᠦ ᠨᠡᠶᠢᠭᠡᠮᠯᠢᠭ᠂ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠢ ᠪᠠᠶᠢᠭᠤᠯᠪᠠ᠃ ︽ ᠶᠢᠨ ᠱᠠ ᠵᠢᠷᠤᠮ ᠤᠨ ᠴᠠᠭᠳᠠᠭ᠎ᠠ︾᠂ ︽ᠳ᠋ᠦᠩ ᠮᠢᠩ ᠵᠢᠷᠤᠮ ᠤᠨ ᠴᠠᠭᠳᠠᠭ᠎ᠠ︾᠂ ︽ᠬᠤᠶᠠᠷ ᠠᠩᠭᠢ ᠨᠢᠭᠡ ᠲᠠᠰᠤᠯᠭ᠎ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠢ ᠬᠡᠷᠡᠭᠵᠢᠭᠦᠯᠵᠦ᠂ ᠡᠯ᠎ᠡ ᠲᠦᠷᠦᠯ ᠤᠨ ᠴᠠᠭᠳᠠᠭᠠᠨ ᠤ ᠶᠠᠪᠤᠳᠠᠯ ᠤᠨ ᠬᠠᠮᠲᠤ ᠶᠢᠨ ᠴᠣᠭᠴᠠ ᠶᠢ 1000 ᠭᠠᠷᠤᠢ ᠪᠠᠶᠢᠭᠤᠯᠪᠠ᠃ ᠡᠯ᠎ᠡ ᠲᠣᠮᠢᠯᠠᠭᠰᠠᠨ ᠰᠠᠯᠪᠤᠷᠢ ᠳᠤ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠨᠡᠷ᠎ᠡ ᠪᠠᠷ ᠨᠡᠷᠡᠶᠢᠳᠦᠭᠰᠡᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠣᠯᠠᠨ ᠡᠰᠢᠵᠢᠭᠰᠡᠨ ᠲᠠᠰᠤᠭ ᠢ ᠡᠭᠦᠳᠴᠦ᠂ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠᠷ ᠳᠠᠮᠵᠢᠨ᠂ ︽1+3+N︾ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠯᠡᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ︽ᠣᠯᠠᠨ ᠡᠰᠢᠵᠢᠯᠡᠨ ᠣᠷᠤᠯᠴᠠᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠠᠵᠢᠯ ᠲᠥᠷᠥᠯ ᠠᠯᠤᠰᠯᠠᠨ ᠬᠠᠮᠲᠤᠷᠠᠯᠴᠠᠬᠤ︾ ᠶᠢ ᠪᠡᠶᠡᠯᠡᠭᠦᠯᠵᠦ᠂ ︽ᠨᠢᠭᠡ ᠭᠠᠵᠠᠷ  ᠲᠤ ᠨᠢᠭᠡ ᠣᠨᠴᠠᠯᠢᠭᠲᠤ︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ