ᠰᠤᠷᠪᠤᠯᠵᠢᠯᠠᠬᠴᠢ ᠭᠦᠸᠧ ᠰᠢᠶᠣᠣ ᠯᠢᠩ ᠸᠠᠩ ᠴᠧᠨ ᠰᠢ | 1 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ᠊·ᠳᠠᠯᠠᠨᠲᠠᠢ ᠡᠪᠦᠯ ᠤᠨ ᠤᠯᠠᠷᠢᠯ ᠤᠨ ᠮᠥᠰᠥ | ᠴᠠᠰᠤᠨ ᠤ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ | ᠣᠷᠣᠯᠴᠠᠵᠠᠢ᠃ | | | | | | ᠴᠢ᠊·ᠳᠠᠯᠠᠨᠲᠠᠢ ᠨᠠᠷ ᠤᠷᠢᠳ ᠬᠤᠵᠢᠳ ︽ᠪᠠᠷᠠᠭᠤᠨ ᠯᠢᠶᠣᠤ ᠾᠧ ᠭᠤᠣᠯ ᠤᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠶᠡᠭᠡ ᠶᠢᠷᠲᠢᠨᠴᠦ︾᠂ | ︽ᠡᠭᠴᠡ ᠨᠢᠰᠬᠡᠯ ᠢᠶᠠᠷ ᠪᠠᠷᠠᠭᠤᠨ ᠯᠢᠶᠣᠤ ᠾᠧ ᠭᠤᠣᠯ ᠢᠶᠠᠷ ᠵᠤᠭᠠᠴᠠᠬᠤ︾ ᠲᠤᠬᠠᠢ ᠶᠢᠨ ᠲᠠᠯᠠᠪᠠᠢ ᠪᠣᠯᠣᠨ ᠶᠤᠸᠠᠢ ᠯᠠᠢ ᠾᠧ ᠰᠣᠶᠣᠯ ᠵᠢᠭᠤᠯᠴᠢᠯᠠᠯ ᠤᠨ ᠵᠡᠭᠡᠯᠢ | ᠲᠣᠭᠤᠷᠢᠭ ᠲᠤ ᠬᠦᠷᠴᠦ᠂ ᠦᠵᠡᠮᠵᠢ ᠶᠢᠨ ᠣᠷᠣᠨ ᠤ ᠡᠵᠡᠩᠨᠡᠯᠲᠡ᠂ ᠠᠵᠢᠯᠯᠠᠭ᠎ᠠ ᠶᠢᠨ ᠲᠥᠰᠥᠪᠯᠡᠯ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ︽ᠮᠥᠰᠥ ᠴᠠᠰᠤᠨ ᠤ ᠬᠠᠯᠠᠭᠤᠷᠠᠯ︾ ᠤᠨ ᠠᠵᠠ ᠲᠣᠭᠢᠶᠠᠯ ᠢ ᠠᠮᠵᠢᠵᠤ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠲᠦᠩᠯᠢᠶᠣᠣ ᠶᠢᠨ ᠤᠮᠠᠷᠠᠲᠤ ᠬᠢᠯᠢ ᠶᠢᠨ ᠣᠨᠴᠠᠯᠢᠭ ᠲᠠᠢ ᠡᠪᠦᠯ ᠤᠨ ᠤᠯᠠᠷᠢᠯ ᠤᠨ | ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠨᠠᠷᠢᠯᠢᠭ ᠲᠥᠯᠥᠪᠵᠢᠭᠦᠯᠦᠨ ᠪᠠᠶᠢᠭᠤᠯᠵᠤ᠂ ᠮᠥᠰᠥ ᠴᠠᠰᠤᠨ ᠤ ᠵᠢᠭᠤᠯᠴᠢᠯᠠᠯ ᠪᠣᠯᠣᠨ ᠰᠡᠯᠡᠭᠦᠴᠡᠯ᠂ | ᠬᠤᠳᠠᠯᠳᠤᠭ᠎ᠠ ᠵᠡᠷᠭᠡ ᠡᠵᠡᠩᠨᠡᠯᠲᠡ ᠶᠢᠨ ᠭᠡᠯᠪᠡᠷᠢ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ | ᠰᠢᠯᠢᠳᠡᠭᠵᠢᠭᠦᠯᠵᠦ᠂ ᠵᠤᠭᠠᠴᠠᠭᠰᠠᠳ ᠤᠨ ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠮᠥᠰᠥ ᠴᠠᠰᠤᠨ ᠤ ᠵᠢᠭᠤᠯᠴᠢᠯᠠᠯ ᠢ ᠬᠡᠷᠡᠭᠯᠡᠭᠡᠨ ᠤ ᠵᠠᠬ᠎ᠠ | ᠳᠡᠯᠭᠡᠭᠦᠷ ᠤᠨ ᠰᠢᠨ᠎ᠡ ᠬᠥᠳᠡᠯᠭᠡᠭᠦᠷ ᠪᠤᠯᠭᠠᠬᠤ ᠬᠡᠷᠡᠭᠲᠡᠢ᠃ ᠦᠢᠯᠡᠴᠢᠯᠡᠭᠡᠨ ᠤ ᠶᠠᠰᠤ ᠴᠢᠨᠠᠷ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠬᠠᠭᠤᠯᠤᠨ | ᠰᠤᠷᠲᠠᠯᠴᠢᠯᠠᠬᠤ ᠲᠠᠯ᠎ᠠ ᠪᠠᠷ ᠰᠦᠷ ᠬᠦᠴᠦᠨ ᠢ ᠪᠠᠳᠠᠷᠠᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠬᠤ ᠬᠤᠳᠠᠯᠳᠤᠨ ᠠᠪᠬᠤ | ᠵᠤᠭ᠎ᠠ ᠴᠡᠩᠭᠡᠯ︾ ᠪᠦᠭᠦ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠶᠠᠩᠵᠤ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠤᠯᠠᠨ ᠣᠷᠣᠨ ᠪᠠᠶᠢᠷᠢ ᠳᠤ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠵᠦ᠂ ᠪᠦᠭᠦ ᠬᠡᠯᠬᠢᠶ᠎ᠡ ᠶᠢᠨ ᠦᠢᠯᠡᠴᠢᠯᠡᠭᠡᠨ ᠤ | ᠶᠠᠰᠤ ᠴᠢᠨᠠᠷ ᠢ ᠰᠢᠯᠢᠳᠡᠭᠵᠢᠭᠦᠯᠵᠦ᠂ ᠰᠡᠳᠬᠢᠯ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠤᠯᠭᠠᠵᠤ᠂ ᠥᠷᠭᠡᠨ ᠤᠯᠠᠨ ᠵᠤᠭᠠᠴᠠᠭᠴᠢ ᠶᠢᠨ | ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ | ᠢᠮᠠᠭᠲᠠ ᠴᠢᠩᠭᠠᠷᠠᠭᠤᠯᠵᠤ᠂ ᠲᠠᠯᠠᠪᠤᠷ ᠤᠨ ᠲᠥᠬᠦᠭᠡᠷᠦᠮᠵᠢ᠂ ᠬᠤᠨᠣᠵᠤ ᠬᠡᠪᠲᠡᠬᠦ ᠬᠤᠭᠤᠯᠠ ᠤᠮᠳᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠥᠷᠭᠡᠨ ᠤᠯᠠᠨ ᠬᠤᠳᠠ ᠶᠢᠨ ᠠᠷᠠᠳ᠂ ᠵᠤᠭᠠᠴᠠᠭᠰᠠᠳ ᠤᠨ ᠮᠥᠰᠥ ᠴᠠᠰᠤᠨ ᠤ ᠠᠵᠢᠯᠯᠠᠭ᠎ᠠ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠢ ᠭᠡᠪᠡ᠃ | |