ᠣᠶᠢᠷ᠎ᠠ ᠶᠢᠨ ᠵᠢᠯ ᠠᠴᠠ ᠨᠠᠭᠠᠰᠢ᠂ ᠨᠠᠢᠮᠠᠨ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠡᠮᠡᠭᠲᠡᠶᠢᠴᠦᠳ ᠤᠨ ᠨᠡᠶᠢᠭᠡᠮ ᠤᠨ ᠦᠢᠯᠡᠴᠢᠯᠡᠭᠡ ᠪᠣᠯᠣᠨ ᠬᠠᠮᠢᠶᠠᠷᠤᠯᠲᠠ ᠳᠤ ᠣᠷᠤᠯᠴᠠᠬᠤ ᠰᠢᠨ᠎ᠡ | ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠳᠤᠷᠠᠶᠢᠯᠭᠠᠪᠠ᠃ 2021 | ᠣᠨ ᠤ 5 ᠰᠠᠷ᠎ᠠ ᠳᠤ ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠤᠷᠢᠳ ᠬᠤᠵᠢᠳ | ᠪᠦᠭᠦ ᠬᠤᠰᠢᠭᠤᠨ ᠤ ᠬᠡᠪᠴᠢᠶᠡᠨ ᠳᠤ ᠡᠮᠡᠭᠲᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ᠂ ᠭᠡᠷ ᠲᠡᠭᠡᠨ ᠬᠤᠴᠣᠷᠤᠭᠰᠠᠨ᠂ ᠵᠡᠮᠳᠡᠭ᠂ ᠣᠷᠤᠭ ᠰᠠᠯᠤᠭᠰᠠᠨ ᠭᠡᠷ | ᠪᠦᠯᠢ ᠶᠢᠨ ᠬᠡᠦᠬᠡᠳ ᠢ ᠬᠤᠣᠰᠯᠠᠨ ᠲᠡᠳᠬᠦᠪᠡ᠃ ᠣᠳᠣᠬᠠᠨ ᠪᠤᠯᠲᠠᠯ᠎ᠠ᠂ ︽ᠨᠠᠮ ᠤᠨ ᠭᠡᠰᠢᠭᠦᠨ ᠡᠵᠢ︾ ᠬᠠᠪᠰᠤᠷᠤᠨ ᠲᠡᠳᠬᠦᠬᠦ ᠪᠦᠯᠭᠦᠮ ᠤᠨ ᠶᠡᠭᠡ ᠠᠩᠭᠢ ᠶᠢ 1᠂ | ᠬᠤᠪᠢᠶᠠᠷᠢ ᠠᠩᠭᠢ ᠶᠢ 41 ᠵᠣᠬᠢᠶᠠᠨ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ 753 ᠬᠤᠣᠰᠯᠠᠨ ᠲᠡᠳᠬᠦᠵᠦ᠂ 648 ᠲᠠᠯᠠᠪᠤᠷ ᠠᠵᠢᠯᠯᠠᠭ᠎ᠠ | ᠥᠷᠨᠢᠭᠦᠯᠵᠦ᠂ 15.3 ᠲᠦᠮᠡ ᠭᠠᠷᠤᠢ ᠲᠥᠭᠦᠷᠢᠭ ᠤᠨ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠡᠪᠠ᠃ | ᠰᠠᠶᠢᠨ ᠳᠤᠷᠠᠴᠤᠤᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ | ᠬᠦᠴᠦᠨ ᠨᠡᠮᠡᠷᠢᠯᠡᠪᠡ᠃ ︽ᠨᠠᠢᠮᠠᠨ ᠬᠤᠰᠢᠭᠤᠨ ᠤ ︿ᠨᠠᠮ ᠤᠨ ᠭᠡᠰᠢᠭᠦᠨ ᠡᠵᠢ﹀ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠲᠥᠰᠥᠯ︾ ᠢ ᠲᠣᠭᠲᠠᠭᠠᠵᠤ᠂ | ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠬᠤᠣᠰᠯᠠᠯ ᠪᠠᠶᠢᠭᠤᠯᠬᠤ ᠱᠠᠭᠠᠷᠳᠠᠯᠭ᠎ᠠ ᠪᠠ ᠦᠢᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠨ᠂ ︽ᠨᠠᠮ ᠤᠨ ᠭᠡᠰᠢᠭᠦᠨ | ᠡᠵᠢ︾ ᠶᠢ ᠵᠢᠭᠠᠨ ᠵᠢᠯᠤᠭᠤᠳᠴᠤ ᠪᠠᠶᠢᠭᠠᠳ ᠲᠣᠰ ᠪᠡᠶ᠎ᠡ ᠶᠢᠨ ᠪᠣᠳᠠᠲᠤ ᠪᠠᠶᠢᠳᠠᠯ ᠪᠠ ᠣᠨᠴᠠ ᠴᠢᠳᠠᠪᠤᠷᠢ ᠶᠢ ᠨᠢ ᠦᠨᠳᠦᠰᠦᠯᠡᠨ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠲᠤ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠪᠠ ᠲᠤᠰᠠᠯᠠᠮᠵᠢ ᠦᠵᠡᠭᠦᠯᠪᠡ᠃ ᠨᠠᠢᠮᠠᠨ ᠬᠤᠰᠢᠭᠤᠨ ᠤ ︽ᠨᠠᠮ ᠤᠨ ᠭᠡᠰᠢᠭᠦᠨ ᠡᠵᠢ︾ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠦᠭᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠯ᠎ᠡ ᠰᠤᠮᠤ | ᠰᠢᠶᠠᠩ ᠪᠠᠯᠭᠠᠰᠤ ︵ᠲᠠᠯᠠᠪᠠᠶ᠂ ᠵᠡᠭᠡᠯᠢ ᠭᠤᠳᠤᠮᠵᠢ︶ ᠶᠢᠨ ᠡᠮᠡᠭᠲᠡᠶᠢᠴᠦᠳ ᠤᠨ ᠬᠤᠯᠪᠤᠭ᠎ᠠ᠂ ᠡᠯ᠎ᠡ ᠬᠤᠰᠢᠭᠤᠨ ᠤ ᠰᠢᠭᠤᠳ ᠬᠠᠷᠢᠶ᠎ᠠ ᠰᠢᠰᠲ᠋ᠧᠮ ᠤᠨ | ᠡᠮᠡᠭᠲᠡᠶᠢᠴᠦᠳ ᠤᠨ ᠵᠥᠪᠯᠡᠯ ᠵᠢᠴᠢ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠲᠤ ᠲᠦᠰᠢᠭᠯᠡᠨ᠂ ︽ᠨᠠᠮ ᠤᠨ ᠭᠡᠰᠢᠭᠦᠨ ᠡᠵᠢ︾ ᠬᠠᠪᠰᠤᠷᠤᠨ ᠲᠡᠳᠬᠦᠬᠦ | ᠪᠦᠯᠭᠦᠮ ᠤᠨ ᠬᠤᠪᠢᠶᠠᠷᠢ ᠠᠩᠭᠢ ᠶᠢ 41 ᠪᠠᠶᠢᠭᠤᠯᠵᠤ᠂ ︽1+41︾ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠴᠡᠭ᠂ ᠱᠤᠭᠤᠮ᠂ ᠨᠢᠭᠤᠷ ᠢ ᠤᠶᠠᠯᠳᠤᠭᠤᠯᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠦᠯᠬᠢᠨ ᠠᠬᠢᠭᠤᠯᠪᠠ᠃ | ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠡᠪ ᠤᠨ | ᠣᠷᠳᠣ ᠬᠤᠭᠤᠴᠠᠭᠠᠲᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ | ᠵᠦᠢᠯ ᠢ ᠡᠬᠢᠯᠡᠭᠦᠯᠦᠭᠰᠡᠨ ᠠᠴᠠ ᠨᠠᠭᠠᠰᠢ᠂ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠢᠮᠠᠭᠲᠠ ᠴᠥᠬᠦᠷᠡᠰᠢ ᠦᠭᠡᠢ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠬᠠᠮᠤᠭ ᠤᠨ ᠰᠢᠨ᠎ᠡ ᠬᠤᠣᠰᠯᠠᠯ ᠪᠠᠶᠢᠭᠤᠯᠤᠭᠰᠠᠨ | ᠲᠤᠭ᠎ᠠ ᠪᠠᠷᠢᠮᠲᠠ ᠵᠢᠴᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠪᠡ᠃ 2024 ᠣᠨ ᠳᠤ᠂ ︽ᠨᠠᠮ ᠤᠨ ᠭᠡᠰᠢᠭᠦᠨ ᠡᠵᠢ︾ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠬᠦᠴᠢᠷᠳᠡᠯ ᠳᠤ ᠲᠤᠯᠭᠠᠷᠠᠭᠰᠠᠨ 10 ᠬᠡᠦᠬᠡᠳ ᠲᠠᠢ ᠰᠢᠨ᠎ᠡ ᠪᠠᠷ ᠬᠤᠣᠰᠯᠠᠯ ᠪᠠᠶᠢᠭᠤᠯᠵᠤ᠂ 34 ᠲᠠᠯᠠᠪᠤᠷ ᠠᠵᠢᠯᠯᠠᠭ᠎ᠠ | ᠥᠷᠨᠢᠭᠦᠯᠵᠦ᠂ 1.8 ᠲᠦᠮᠡ ᠭᠠᠷᠤᠢ ᠲᠥᠭᠦᠷᠢᠭ ᠤᠨ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠡᠵᠤ᠂ ᠬᠠᠷᠢᠶ᠎ᠠ ᠣᠷᠣᠨ ᠤ ᠳᠣᠲᠣᠷᠠᠬᠢ ᠲᠠᠷᠠᠬᠠᠢ ᠰᠠᠭᠤᠵᠤ | ᠪᠠᠶᠢᠭ᠎ᠠ 20 ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 93 ᠬᠡᠦᠬᠡᠳ᠂ ᠭᠡᠷ ᠲᠡᠭᠡᠨ ᠬᠤᠴᠣᠷᠤᠭᠰᠠᠨ 531 ᠬᠡᠦᠬᠡᠳ ᠤᠨ ᠪᠠᠶᠢᠳᠠᠯ ᠢ | ᠬᠢᠨᠠᠨ ᠬᠠᠷᠭᠤᠭᠤᠯᠬᠤ ᠶᠢᠨ ᠬᠠᠮᠲᠤ ᠬᠤᠶᠢᠰᠢᠳᠠ ᠶᠢᠨ ᠬᠤᠣᠰᠯᠠᠯ ᠪᠠᠶᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠪᠡ᠃ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠦᠷ᠎ᠡ ᠪᠦᠲᠦᠮᠵᠢ ᠪᠠᠷ ᠢᠯᠡᠷᠬᠡᠢ᠂ ᠦᠶᠯᠡ ᠠᠵᠢᠯᠯᠠᠭ᠎ᠠ ᠪᠠᠷ ᠲᠣᠪᠣᠶᠢᠮ᠎ᠠ ︽ᠨᠠᠮ ᠤᠨ ᠭᠡᠰᠢᠭᠦᠨ ᠡᠵᠢ︾ ᠵᠢᠴᠢ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ | ᠰᠣᠩᠭᠤᠬᠤ ᠠᠵᠢᠯᠯᠠᠭ᠎ᠠ ᠶᠢᠨ ᠳᠤᠮᠳᠠ ᠤᠷᠢᠳ ᠢᠶᠠᠷ ᠲᠠᠨᠢᠯᠴᠠᠭᠤᠯᠪᠠ᠃ | ᠰᠠᠶᠢᠨ ᠳᠤᠷ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠬᠡᠦᠬᠡᠳ ᠤᠨ ᠪᠠᠴᠢᠮ ᠬᠡᠷᠡᠭᠴᠡᠭᠡ ᠶᠢ ᠦᠨᠡᠨ ᠬᠦ ᠰᠢᠢᠳᠪᠦᠷᠢᠯᠡᠪᠡ᠃ ᠡᠯ᠎ᠡ ︽ᠨᠠᠮ ᠤᠨ | ᠭᠡᠰᠢᠭᠦᠨ ᠡᠵᠢ︾ ᠶᠢᠨ ᠦᠢᠯᠡᠴᠢᠯᠡᠭᠡᠨ ᠤ ᠠᠩᠭᠢ ᠶᠢᠨ ᠬᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠥᠴᠥᠬᠡᠨ ᠬᠦᠰᠡᠯ ᠡᠷᠡᠮᠡᠯᠵᠡᠯ᠂ ᠡᠷᠬᠢᠮ ᠰᠤᠷᠲᠠᠯ ᠢ ᠬᠦᠷᠭᠡᠵᠦ | ᠪᠣᠯᠪᠠᠰᠤᠨ ᠭᠡᠷ ᠤᠨ ᠰᠤᠷᠲᠠᠯ ᠢ ᠤᠯᠠᠮᠵᠢᠯᠠᠬᠤ ᠵᠡᠷᠭᠡ ᠪᠠᠷ ᠭᠤᠣᠯ ᠠᠭᠤᠯᠭ᠎ᠠ ᠪᠤᠯᠭᠠᠬᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠪᠠ᠃ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠴᠡᠭ ᠤᠨ | ᠲᠣᠭᠤᠷᠢᠨ ᠳᠤ ᠲᠥᠪᠯᠡᠷᠡᠭᠦᠯᠦᠨ ᠰᠤᠷᠪᠤᠯᠵᠢᠯᠠᠨ ᠲᠣᠬᠤᠨᠢᠭᠤᠯᠵᠤ᠂ ᠬᠡᠦᠬᠡᠳ ᠲᠠᠢ ᠬᠤᠣᠰᠯᠠᠭᠰᠠᠨ ᠦᠨᠳᠦᠰᠦᠨ ᠪᠠᠶᠢᠳᠠᠯ ᠢ ᠡᠵᠡᠮᠰᠢᠨ᠂ ᠲᠡᠳᠡᠨ ᠤ ᠦᠵᠡᠯ | ᠰᠠᠨᠠᠭᠠᠨ ᠤ ᠬᠥᠳᠡᠯᠦᠩᠭᠦᠢ ᠪᠠᠶᠢᠳᠠᠯ ᠪᠠ ᠪᠣᠳᠠᠲᠠᠢ ᠬᠡᠷᠡᠭᠴᠡᠭᠡ ᠶᠢ ᠣᠶᠢᠯᠠᠭᠠᠵᠤ᠂ ᠥᠴᠥᠬᠡᠨ ᠬᠦᠰᠡᠯ ᠢ ᠬᠠᠩᠭᠠᠬᠤ᠂ ᠪᠠᠭ᠎ᠠ ᠬᠠᠷᠠᠯᠲᠠ ᠶᠢ ᠪᠡᠶᠡᠯᠡᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠡᠦᠬᠡᠳ ᠲᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠭᠦᠷᠲᠡᠭᠡᠪᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠰᠤᠷᠭᠠᠭᠤᠯᠢ ᠳᠤ ᠪᠠᠶᠢᠭ᠎ᠠ ᠢᠯᠡᠷᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠪᠠᠭᠰᠢ ᠪᠠ ᠭᠡᠷ ᠤᠨ ᠠᠬᠠᠮᠠᠳ ᠢ ᠬᠠᠪᠰᠤᠷᠤᠨ ᠬᠡᠦᠬᠡᠳ ᠤᠨ ᠪᠣᠳᠠᠲᠠᠢ | ᠪᠠᠶᠢᠳᠠᠯ ᠳᠤ ᠴᠢᠭᠯᠡᠭᠦᠯᠦᠨ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠤᠯᠭ᠎ᠠ ᠬᠢᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠤᠷᠤᠯᠭ᠎ᠠ ᠶᠢᠨ ᠬᠢᠷᠢ | ᠪᠦᠲᠦᠮᠵᠢ ᠶᠢ ᠳᠡᠭᠡᠭᠰᠢᠯᠡᠭᠦᠯᠪᠡ᠃ ᠰᠡᠳᠭᠢᠯ ᠤᠨ ᠦᠭᠡ ᠪᠠᠨ ᠶᠠᠷᠢᠯᠴᠠᠬᠤ᠂ ᠰᠠᠨᠠᠯ ᠢᠶᠠᠨ ᠰᠣᠯᠢᠯᠴᠠᠬᠤ᠂ ᠬᠠᠷᠢᠯᠴᠠᠨ ᠬᠥᠳᠡᠯᠦᠯᠴᠡᠬᠦ ᠵᠡᠷᠭᠡ ᠭᠡᠯᠪᠡᠷᠢ ᠪᠠᠷ | ᠳᠠᠮᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠭᠠᠴᠢᠭ ᠵᠣᠪᠠᠭᠤᠷᠢ ᠶᠢ ᠨᠢ | ᠲᠣᠬᠤᠨᠢᠭᠤᠯᠬᠤ᠂ ᠭᠡᠷ ᠪᠦᠯᠢ ᠶᠢᠨ ᠬᠠᠷᠢᠴᠠᠭ᠎ᠠ ᠶᠢ ᠵᠣᠬᠢᠴᠠᠭᠤᠯᠬᠤ ᠵᠡᠷᠭᠡ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ | ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠶᠢᠵᠢᠭᠤᠯᠤᠨ ᠰᠣᠩᠭᠤᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ︽ᠨᠠᠮ ᠤᠨ | ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ ᠢ ᠤᠯᠠᠮ ᠨᠢᠭᠡ ᠠᠯᠬᠤᠮ | ᠥᠷᠭᠡᠳᠬᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠳᠤᠮᠳᠠᠬᠢ ᠬᠥᠮᠥᠰ ᠤᠨ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ ᠶᠢ ᠭᠦᠨᠵᠡᠭᠡᠢ | ᠢᠯᠡᠷᠡᠭᠦᠯᠬᠦ ᠶᠢᠨ ᠲᠥᠯᠥᠭᠡ᠂ ᠰᠦᠯᠵᠢᠶᠡᠨ ᠤ ᠲᠠᠪᠴᠠᠩ ᠢ ᠠᠰᠢᠭᠯᠠᠨ ᠨᠡᠶᠢᠲᠡᠯᠢᠭ ᠬᠥᠮᠥᠨ᠂ ᠨᠡᠶᠢᠲᠡᠯᠢᠭ ᠦᠶᠯᠡ ᠠᠵᠢᠯᠯᠠᠭ᠎ᠠ ᠶᠢ ᠲᠤᠰᠬᠠᠢ ᠰᠡᠳᠦᠪ ᠢᠶᠠᠷ ᠮᠡᠳᠡᠭᠡᠯᠡᠵᠦ᠂ | ᠢᠳᠡᠪᠬᠢ ᠬᠦᠴᠦᠨ ᠢ ᠰᠦᠯᠵᠢᠶᠡᠨ ᠳᠡᠭᠡᠷ᠎ᠡ ᠳᠠᠮᠵᠢᠭᠤᠯᠵᠤ᠂ ᠨᠡᠶᠢᠭᠡᠮ ᠨᠡᠶᠢᠳᠡ ᠶᠢ ᠨᠥᠯᠥᠭᠡᠯᠡᠪᠡ᠃ ᠣᠳᠣᠬᠠᠨ ᠪᠤᠯᠲᠠᠯ᠎ᠠ᠂ ᠸᠢᠴᠠᠲ ᠤᠨ ᠨᠡᠶᠢᠲᠡ ᠶᠢᠨ ᠳ᠋ᠤᠭᠠᠷ ᠲᠤ | ︽ᠨᠠᠮ ᠤᠨ ᠭᠡᠰᠢᠭᠦᠨ ᠡᠵᠢ︾ ᠬᠥᠮᠥᠨ ᠤ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ ᠶᠢ 21 ᠬᠤᠭᠤᠴᠠᠭ᠎ᠠ ᠨᠡᠶᠢᠲᠡᠯᠡᠵᠦ᠂ 2024 ᠣᠨ ᠳᠤ ᠬᠤᠰᠢᠭᠤᠨ | ᠲᠠᠰ ᠤᠨ ᠰᠢᠯᠢᠳᠡᠭ ︽ᠨᠠᠮ ᠤᠨ ᠭᠡᠰᠢᠭᠦᠨ ᠡᠵᠢ︾ ᠶᠢ 12 ᠨᠡᠷᠡᠰ ᠰᠢᠯᠭᠠᠷᠠᠭᠤᠯᠪᠠ᠃ | ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠣᠯ ᠪᠠᠭᠠᠴᠤᠳ ᠬᠡᠦᠬᠡᠳ ᠢ ᠬᠠᠯᠠᠮᠵᠢᠯᠠᠬᠤ᠂ ᠬᠠᠶᠢᠷᠠᠯᠠᠬᠤ᠂ ᠲᠡᠳᠬᠦᠬᠦ | ᠭᠦᠨᠵᠡᠭᠡᠢ ᠦᠢᠯᠡᠳᠦᠯᠭᠡ ᠪᠠᠶᠢᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠲᠦᠭᠡᠮᠡᠯ ᠬᠠᠶᠢᠷ᠎ᠠ ᠶᠢᠨ ᠰᠡᠳᠬᠢᠯᠭᠡ ᠶᠢ ᠢᠯᠡᠷᠡᠭᠦᠯᠪᠡ᠃ ᠵᠠᠯᠭᠠᠭᠠᠳ ᠨᠠᠢᠮᠠᠨ | ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ︽ᠨᠠᠮ ᠤᠨ ᠭᠡᠰᠢᠭᠦᠨ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠬᠠᠶᠢᠷ᠎ᠠ ᠰᠡᠳᠬᠢᠯᠭᠡ ᠲᠠᠢ ᠬᠥᠮᠥᠰ ᠢ ᠥᠷᠭᠡᠨ ᠢᠶᠠᠷ ᠴᠤᠭᠯᠠᠭᠤᠯᠤᠨ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠠᠵᠢᠯᠯᠠᠭ᠎ᠠ ᠶᠢᠨ | ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠰᠠᠶᠢᠨ ᠳᠤᠷᠠᠴᠤᠳ ᠤᠨ ᠠᠮᠢᠳᠤ ᠴᠣᠪᠣᠭᠤᠯᠢᠭ ᠦᠶᠯᠡ ᠠᠵᠢᠯᠯᠠᠭ᠎ᠠ ᠪᠠᠷ | ᠨᠡᠶᠢᠭᠡᠮ ᠨᠡᠶᠢᠲᠡ ᠳᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠪᠣᠯᠪᠠᠰᠤᠨ ᠢ ᠤᠯᠠᠮᠵᠢᠯᠠᠨ᠂ ᠢᠳᠡᠪᠬᠢ ᠬᠦᠴᠦᠨ ᠢ ᠨᠡᠩ ᠰᠠᠶᠢᠨ ᠪᠠᠳᠠᠷᠠᠭᠤᠯᠬᠤ ᠪᠣᠯᠣᠨ᠎ᠠ᠃ |