ᠨᠡᠭᠡᠭᠡᠯᠲᠡ ᠶᠢᠨ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/1/9
  ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠣᠶᠢᠯᠠᠭᠠᠭᠳᠠᠬᠤᠨ᠂ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠬᠠᠤᠯᠢᠵᠢᠯ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠪᠠᠶᠢᠨ᠎ᠠ᠃   ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠷᠢᠶ᠎ᠠ ᠲᠣᠭᠤᠷᠢᠭ ᠤᠨ ᠢᠶᠠᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠦᠩᠯᠢᠶᠣᠣ ᠬᠤᠲᠠ ᠶᠢᠨ ᠰᠢᠨ ᠸᠧᠢ ᠯᠢ ᠮᠠᠤᠯ ᠬᠤᠲᠠ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠳᠤ ᠠᠶᠤᠯᠭᠦᠢ ᠦᠢᠯᠡᠳᠪᠦᠷᠢᠯᠡᠯ ᠤᠨ ᠰᠢᠪᠠᠳᠠᠭᠤᠯᠤᠨ ᠵᠢᠯᠤᠭᠤᠳᠬᠤ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠢ ᠰᠢᠪᠠᠳᠠᠭᠤᠯᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠶᠤᠯᠭᠦᠢ ᠡᠵᠡᠩᠨᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠡᠵᠡᠩᠨᠡᠯᠲᠡ ᠶᠢᠨ ᠣᠷᠴᠢᠨ ᠨᠥᠬᠦᠴᠡᠯ ᠢ ᠡᠭᠦᠳᠪᠡ᠃   ︽ᠡᠨᠡ ᠵᠢᠯ ᠪᠢᠳᠡ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠭᠠᠯ ᠤᠨᠲᠠᠷᠠᠭᠠᠬᠤ ᠵᠢᠴᠢ ᠡᠯ᠎ᠡ ᠵᠦᠢᠯ ᠤᠨ ᠣᠨᠴᠠ ᠲᠥᠷᠥᠯ ᠤᠨ ᠠᠵᠢᠯ ᠤᠨ ᠲᠥᠬᠦᠭᠡᠷᠦᠮᠵᠢ ᠶᠢᠨ ᠳᠤᠲᠠᠭᠳᠠᠯ ᠢ ᠪᠦᠬᠦᠯᠢ ᠴᠣᠭᠴᠠ ᠪᠠᠷ ᠴᠡᠭᠴᠡᠯᠡᠨ ᠵᠠᠰᠠᠵᠤ᠂ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠪᠠ ᠰᠣᠷᠢᠯᠲᠠ  ᠶᠢ ᠥᠷᠨᠢᠭᠦᠯᠵᠦ᠂ ᠬᠤᠶᠢᠰᠢᠳᠠ ᠬᠤᠯᠪᠣᠭᠳᠠᠯ ᠪᠦᠬᠦᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ︾ ᠭᠡᠵᠦ ᠺᠤᠮᠫᠠᠨᠢ ᠶᠢᠨ ᠢᠨᠵᠧᠨᠧᠷᠢᠩ ᠤᠨ ᠠᠳᠠᠯ ᠠᠬᠤᠢ ᠶᠢᠨ ᠳᠡᠳ᠋ ᠳᠠᠭᠠᠭᠠᠮᠠᠯ ᠯᠢ ᠱᠤᠸᠠᠩ ᠶᠠᠷᠢᠵᠤ ᠪᠠᠶᠢᠯ᠎ᠠ᠃   ᠵᠢᠯ ᠴᠠᠭᠠᠨ ᠰᠠᠷ᠎ᠠ ᠪᠣᠯ ᠠᠶᠤᠯᠭᠦᠢ ᠦᠢᠯᠡᠳᠪᠦᠷᠢᠯᠡᠯ ᠪᠠ ᠨᠡᠶᠢᠭᠡᠮ ᠤᠨ ᠲᠣᠭᠲᠠᠭᠤᠨ ᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠵᠢᠨ‌ᠡ᠊ᠨᠳᠡᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠷᠢᠶᠠᠲᠤ ᠣᠷᠣᠨ ᠤ ᠪᠠᠨ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠ ᠶᠡᠭᠡ ᠣᠷᠣᠨ ᠵᠠᠢ ᠲᠠᠢ ᠣᠯᠠᠨ ᠨᠡᠶᠢᠲᠡ ᠶᠢᠨ ᠪᠠᠷᠢᠯᠭ᠎ᠠ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠠᠮᠢᠶ᠎ᠠ ᠪᠦᠬᠦᠢ ᠨᠢᠭᠡᠴᠢ᠂ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠰᠡᠷᠡᠮᠵᠢ ᠶᠢᠨ ᠳᠣᠬᠢᠶ᠎ᠠ ᠬᠠᠨᠬᠭᠢᠨᠠᠭᠤᠯᠤᠨ᠂ ᠠᠰᠠᠭᠤᠳᠠᠯ ᠡᠷᠢᠵᠦ ᠭᠡᠮ ᠰᠣᠭᠤᠭ ᠢ ᠠᠷᠢᠯᠭᠠᠵᠤ᠂ ᠭᠠᠮᠰᠢᠭ ᠪᠤᠯᠬᠤ ᠠᠴᠠ ᠡᠮᠦᠨ᠎ᠡ ᠦᠨᠡᠨ ᠬᠦ ᠪᠦᠲᠦᠮᠵᠢᠲᠡᠢ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠢ ᠲᠣᠭᠲᠠᠭᠤᠨ ᠢᠶᠠᠷ ᠤᠷᠤᠭᠰᠢᠯᠠᠭᠤᠯᠬᠤ ᠶᠢ ᠠᠬᠢᠭᠤᠯᠪᠠ᠃   ︽ᠰᠢᠪᠠᠳᠠᠨ ᠵᠢᠯᠤᠭᠤᠳᠬᠤ ᠪᠠᠷ ᠳᠠᠮᠵᠢᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠭᠤᠣᠯ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠭᠴᠢ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠲᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠨᠠᠷᠢᠨ ᠲᠠᠩᠰᠡ ᠪᠣᠯᠭᠠᠨ ᠡᠮᠬᠢᠯᠡᠵᠦ᠂ ᠠᠵᠢᠯ ᠲᠦᠷᠦᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠢ ᠰᠢᠪᠠᠳᠠᠨ ᠲᠣᠭᠲᠠᠭᠰᠠᠨ ᠴᠠᠭ ᠲᠤ ᠴᠡᠭᠴᠡᠯᠡᠨ ᠵᠠᠰᠠᠬᠤ ᠶᠢ ᠪᠡᠶᠡᠯᠡᠭᠦᠯᠬᠦ ᠶᠢᠨ ᠬᠠᠮᠲᠤ ᠡᠷᠭᠢᠵᠦ ᠬᠠᠷᠠᠬᠤ ᠪᠠᠨ ᠴᠢᠩᠭᠠᠳᠬᠠᠵᠤ᠂ ᠴᠡᠭᠴᠡᠯᠡᠨ ᠵᠠᠰᠠᠭᠰᠠᠨ ᠠᠰᠠᠭᠤᠳᠠᠯ ᠢ ᠲᠣᠭᠲᠠᠭᠰᠠᠨ ᠴᠠᠭ ᠲᠤ ᠨᠣᠮᠧᠷ ᠬᠠᠰᠤᠬᠤ ᠶᠢ ᠪᠠᠲᠤᠯᠠᠪᠠ︾ ᠭᠡᠵᠦ ᠬᠤᠳᠠ ᠶᠢᠨ ᠬᠦᠷᠢᠶᠡᠯᠡᠩ ᠲᠣᠭᠤᠷᠢᠭ ᠤᠨ ᠤᠯᠠᠨ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠡᠷᠡᠭ ᠪᠣᠳᠠᠰ ᠤᠨ ᠰᠠᠯᠠᠭᠠᠨ ᠤ ᠳᠡᠳ᠋ ᠳᠠᠷᠤᠭ᠎ᠠ ᠺᠦᠩ ᠰᠢᠶᠠᠩ ᠰᠦᠩ ᠶᠠᠷᠢᠵᠤ ᠪᠠᠶᠢᠯ᠎ᠠ᠃   ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠪᠣᠯ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠣᠯᠣᠨ᠎ᠠ᠃ ᠣᠶᠢᠷ᠎ᠠ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠷᠢᠶᠠᠲᠤ ᠣᠷᠣᠨ ᠤ ᠪᠠᠨ ᠰᠤᠷᠭᠠᠭᠤᠯᠢ ᠨᠢᠭᠡᠴᠢ ᠪᠠᠷ ᠭᠦᠨᠵᠡᠭᠡᠶᠢᠷᠡᠨ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠣᠯᠭᠠᠨ ᠪᠠᠴᠢᠮ ᠢ ᠠᠷᠭᠠᠴᠠᠭᠠᠵᠤ ᠲᠡᠶᠢᠯᠭᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠤᠷᠭᠠᠭᠤᠯᠢ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠭᠠᠷ ᠳᠡᠪᠲᠡᠷ ᠲᠠᠷᠬᠠᠭᠠᠬᠤ᠂ ᠭᠤᠣᠯ ᠰᠡᠳᠦᠪᠲᠦ ᠵᠠᠷᠯᠠᠯ ᠨᠠᠭᠠᠬᠤ᠂ ᠮᠠᠳᠠᠭ ᠲᠠᠢ ᠠᠰᠠᠭᠤᠳᠠᠯ ᠢ ᠲᠠᠶᠢᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠰᠤᠷᠭᠠᠭᠤᠯᠢ ᠶᠢᠨ ᠬᠠᠷᠢᠭᠤᠴᠠᠯᠭᠠᠲᠠᠨ ᠵᠢᠴᠢ ᠪᠠᠭᠰᠢ ᠰᠤᠷᠤᠬᠴᠢᠳ ᠲᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠭᠰᠢ ᠰᠤᠷᠤᠬᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠰᠠᠭᠤᠷᠢ ᠲᠠᠯᠪᠢᠵᠤ ᠥᠭᠪᠡ᠃   ︽ᠡᠶᠢᠮᠦᠷᠬᠦᠦ ᠤᠬᠠᠭᠤᠯᠭ᠎ᠠ ᠶᠢᠨ ᠠᠷᠭ᠎ᠠ ᠪᠠᠷ ᠳᠠᠮᠵᠢᠨ᠂ ᠰᠤᠷᠤᠬᠴᠢᠳ ᠲᠤ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠡᠵᠡᠮᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠪᠢᠳᠡ ᠱᠠᠭᠠᠷᠳᠠᠯᠭ᠎ᠠ ᠶᠣᠰᠣᠭᠠᠷ ᠰᠠᠷ᠎ᠠ ᠪᠦᠷᠢ ᠴᠥᠮ ᠭᠠᠵᠠᠷ ᠬᠥᠳᠡᠯᠦᠯᠲᠡ ᠶᠢᠨ ᠰᠣᠷᠢᠯᠲᠠ ᠪᠠ ᠭᠠᠯ ᠤᠨ ᠭᠠᠮᠰᠢᠭ ᠤᠨ ᠰᠣᠷᠢᠯᠲᠠ ᠶᠠᠪᠤᠭᠤᠯᠵᠤ᠂ ᠰᠠᠷ᠎ᠠ ᠪᠦᠷᠢ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠡᠷᠭᠢᠯᠡᠵᠦ᠂ ᠰᠠᠷ᠎ᠠ ᠪᠦᠷᠢ ᠰᠤᠷᠭᠠᠭᠤᠯᠢ ᠶᠢᠨ ᠳᠣᠲᠣᠭᠠᠳᠤ ᠶᠢᠨ ᠠᠮᠤᠷ ᠲᠦᠪᠰᠢᠨ ᠤ ᠳᠠᠯᠳᠠ ᠭᠡᠮ ᠪᠠ ᠰᠤᠷᠭᠠᠭᠤᠯᠢ ᠶᠢᠨ ᠭᠠᠳᠠᠨᠠᠬᠢ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠯᠲᠠ ᠶᠠᠪᠤᠭᠤᠯᠵᠤ᠂ ᠰᠤᠷᠭᠠᠭᠤᠯᠢ ᠶᠢᠨ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠳᠡᠰ ᠳᠠᠷᠠᠭᠠᠯᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠵᠦ ᠪᠠᠶᠢᠨ᠎ᠠ︾ ᠭᠡᠵᠦ ᠲᠦᠩᠯᠢᠶᠣᠣ ᠬᠤᠳᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠡᠭᠡᠭᠡᠯᠲᠡ ᠶᠢᠨ ᠲᠣᠭᠤᠷᠢᠭ ᠤᠨ ᠹᠦ᠋ ᠯᠢ ᠬᠤᠪᠢᠶᠠᠷᠢ ᠰᠤᠷᠭᠠᠭᠤᠯᠢ ᠶᠢᠨ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠭᠢᠯᠡᠭᠴᠢ ᠵᠠᠩ ᠪᠦᠸᠧ ᠨᠠᠨ ᠶᠠᠷᠢᠵᠤ ᠪᠠᠶᠢᠯ᠎ᠠ᠃   ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠃ ᠨᠢᠳᠤᠨᠤᠨ ᠤ ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠬᠠᠷᠠᠯᠲᠠᠲᠤ ᠡᠭᠦᠷᠭᠡ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠪᠦᠭᠦ ᠬᠦᠴᠦᠨ ᠢᠶᠠᠷ ᠬᠠᠮᠠᠭᠠᠯᠠᠪᠠ᠃ ᠤᠬᠠᠭᠤᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠪᠦᠭᠦ ᠲᠠᠯ᠎ᠠ ᠪᠠᠷ ᠴᠢᠩᠭᠠᠳᠬᠠᠪᠡ᠃ ᠰᠣᠷᠢᠯᠲᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠣᠳᠣᠬᠠᠨ ᠪᠤᠯᠲᠠᠯ᠎ᠠ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠨᠡᠶᠢᠳᠡ 174 ᠤᠳᠠᠭ᠎ᠠ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠮᠣ ᠭᠡᠯᠪᠡᠷᠢ ᠶᠢᠨ ᠶᠡᠷᠦᠩᠬᠡᠶᠢᠯᠡᠭᠰᠡᠨ ᠰᠣᠷᠢᠯᠲᠠ ᠶᠢ 1 ᠤᠳᠠᠭ᠎ᠠ᠂ ᠬᠤᠳᠠ ᠶᠢᠨ ᠤᠰᠤᠲᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 1 ᠤᠳᠠᠭ᠎ᠠ ᠵᠣᠬᠢᠶᠠᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ 79 ᠤᠳᠠᠭ᠎ᠠ᠂ ᠠᠶᠤᠯᠭᠦᠢ ᠦᠢᠯᠡᠳᠪᠦᠷᠢᠯᠡᠯ ᠤᠨ ᠲᠣᠮᠣ ᠭᠡᠯᠪᠡᠷᠢ ᠶᠢᠨ ᠬᠥᠮᠦᠵᠢᠯ ᠪᠣᠯᠪᠠᠰᠤᠷᠠᠯ ᠢ 5 ᠤᠳᠠᠭ᠎ᠠ ᠥᠷᠨᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠪᠠ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ