ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ ᠣᠯᠠᠨ ᠲᠦᠮᠡᠨ ᠤ ᠠᠵᠢᠯ ᠣᠯᠭᠤᠯᠲᠠ ᠶᠢᠨ ᠵᠠᠮ ᠢ ᠥᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2025/1/9
   ︽ᠲᠠ ᠰᠠᠶᠢᠨ ᠦᠦ᠂ ᠠᠵᠢᠯ ᠡᠷᠢᠬᠦ ᠪᠠᠷ ᠢᠷᠡᠭᠰᠡᠨ ᠤᠤ︖ ᠡ᠊ᠨᠳᠡ ᠰᠠᠭᠤᠭᠠᠳ ᠶᠠᠷᠢᠯᠴᠠᠶ᠎ᠠ︾ ᠭᠡᠵᠦ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ︽ᠰᠤᠯᠠ ᠠᠵᠢᠯ ᠤᠨ ᠵᠠᠬ᠎ᠠ ᠳᠡᠯᠭᠡᠭᠦᠷ︾ ᠲᠤ ᠣᠷᠣᠬᠤ ᠳᠤ ᠠᠵᠢᠯᠲᠠᠳ ᠠᠵᠢᠯ ᠡᠷᠢᠬᠦ ᠪᠠᠷ ᠢᠷᠡᠭᠰᠡᠨ ᠣᠯᠠᠨ ᠲᠦᠮᠡᠨ ᠲᠠᠢ ᠬᠠᠯᠠᠭᠤᠮᠰᠤᠭ ᠢᠶᠠᠷ ᠵᠣᠭᠤᠭᠳᠠᠵᠤ ᠪᠠᠶᠢᠯ᠎ᠠ᠃   2024 ᠣᠨ ᠤ 7 ᠰᠠᠷ᠎ᠠ ᠳᠤ᠂ ᠪᠦᠦ ᠺᠠᠩ ᠪᠠᠯᠭᠠᠰᠤᠨ ᠤ ᠲᠥᠪ ᠲᠤ ᠪᠠᠶᠢᠷᠢᠰᠢᠭ᠎ᠠ ︽ᠰᠤᠯᠠ ᠠᠵᠢᠯ ᠤᠨ ᠵᠠᠬ᠎ᠠ ᠳᠡᠯᠭᠡᠭᠦᠷ︾ ᠨᠢ ᠠᠰᠢᠭᠯᠠᠯᠲᠠ ᠳᠤ ᠣᠷᠣᠭᠰᠠᠨ ᠠᠴᠠ ᠨᠠᠭᠠᠰᠢ ᠡ᠊ᠨᠳᠡ ᠠᠵᠢᠯ ᠡᠷᠢᠬᠦ ᠬᠥᠮᠥᠰ ᠡᠳᠦᠷ ᠠᠴᠠ ᠡᠳᠦᠷ ᠣᠯᠠᠰᠢᠷᠠᠵᠤ ᠢᠷᠡᠪᠠ᠃ ︽︿ᠰᠤᠯᠠ ᠠᠵᠢᠯ ᠤᠨ ᠵᠠᠬ᠎ᠠ ᠳᠡᠯᠭᠡᠭᠦᠷ﹀ ᠭᠠᠷᠭᠠᠭᠰᠠᠨ  ᠠᠴᠠ ᠨᠠᠭᠠᠰᠢ ᠠᠵᠢᠯ ᠡᠷᠢᠬᠦ ᠳᠤ ᠦᠨᠡᠬᠡᠷ ᠳᠥᠭᠦᠮ ᠪᠣᠯᠵᠠᠢ᠂ ᠣᠬᠤᠷᠬᠠᠨ ᠬᠤᠭᠤᠴᠠᠭᠠᠨ ᠳᠤ ᠠᠵᠢᠯ ᠡᠷᠢᠵᠦ ᠣᠯᠬᠤ ᠪᠣᠯᠤᠭᠰᠠᠨ ᠪᠥᠭᠡᠳ ᠤᠷᠤᠯᠭ᠎ᠠ ᠴᠤ ᠨᠠᠶᠢᠳᠠᠪᠤᠷᠢᠲᠠᠢ ᠮᠥᠷᠲᠡᠭᠡᠨ ᠪᠠᠲᠤᠯᠠᠭ᠎ᠠ ᠲᠠᠢ ᠪᠠᠶᠢᠨ᠎ᠠ︾ ᠭᠡᠵᠦ ᠬᠥᠯᠥᠰᠦᠨ ᠠᠵᠢᠯᠴᠢᠨ ᠶᠢᠨ ᠰᠢᠶᠣᠣ ᠶᠠᠷᠢᠵᠤ ᠪᠠᠶᠢᠯ᠎ᠠ᠃   ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠣᠨ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠢ ᠨᠡᠩ ᠰᠠᠶᠢᠨ ᠵᠣᠯᠭᠠᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠲᠤᠰ ᠬᠤᠰᠢᠭᠤ ︽ᠰᠤᠯᠠ ᠠᠵᠢᠯ ᠤᠨ ᠵᠠᠬ᠎ᠠ ᠳᠡᠯᠭᠡᠭᠦᠷ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ ᠳᠣᠲᠣᠷ᠎ᠠ ᠨᠢ ᠶᠡᠷᠦᠩᠬᠡᠶᠢᠯᠡᠭᠰᠡᠨ ᠦᠢᠯᠡᠴᠢᠯᠡᠭᠡ᠂ ᠠᠵᠢᠯ ᠤᠨ ᠪᠠᠶᠢᠷᠢ ᠶᠢ ᠵᠣᠯᠭᠠᠭᠤᠯᠬᠤ᠂ ᠬᠥᠮᠥᠨ ᠤ ᠬᠦᠴᠦᠨ ᠤ ᠡᠬᠢ ᠪᠠᠶᠠᠯᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠦᠵᠡᠭᠦᠯᠭᠡ᠂ ᠴᠢᠳᠠᠪᠤᠷᠢᠲᠠᠨ ᠤ E ᠥᠷᠲᠡᠭᠡ ᠵᠡᠷᠭᠡ ᠴᠢᠳᠠᠮᠵᠢᠲᠤ ᠣᠷᠣᠨ ᠲᠣᠭᠤᠷᠢᠭ ᠢ ᠲᠣᠬᠢᠷᠠᠭᠤᠯᠵᠤ᠂ ᠮᠡᠳᠡᠭᠡ ᠵᠠᠩᠭᠢ ᠨᠡᠶᠢᠲᠡᠯᠡᠬᠦ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠬᠤ᠂ ᠠᠵᠢᠯ ᠣᠯᠭᠤᠯᠲᠠ ᠶᠢ ᠳᠠᠩᠰᠠᠯᠠᠬᠤ᠂ ᠠᠵᠢᠯ ᠣᠯᠭᠤᠯᠲᠠ ᠶᠢ ᠵᠢᠭᠠᠨ ᠵᠢᠯᠤᠭᠤᠳᠬᠤ᠂ ᠠᠵᠢᠯ ᠮᠡᠷᠭᠡᠵᠢᠯ ᠲᠠᠨᠢᠯᠴᠠᠭᠤᠯᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠬᠦᠴᠢᠷᠳᠡᠭᠰᠡᠳ ᠢ ᠬᠠᠪᠰᠤᠷᠤᠨ ᠲᠡᠳᠬᠦᠬᠦ ᠵᠡᠷᠭᠡ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠡᠷᠢᠵᠦ ᠠᠵᠢᠯ ᠣᠯᠭᠤᠬᠤ ᠬᠡᠷᠡᠭᠴᠡᠭᠡ ᠶᠢ ᠭᠦᠢᠴᠡᠳ ᠬᠠᠩᠭᠠᠵᠤ᠂ ᠲᠠᠷᠠᠬᠠᠢ ᠪᠤᠲᠠᠷᠬᠠᠢ ᠠᠵᠢᠯ ᠬᠢᠵᠦ ᠪᠠᠶᠢᠭ᠎ᠠ ᠬᠥᠮᠥᠰ ᠤᠨ ︽ᠣᠷᠣᠵᠤ ᠳᠡᠶᠢᠯᠭᠦ᠂ ᠦᠯᠡᠳᠡᠵᠦ ᠳᠡᠶᠢᠯᠭᠦ᠂ ᠠᠵᠢᠯᠯᠠᠬᠤ ᠠᠵᠢᠯ ᠲᠠᠢ᠂ ᠵᠣᠭᠤᠰ ᠣᠯᠵᠤ ᠳᠡᠶᠢᠯᠭᠦ︾ ᠶᠢ ᠦᠨᠡᠨ ᠬᠦ ᠪᠠᠲᠤᠯᠠᠪᠠ᠃ ᠣᠳᠣᠬᠠᠨ ᠪᠤᠯᠲᠠᠯ᠎ᠠ᠂ ᠲᠣᠰ ᠬᠤᠰᠢᠭᠤ ︽ᠰᠤᠯᠠ ᠠᠵᠢᠯ ᠤᠨ ᠵᠠᠬ᠎ᠠ ᠳᠡᠯᠭᠡᠭᠦᠷ︾ ᠢ ᠨᠡᠶᠢᠲᠡ 5 ᠪᠠᠶᠢᠭᠤᠯᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ 52 ᠬᠤᠭᠤᠴᠠᠭ᠎ᠠ ᠨᠡᠶᠢᠲᠡᠯᠡᠵᠦ᠂ ᠠᠵᠢᠯᠴᠢᠨ ᠬᠡᠷᠡᠭᠯᠡᠬᠦ ᠠᠰᠠᠭᠤᠨ ᠯᠠᠪᠯᠠᠯᠭ᠎ᠠ ᠶᠢ 3000 ᠭᠠᠷᠤᠢ ᠬᠥᠮᠥᠨ ᠤᠳᠠᠭ᠎ᠠ ᠳᠤ ᠬᠠᠷᠢᠭᠤᠯᠲᠠ ᠥᠭᠴᠡᠢ᠃   ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠶᠢᠨ ᠲᠥᠯᠥᠭᠡ᠂ ᠲᠣᠰ ᠬᠤᠰᠢᠭᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠢᠶᠠᠩ ᠪᠠᠯᠭᠠᠰᠤ᠂ ᠠᠶᠢᠯ ᠲᠣᠰᠬᠤᠨ ᠳᠤ ︽ᠵᠢᠷᠭᠤᠭ᠎ᠠ ᠳᠤ ᠣᠷᠣᠭᠤᠯᠬᠤ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠣᠭᠤᠷᠢᠨ ᠰᠤᠷᠪᠤᠯᠵᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠦᠭᠦᠨ ᠢ ᠬᠠᠮᠤᠷᠬᠤ ᠶᠢ ᠪᠡᠶᠡᠯᠡᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠪᠠᠰᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠢᠯ ᠤᠨ ᠪᠠᠶᠢᠷᠢ ᠶᠢ ᠴᠤᠭᠯᠠᠭᠤᠯᠤᠨ ᠨᠡᠶᠢᠲᠡᠯᠡᠬᠦ᠂ ᠬᠥᠮᠥᠨ ᠪᠠ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ᠂ ᠠᠵᠢᠯ ᠮᠡᠷᠭᠡᠵᠢᠯ ᠤᠨ ᠵᠢᠯᠣᠭᠤᠳᠤᠯᠭ᠎ᠠ ᠵᠡᠷᠭᠡ ᠣᠯᠠᠨ ᠶᠠᠩᠵᠤ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠪᠠ᠃ ᠥᠩᠭᠡᠷᠡᠭᠰᠡᠨ ᠵᠢᠯ᠂ ᠲᠤᠰ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ  ᠬᠢᠨ︽ᠨᠢᠭᠤᠷᠳᠠᠬᠤ᠂ ᠨᠢᠭᠡ ᠨᠢ ᠨᠢᠭᠡ ᠳᠤ ᠬᠠᠨᠳᠤᠬᠤ︾ ᠠᠷᠭ᠎ᠠ ᠭᠡᠯᠪᠡᠷᠢ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠯᠠᠪᠯᠠᠯᠲᠠ ᠬᠠᠩᠭᠠᠵᠤ᠂ ᠨᠠᠩ ᠣᠯᠠᠨ ᠬᠥᠮᠥᠨ ᠳᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ ᠡᠵᠡᠮᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠮᠠᠷᠬᠠᠨ ᠬᠦᠯᠢᠶᠡᠬᠦ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠳᠤ ᠨᠡᠶᠢᠲᠡ 3 ᠲᠦᠮᠡ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠤ ᠠᠬᠤᠶᠢᠯᠠᠯ ᠢ 30 ᠭᠠᠷᠤᠢ ᠤᠳᠠᠭ᠎ᠠ᠂ ᠬᠤᠳᠠᠯᠳᠤᠭ᠎ᠠ ᠳᠡᠯᠭᠡᠭᠦᠷ ᠢ 280 ᠡᠷᠦᠭᠡ ᠲᠣᠭᠤᠷᠢᠨ ᠰᠤᠷᠪᠤᠯᠵᠢᠯᠠᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ 6081 ᠬᠥᠮᠥᠨ ᠤᠳᠠᠭ᠎ᠠ ᠬᠠᠩᠭᠠᠪᠠ᠃   ︽ᠥᠩᠭᠡᠷᠡᠭᠰᠡᠨ ᠳᠤ ᠵᠥᠪᠭᠡᠨ ᠵᠠᠰᠠᠮᠠᠯ ᠵᠠᠮ ᠤᠨ ᠬᠠᠵᠠᠭᠤ ᠳᠤ ᠰᠠᠭᠤᠨ ᠠᠵᠢᠯ ᠬᠦᠯᠢᠶᠡᠬᠦ ᠯᠡ ᠬᠡᠷᠡᠭ ᠲᠠᠢ ᠪᠠᠶᠢᠵᠠᠢ᠂ ᠪᠠᠲᠤᠯᠠᠭ᠎ᠠ ᠦᠭᠡᠢ ᠮᠥᠷᠲᠡᠭᠡᠨ ᠵᠤᠨ ᠤ ᠬᠠᠯᠠᠭᠤᠨ ᠡᠪᠦᠯ ᠤᠨ ᠬᠦᠢᠲᠡᠨ ᠳᠤ ᠳᠠᠩᠴᠤ ᠵᠣᠪᠠᠯᠠᠩ ᠠᠮᠰᠠᠵᠤ ᠪᠠᠶᠢᠵᠠᠢ᠂ ᠣᠳᠣ ᠠᠵᠢᠯᠲᠠᠳ ᠭᠡᠷ ᠲᠤ ᠬᠦᠷᠴᠦ ᠠᠵᠢᠯ ᠤᠨ ᠪᠠᠶᠢᠷᠢ ᠲᠠᠨᠢᠯᠴᠠᠭᠤᠯᠵᠤ᠂ ᠠᠵᠢᠯᠴᠢᠨ ᠡᠯᠰᠡᠬᠦ ᠠᠵᠤ ᠠᠬᠤᠶᠢᠯᠠᠯ ᠲᠠᠢ ᠰᠢᠭᠤᠳ ᠵᠣᠯᠭᠠᠭᠤᠯᠵᠤ᠂ ᠠᠵᠢᠯ ᠣᠯᠵᠤ ᠳᠡᠶᠢᠯᠭᠦ ᠮᠥᠷᠲᠡᠭᠡᠨ ᠴᠠᠯᠢᠩ ᠴᠦ ᠪᠠᠲᠤᠯᠠᠭ᠎ᠠ ᠲᠠᠢ ᠪᠣᠯᠵᠠᠢ︾ ᠭᠡᠵᠦ ᠬᠥᠯᠥᠰᠦᠨ ᠠᠵᠢᠯᠴᠢᠨ ᠶᠢᠨ ᠦᠨᠡᠨᠴᠢ ᠲᠠᠯᠠᠷᠬᠠᠭᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠨ᠎ᠠ᠃   ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤ ᠣᠯᠠᠨ ᠵᠠᠭᠤᠴᠢᠯᠠᠭᠤᠷ᠂ ᠣᠯᠠᠨ ᠦᠵᠦᠭᠦᠷᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽1+N ︾ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠯᠠᠭ᠎ᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠪᠡ᠂ ᠲᠤᠬᠠᠶᠢᠯᠠᠪᠠᠯ 1 ᠠᠵᠢᠯᠴᠢᠨ ᠬᠡᠷᠡᠭᠯᠡᠬᠦ ᠠᠵᠤ ᠠᠬᠤᠶᠢᠯᠠᠯ᠂ N ᠵᠦᠢᠯ ᠤᠨ ᠭᠡᠯᠪᠡᠷᠢ ᠪᠠᠷ ᠰᠢᠭᠤᠳ ᠨᠠᠪᠲᠠᠷᠡᠭᠦᠯᠵᠦ᠂ ᠣᠯᠠᠨ ᠠᠷᠭ᠎ᠠ ᠵᠠᠮ᠂ ᠣᠯᠠᠨ ᠭᠡᠯᠪᠡᠷᠢ ᠪᠠᠷ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠨ ᠠᠵᠤ ᠠᠬᠤᠶᠢᠯᠠᠯ ᠪᠠ ᠠᠵᠢᠯ ᠡᠷᠢᠭᠰᠡᠳ ᠲᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠠᠵᠢᠯ ᠡᠷᠢᠬᠦ ᠪᠠ ᠠᠵᠢᠯᠲᠠᠨ ᠠᠵᠢᠯᠴᠢᠨ ᠡᠯᠰᠡᠬᠦ ᠶᠢ ᠰᠦᠯᠵᠢᠶᠡᠨ ᠳᠡᠭᠡᠷ᠎ᠡ ᠵᠣᠯᠭᠠᠭᠤᠯᠬᠤ ᠰᠢᠨ᠎ᠡ ᠠᠷᠭ᠎ᠠ ᠵᠠᠮ ᠢ ᠨᠠᠪᠲᠠᠷᠡᠭᠦᠯᠵᠦ᠂ ᠠᠵᠢᠯᠲᠠᠨ ᠠᠵᠢᠯᠴᠢᠨ ᠬᠡᠷᠡᠭᠯᠡᠬᠦ ᠪᠡᠶᠡᠴᠢ ᠴᠣᠭᠴᠠ ᠪᠠ ᠠᠮᠢᠳᠤᠯᠢᠭ ᠢᠶᠠᠷ ᠠᠵᠢᠯ ᠣᠯᠣᠭᠰᠠᠳ ᠢ ᠭᠠᠷ ᠤᠲᠠᠰᠤᠨ ᠤ ᠦᠵᠦᠭᠦᠷᠯᠢᠭ ᠢᠶᠠᠷ ᠳᠠᠮᠵᠢᠭᠤᠯᠤᠨ ᠨᠠᠷᠢᠯᠢᠭ ᠣᠨᠣᠴᠠᠲᠠᠢ ᠪᠠᠷ ᠠᠵᠢᠯᠲᠠᠨ ᠠᠵᠢᠯᠴᠢᠨ ᠡᠯᠰᠡᠬᠦ ᠪᠠ ᠨᠠᠷᠢᠯᠢᠭ ᠣᠨᠣᠴᠠᠲᠠᠢ ᠪᠠᠷ ᠠᠵᠢᠯ ᠣᠯᠭᠤᠬᠤ ᠶᠢ ᠲᠦᠷᠭᠡᠨ ᠪᠡᠶᠡᠯᠡᠭᠦᠯᠪᠡ᠃ ᠣᠳᠣᠬᠠᠨ ᠪᠤᠯᠲᠠᠯ᠎ᠠ᠂ 39 ᠡᠷᠦᠭᠡ ᠰᠢᠯᠢᠳᠡᠭ ᠠᠵᠤ ᠠᠬᠤᠶᠢᠯᠠᠯ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠵᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠵᠦ᠂ 2 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ  ᠶᠢ ᠦᠵᠡᠭᠰᠡᠨ ᠬᠥᠮᠥᠨ ᠤ ᠲᠤᠭ᠎ᠠ ᠨᠡᠶᠢᠲᠡ 25 ᠲᠦᠮᠡᠨ ᠬᠥᠮᠥᠨ ᠤᠳᠠᠭ᠎ᠠ ᠳᠤ ᠬᠦᠷᠴᠡᠢ᠃   ᠤᠷ᠎ᠠ ᠮᠡᠷᠭᠡᠵᠢᠯ ᠡᠵᠡᠮᠰᠢᠭᠦᠯᠦᠨ ᠪᠣᠳᠠᠲᠠᠢ ᠴᠢᠳᠠᠪᠤᠷᠢ ᠶᠢ ᠨᠢ ᠳᠡᠭᠡᠭᠰᠢᠯᠡᠭᠦᠯᠪᠡ᠃ ᠲᠣᠰ ᠬᠤᠰᠢᠭᠤ ᠠᠵᠢᠯ ᠣᠯᠬᠤ ᠱᠠᠭᠠᠷᠳᠠᠯᠭ᠎ᠠ ᠲᠠᠢ ᠰᠠᠭᠤᠭᠠᠯᠢ ᠠᠷᠠᠳ ᠲᠥᠪᠯᠡᠷᠡᠭᠰᠡᠨ ᠣᠷᠣᠨ ᠳᠤ ᠨᠡᠶᠢᠭᠡᠮ ᠲᠣᠭᠤᠷᠢᠭ ᠤᠨ ᠦᠢᠯᠡᠳᠬᠡᠯ ᠤᠨ ᠭᠠᠵᠠᠷ ᠪᠠᠶᠢᠭᠤᠯᠵᠤ᠂ ᠪᠠᠭᠰᠢ ᠤᠷᠢᠵᠤ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠬᠠᠳᠬᠤᠮᠠᠯ᠂ ᠮᠣᠩᠭᠤᠯ ᠦᠨᠳᠦᠰᠦᠲᠡᠨ ᠤ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠬᠢᠬᠦ ᠵᠡᠷᠭᠡ ᠤᠷ᠎ᠠ ᠮᠡᠷᠭᠡᠵᠢᠯ ᠢ ᠵᠢᠭᠠᠵᠤ ᠥᠭᠪᠡ᠃ ᠪᠦᠭᠦ ᠬᠤᠰᠢᠭᠤᠨ ᠳᠤ ᠥᠩᠭᠡᠷᠡᠭᠰᠡᠨ ᠵᠢᠯ ᠨᠡᠶᠢᠭᠡᠮ ᠲᠣᠭᠤᠷᠢᠭ ᠤᠨ ᠦᠢᠯᠡᠳᠬᠡᠯ ᠤᠨ ᠭᠠᠵᠠᠷ ᠢ 3 ᠪᠠᠶᠢᠭᠤᠯᠵᠤ᠂ ᠠᠵᠢᠯ ᠣᠯᠬᠤ ᠳᠤ ᠬᠦᠴᠢᠷᠲᠡᠢ ᠮᠢᠩᠭ᠎ᠠ ᠭᠠᠷᠤᠢ ᠬᠥᠮᠥᠨ ᠳᠤ ᠭᠠᠷ ᠤᠷᠠᠯᠠᠯ ᠤᠨ ᠤᠷ᠎ᠠ ᠮᠡᠷᠭᠡᠵᠢᠯ ᠰᠤᠷᠤᠯᠴᠠᠭᠤᠯᠵᠤ᠂ 400 ᠭᠠᠷᠤᠢ ᠬᠥᠮᠥᠨ ᠤ ᠠᠵᠢᠯ ᠣᠯᠬᠤ ᠶᠢ ᠳᠠᠶᠢᠴᠢᠯᠠᠨ᠂ 104 ᠵᠡᠮᠳᠡᠭᠴᠦᠳ ᠲᠤ ᠠᠵᠢᠯ ᠤᠨ ᠪᠠᠶᠢᠷᠢ ᠬᠠᠩᠭᠠᠵᠠᠢ᠃   ︽ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠤ᠂ ︿ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ﹀ ᠤᠨ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠢ ᠴᠢᠩᠭᠠᠳᠬᠠᠵᠤ᠂ ︿ᠵᠠᠬᠢᠶᠠᠯᠠᠭ᠎ᠠ ᠶᠢᠨ ᠬᠠᠭᠤᠳᠠᠰᠤ ᠪᠠᠷ ᠵᠠᠬᠢᠶᠠᠯᠠᠬᠤ᠂ ᠬᠠᠨᠳᠤᠯᠭ᠎ᠠ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ﹀ ᠮᠠᠶ᠋ᠢᠭ ᠤᠨ ᠪᠣᠯᠪᠠᠰᠤᠷᠠᠯ ᠢ ᠥᠷᠨᠢᠭᠦᠯᠵᠦ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠪᠦᠲᠦᠮᠵᠢᠲᠡᠢ ᠬᠠᠩᠭᠠᠯᠭ᠎ᠠ ᠪᠠ ᠠᠵᠤ ᠠᠬᠤᠶᠢᠯᠠᠯ ᠤᠨ ᠬᠡᠷᠡᠭᠴᠡᠭᠡ ᠬᠤᠶᠠᠷ ᠲᠠᠯ᠎ᠠ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠷᠢᠳ ᠬᠤᠵᠢᠳ 30 ᠭᠠᠷᠤᠢ ᠤᠳᠠᠭ᠎ᠠ ᠠᠵᠤ ᠠᠬᠤᠶᠢᠯᠠᠯ ᠲᠠᠢ ᠵᠣᠯᠭᠠᠭᠤᠯᠵᠤ᠂ 204 ᠬᠥᠮᠥᠨ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠵᠦ᠂ 1244 ᠬᠥᠮᠥᠨ  ᠳᠤ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂120 ᠬᠥᠮᠥᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠬᠦᠷᠲᠡᠭᠡᠵᠡᠢ︾ ᠭᠡᠵᠦ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠠᠰᠤᠭ ᠤᠨ ᠬᠠᠷᠢᠭᠤᠴᠠᠯᠭᠠᠲᠠᠨ ᠳ᠋ᠦᠩ ᠰᠢᠶᠣᠣ ᠯᠢ ᠲᠠᠨᠢᠯᠴᠠᠭᠤᠯᠤᠨ ᠶᠠᠷᠢᠵᠤ ᠪᠠᠶᠢᠯ᠎ᠠ᠃                           ︵ᠯᠢᠦ ᠵᠢᠶᠦ᠋ᠨ ᠸᠠᠩ ᠶᠢᠩ ᠸᠠᠩ ᠴᠦᠨ ᠮᠧᠶ ᠯᠢᠦ ᠬᠤᠸᠠᠨ︶
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ