ᠴᠢ᠊ · ᠳᠠᠯᠠᠨᠲᠠᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/2/10
      2 ᠳ᠋ᠤᠭᠠᠷ ᠰᠠᠷ᠎ᠠ ᠶᠢᠨ 7 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠢᠩᠬᠢᠮ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠪᠠ᠃
      ᠴᠢ᠊ · ᠳᠠᠯᠠᠨᠲᠠᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠰᠬᠠᠶ ᠠᠩᠭᠢ ᠳᠤ ᠬᠦᠷᠴᠦ᠂ ︽ᠬᠠᠪᠰᠤᠷᠤᠨ ᠭᠦᠢᠴᠡᠳᠬᠡᠬᠦ︾᠂ ︽ᠣᠷᠣᠯᠠᠨ ᠭᠦᠢᠴᠡᠳᠬᠡᠬᠦ︾ ᠂ ᠬᠢᠨᠠᠨ ᠵᠥᠪᠰᠢᠶᠡᠷᠡᠬᠦ ᠶᠠᠪᠤᠴᠠ ᠶᠢᠨ ᠬᠦᠴᠦᠨ ᠲᠠᠢ ᠬᠤᠭᠤᠴᠠᠭ᠎ᠠ᠂ ᠭᠦᠢᠴᠡᠳᠬᠡᠬᠦ ᠲᠤᠭ᠎ᠠ ᠬᠡᠮᠵᠢᠶ᠎ᠡ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠰᠬᠠᠶ ᠠᠩᠭᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠪᠣᠯ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠪᠣᠯᠤᠨ ᠴᠢᠬᠤᠯᠠ ᠪᠠᠲᠤᠯᠠᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠬᠢᠷᠠᠭᠤᠯᠤᠯᠳᠠ ᠪᠠᠨ ᠴᠢᠩᠭᠠᠳᠬᠠᠵᠤ᠂ ᠥᠨᠳᠥᠷ ᠲᠦᠪᠰᠢᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠬᠢᠨᠠᠨ ᠵᠥᠪᠰᠢᠶᠡᠷᠡᠬᠦ ᠡᠭᠦᠷᠭᠡ ᠶᠢᠨ ᠨᠠᠷᠢᠨ ᠲᠠᠩᠰᠠᠴᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠬᠢᠴᠠ ᠶᠢ ᠨᠠᠷᠢᠨ ᠲᠠᠩᠰᠠᠴᠢᠯᠠᠵᠤ᠂ ᠨᠠᠷᠢᠨ ᠲᠠᠩᠰᠠ ᠶᠢ ᠬᠠᠷᠢᠭᠤᠴᠠᠯᠭᠠᠵᠢᠭᠤᠯᠵᠤ᠂ ᠨᠠᠷᠢᠨ ᠳᠠᠩᠰᠠ ᠶᠢᠨ ᠶᠣᠰᠣᠭᠠᠷ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠪᠥᠬᠦ ᠲᠠᠯ᠎ᠠ ᠶᠢᠨ ᠤᠬᠠᠮᠰᠠᠷ᠂ ᠰᠢᠰᠲ᠋ᠧᠮᠲᠦ ᠰᠡᠳᠬᠢᠬᠦᠶ ᠪᠠᠨ ᠴᠢᠩᠭᠠᠳᠬᠠᠵᠤ᠂ ︽1 + 9︾᠂ ︽1 ᠪᠠᠷ 9 ᠶᠢ ᠳᠠᠭᠠᠭᠤᠯᠬᠤ︾ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠪᠲᠡᠷᠡᠯᠴᠡᠬᠦ ᠶᠢ ᠪᠣᠳᠠᠲᠠᠶᠢᠵᠢᠭᠤᠯᠬᠤ᠂ ᠵᠣᠯᠭᠠᠭᠤᠯᠬᠤ ᠶᠢ ᠪᠣᠳᠠᠲᠠᠶᠢᠵᠢᠭᠤᠯᠬᠤ᠂ ᠬᠠᠮᠵᠢᠯᠴᠠᠭ᠎ᠠ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠨᠢᠭᠡ ᠴᠣᠭᠴᠠᠵᠢᠨ᠂ ᠪᠥᠬᠦ ᠲᠠᠯ᠎ᠠ ᠪᠠᠷ ᠨᠢᠭᠡ ᠬᠥᠯᠭᠡ ᠰᠢᠲᠠᠷ᠎ᠠ ᠮᠡᠲᠦ ᠪᠠᠶᠢᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠮᠠᠲ᠋ᠧᠷᠢᠶᠠᠯ ᠢ ᠤᠷᠢᠳᠴᠢᠯᠠᠨ ᠲᠡᠭᠦᠯᠳᠡᠷᠵᠢᠭᠦᠯᠵᠦ᠂ ᠠᠵᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ