ᠰᠤᠷᠪᠤᠯᠵᠢᠯᠠᠭᠰᠠᠨ ᠴᠠᠭ ᠄ 2025-02-06 | ᠰᠤᠷᠪᠤᠯᠵᠢᠯᠠᠭ᠎ᠠ ᠬᠦᠯᠢᠶᠡᠭᠴᠢ᠄ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠰᠢᠨ ᠰᠢᠨ | ᠲᠣᠪᠴᠢᠯᠠᠯ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠦᠬᠦ ᠤᠯᠤᠰ ᠤᠨ ᠨᠢᠭᠡᠳᠦᠯᠲᠡᠢ ᠶᠡᠭᠡ | ᠵᠠᠬ᠎ᠠ ᠳᠡᠯᠭᠡᠭᠦᠷ ᠢ ᠪᠠᠶᠢᠭᠤᠯᠬᠤ ᠠᠬᠤᠢ ᠪᠠᠶᠢᠳᠠᠯ ᠳᠣᠣᠷ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠨ ᠮᠠᠭᠤ ᠨᠢ ᠴᠢᠳᠠᠪᠤᠷᠢᠲᠠᠨ᠂ ᠪᠡᠯᠡ ᠮᠥᠩᠭᠦ᠂ | ᠲᠦᠷᠦᠯ ᠵᠦᠢᠯ ᠤᠨ ᠬᠠᠨᠳᠤᠰᠢ ᠶᠢ ᠨᠥᠯᠥᠭᠡᠯᠡᠬᠦ ᠵᠠᠩᠭᠢᠯᠠᠭ᠎ᠠ ᠶᠢᠨ ᠬᠦᠴᠦᠨ ᠵᠦᠢᠯ ᠪᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠨᠢ | ᠨᠢᠭᠡᠨᠲᠡ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠬᠦ ᠪᠠ ᠬᠥᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ | ᠦᠭᠡᠢ ᠶᠠᠪᠤᠬᠤ ᠵᠠᠮ ᠪᠣᠯᠵᠠᠢ᠃ ᠭᠡᠲᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠨᠢ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠ ᠭᠤᠭᠴᠤᠭ᠎ᠠ ᠪᠠ ᠥᠭᠡᠷᠡᠴᠢᠯᠡᠯᠲᠡ ᠶᠢᠨ ᠠᠷᠠᠳ ᠤᠨ ᠲᠥᠯᠥᠭᠡ ᠪᠠᠶᠢᠬᠤ ᠠᠮᠢᠳᠤᠯᠢᠭ ᠦᠢᠯᠡᠳᠦᠯᠭᠡ ᠪᠣᠯᠤᠭᠰᠠᠨ ᠤ ᠬᠤᠪᠢ ᠳᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠢ ᠨᠢᠭᠲᠠ ᠬᠤᠯᠪᠣᠭ᠎ᠠ ᠲᠠᠢ ᠶᠤᠮ᠃ ᠡᠨᠡ ᠬᠦ ᠱᠠᠭᠠᠷᠳᠠᠯᠭ᠎ᠠ ᠳᠣᠤᠷ᠎ᠠ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠡᠷᠬᠢᠨ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ | ᠠᠰᠠᠭᠤᠳᠠᠯ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠰᠤᠷᠪᠤᠯᠵᠢᠯᠠᠭᠴᠢ ᠡᠭᠦᠨ ᠤ ᠲᠤᠬᠠᠶ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶ᠎ᠠ ᠶᠢᠨ ᠳᠠᠷᠤᠭ᠎ᠠ ᠸᠠᠩ ᠰᠢᠨ ᠰᠢᠨ ᠢ ᠰᠤᠷᠪᠤᠯᠵᠢᠯᠠᠪᠠ᠃ | ᠬᠦᠨᠳᠦᠲᠦ ᠵᠣᠴᠢᠨ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠰᠢᠨ ᠰᠢᠨ | ᠸᠠᠩ ᠰᠢᠨ ᠰᠢᠨ᠂ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠴᠤᠤᠷᠢᠶᠠᠲᠤᠨ | ᠲᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠵᠤ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠩᠯᠢᠶᠣᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠵᠦ ᠪᠠᠶᠢᠨ᠎ᠠ᠃ | | | | | | ᠲᠦᠩᠯᠢᠶᠣᠣ ᠬᠤᠲᠠ ᠶᠢᠨ ᠦᠵᠡᠮᠵᠢ᠃ ︵ᠬᠡᠷᠡᠯ ᠵᠢᠷᠤᠭ ᠤᠨ ᠢᠷᠡᠯᠲᠡ᠄ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠰᠢᠨ᠎ᠡ ᠶᠢ ᠡᠭᠦᠳᠬᠦ ᠬᠥᠳᠡᠯᠭᠡᠭᠦᠷ᠄ ᠣᠯᠠᠨ ᠲᠠᠯ᠎ᠠ ᠶᠢᠨ ᠰᠢᠪᠲᠤᠯᠤᠯᠲᠠ ᠪᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠪᠠ | ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠶᠠᠨ ᠵᠠᠮ ᠳᠤ᠂ ᠲᠦᠩᠯᠢᠶᠣᠤ ᠬᠤᠲᠠ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ︽ᠨᠢᠭᠡᠳᠦᠭᠡᠷ ᠢᠨᠵᠧᠨᠧᠷᠢᠩ︾ ᠪᠣᠯᠭᠠᠪᠠ᠃ | ᠡᠭᠦᠨ ᠳᠤ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠨᠢᠭᠡᠳᠦᠯᠲᠡᠶ ᠲᠥᠯᠥᠪᠯᠡᠬᠦ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦᠯᠢ | ᠴᠣᠭᠴᠠ ᠶᠢᠨ ᠲᠥᠯᠥᠪᠵᠢᠭᠦᠯᠭᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 4.0 | ᠲᠥᠰᠦᠯ ᠢ ᠭᠦᠨᠵᠡᠭᠡᠶ ᠲᠣᠣᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠲᠦᠩᠯᠢᠶᠣᠤ︾ ᠶᠢ ᠪᠠᠶᠢᠭᠤᠯᠬᠤ ᠪᠠᠷ ᠲᠣᠭᠲᠠᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠵᠢᠱᠢᠶᠡᠴᠢ ᠪᠣᠯᠬᠤ ᠪᠠᠷ ᠵᠣᠷᠢᠵᠤ ᠪᠠᠶᠢᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠰᠢᠪᠲᠤᠯᠤᠯᠲᠠ ᠶᠢᠨ ᠣᠨ︾ ᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠪᠥᠬᠦ | ᠲᠠᠯ᠎ᠠ ᠶᠢᠨ ᠠᠵᠢᠯᠯᠠᠭᠠᠨ ᠤ ᠲᠥᠰᠦᠯ ᠢ ᠲᠣᠭᠲᠠᠭᠠᠵᠤ᠂ ᠰᠢᠨ᠎ᠡ ᠶᠢ ᠡᠭᠦᠳᠬᠦ ᠰᠢᠪᠲᠤᠯᠤᠯᠲᠠ ᠶᠢᠨ ᠣᠨ ᠤ ︽1 + 5︾ ᠶᠢᠨ ᠬᠡᠷᠡᠭᠵᠢᠭᠦᠯᠬᠦ ᠲᠥᠰᠦᠯ ᠤᠨ 440 | ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠭᠰᠡᠨ ᠪᠠᠷ ᠪᠠᠷᠠᠬᠤ ᠥᠬᠡᠶ᠂ ᠪᠠᠰᠠ ᠣᠯᠠᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠪᠥᠬᠦ ᠣᠷᠣᠨ ᠳᠤ ᠲᠡᠷᠢᠭᠦᠯᠡᠵᠦ᠂ ᠲᠦᠩᠯᠢᠶᠣᠤ ᠬᠤᠲᠠ ᠶᠢᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨᠡᠴᠢᠯᠡᠯᠲᠡ᠄ ᠣᠶᠤᠨᠴᠢ ᠠᠭᠤᠰᠤᠯᠴᠠᠯ᠂ ᠳᠥᠭᠦᠮ ᠳᠥᠲᠡ ᠥᠨᠳᠥᠷ ᠪᠦᠲᠦᠮᠵᠢᠲᠡᠶ ᠪᠣᠯᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ᠂ ᠲᠦᠩᠯᠢᠶᠣᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠵᠣᠷᠢᠭᠲᠠᠶ ᠪᠠᠷ | ᠰᠢᠨ᠎ᠡ ᠶᠢ ᠡᠭᠦᠳᠴᠦ᠂ ︽ᠪᠣᠬᠢᠷᠲᠤᠯ ᠥᠬᠡᠶ ᠰᠠᠭᠠᠭ︾ ᠵᠡᠷᠭᠡ ᠲᠣᠰ ᠭᠠᠵᠠᠷ ᠤᠨ ᠣᠨᠴᠠᠯᠢᠭ ᠲᠠᠢ ︽ᠨᠢᠭᠡ ᠶᠠᠪᠤᠳᠠᠯ︾ ᠤᠨ 12 ᠦᠢᠯᠡᠴᠢᠯᠡᠭᠡ ᠶᠢ ᠭᠠᠷᠭᠠᠵᠤ᠂ | ᠠᠵᠤ ᠦᠢᠯᠡᠰ ᠤᠨ ᠬᠡᠯᠬᠢᠶ᠎ᠡ ᠬᠢᠭᠡᠳ ᠦᠢᠯᠡᠴᠢᠯᠡᠭᠡᠨ ᠤ ᠬᠡᠯᠬᠢᠶ᠎ᠡ ᠶᠢ ᠤᠷᠠᠨ ᠢᠶᠠᠷ ᠠᠭᠤᠰᠤᠯᠴᠠᠭᠤᠯᠪᠠ᠃ ᠡᠭᠦᠨ ᠤ ᠬᠠᠮᠲᠤ᠂ ᠭᠡᠷᠡᠴᠢᠯᠡᠯ ᠠᠪᠬᠤ ᠥᠬᠡᠶ ᠬᠤᠲᠠ᠂ | ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠵᠡᠷᠭᠡ 6 ᠶᠡᠭᠡ ᠲᠥᠷᠥᠯ ᠤᠨ 22 ᠲᠠᠪᠴᠠᠩ ᠰᠢᠰᠲ᠋ᠧᠮ ᠢ ᠪᠥᠬᠦ ᠲᠠᠯ᠎ᠠ ᠪᠠᠷ ᠰᠦᠯᠵᠢᠶᠡᠨ ᠳᠤ | ᠭᠠᠷᠭᠠᠵᠤ᠂ ︽ᠵᠧᠩ ᠰᠢᠶᠣᠣ ᠲᠥᠩ︾ ᠰᠢᠭᠤᠳ ᠨᠡᠪᠲᠡᠷᠡᠭᠦᠯᠭᠡ ᠪᠠᠷ ᠰᠢᠢᠳᠪᠦᠷᠢᠯᠡᠬᠦ ᠪᠠ AI ᠲᠣᠭᠠᠴᠢᠯᠠᠭᠰᠠᠨ ᠬᠥᠮᠦᠨ ᠤ ᠰᠢᠭᠤᠳ ᠨᠡᠪᠲᠡᠷᠡᠭᠦᠯᠭᠡ ᠶᠢᠨ | ᠦᠢᠯᠡᠴᠢᠯᠡᠭᠡ ᠶᠢ ᠠᠰᠢᠭᠯᠠᠨ᠂ 4.3 ᠲᠦᠮᠡᠨ ᠵᠦᠢᠯ ᠤᠨ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ᠂ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ | ᠥᠭᠡᠷᠡᠴᠢᠯᠡᠯᠲᠡ ᠨᠠᠩ ᠴᠤ 15 ᠠᠵᠢᠯ ᠲᠥᠷᠥᠯ ᠤᠨ ︽ᠨᠢᠭᠡ ᠦᠨᠡᠮᠯᠡᠯ ᠢᠶᠠᠷ ᠡᠵᠡᠩᠨᠡᠬᠦ ᠶᠢ ᠵᠥᠪᠰᠢᠶᠡᠷᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠤᠶᠤᠨᠴᠢᠯᠠᠭᠰᠠᠨ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ︽ᠲᠦᠩᠯᠢᠶᠣᠤ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠲᠦᠷᠢᠮ︾ ᠢ ᠪᠥᠬᠦ ᠣᠷᠣᠨ ᠳᠤ ᠲᠡᠷᠢᠭᠦᠯᠡᠨ ᠨᠡᠶᠢᠲᠡᠯᠡᠵᠦ᠂ | ᠪᠥᠬᠦ ᠬᠤᠲᠠ ᠶᠢᠨ 12345 ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ︽ᠳᠥᠷᠪᠡᠨ ᠨᠣᠷᠮ᠎ᠠ︾ ᠴᠥᠮ 95% ᠠᠴᠠ ᠳᠡᠭᠡᠭᠰᠢ ᠪᠣᠯᠪᠠ᠃ | | | | | | ︽ᠵᠧᠩ ᠰᠢᠶᠣᠣ ᠲᠥᠩ︾ ᠰᠢᠭᠤᠳ ᠨᠡᠪᠲᠡᠷᠡᠭᠦᠯᠭᠡ ᠪᠠᠷ ᠰᠢᠢᠳᠪᠦᠷᠢᠯᠡᠬᠦ ᠦᠢᠯᠡᠴᠢᠯᠡᠭᠡ ᠭᠠᠷᠭᠠᠪᠠ᠃ ︵ᠬᠡᠷᠡᠯ ᠵᠢᠷᠤᠭ ᠤᠨ ᠢᠷᠡᠯᠲᠡ᠄ ᠲᠦᠩᠯᠢᠶᠣᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠬᠦᠴᠦᠨ ᠵᠦᠢᠯ ᠤᠨ ᠪᠠᠲᠤᠯᠠᠭ᠎ᠠ ᠶᠢᠨ ᠰᠢᠨ᠎ᠡ ᠡᠭᠦᠳᠦᠯᠲᠡ᠄ ᠨᠠᠷᠢᠯᠢᠭ ᠣᠨᠣᠴᠠᠲᠠᠶ ᠬᠠᠩᠭᠠᠵᠤ᠂ ᠠᠮᠢᠵᠢᠷᠠᠯ ᠤᠨ ᠬᠦᠴᠦᠨ ᠢ ᠬᠥᠭᠵᠢᠭᠡᠪᠡ | ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠪᠠᠷ᠂ ᠲᠦᠩᠯᠢᠶᠣᠤ ᠬᠤᠲᠠ ᠰᠢᠨ᠎ᠡ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠪᠡ᠃ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ︽ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠬᠤᠳᠠᠯᠳᠤᠨ ᠥᠭᠬᠦ︾ ᠪᠥᠭᠡᠳ ︽ᠲᠦᠷᠪᠡᠨ ᠦᠨᠡᠮᠯᠡᠯ ᠢ | ᠵᠡᠷᠭᠡᠪᠡᠷ ᠭᠠᠷᠳᠠᠭᠤᠯᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠲᠦᠷᠭᠡᠨ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠪᠠ︔ ᠠᠵᠤ ᠠᠬᠤᠶᠢᠯᠠᠯ ᠤᠨ ︽ | ᠪᠡᠯᠡ ᠲᠣᠬᠢᠷᠠᠭᠤᠯᠭ᠎ᠠ ᠶᠢᠨ ᠺᠣᠳ᠋︾ ᠢ ᠨᠡᠶᠢᠲᠡᠯᠡᠵᠦ᠂ 106 ᠠᠵᠤ ᠠᠬᠤᠶᠢᠯᠠᠯ ᠤᠨ ᠨᠠᠷᠢᠯᠢᠭ ᠣᠨᠣᠴᠠᠲᠠᠢ ᠪᠠᠷ ᠪᠡᠯᠡ ᠲᠣᠬᠢᠷᠠᠭᠤᠯᠬᠤ ᠳᠤ ᠬᠦᠴᠦᠨ ᠨᠡᠮᠡᠷᠢᠯᠡᠪᠡ︔ | ᠪᠥᠬᠦ ᠣᠷᠣᠨ ᠤ ᠠᠩᠬᠠᠳᠠᠭᠴᠢ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠶᠢᠭᠡᠮᠯᠢᠭ ᠢ ᠪᠠᠶᠢᠭᠤᠯᠵᠤ᠂ 210 ᠲᠤᠰᠬᠠᠢ ᠠᠰᠢᠭ ᠢ | ᠠᠭᠤᠳᠠᠯᠠᠬᠤ ᠶᠢᠨ ᠬᠠᠮᠲᠤ ᠠᠷᠠᠯᠵᠢᠶᠠᠯᠠᠭᠤᠯᠤᠭᠰᠠᠨ ᠮᠥᠩᠭᠦ 1200 ᠲᠦᠮᠡᠨ ᠲᠥᠭᠦᠷᠢᠭ ᠬᠦᠷᠪᠡ︔ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠤᠨ | ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠪᠠ ᠭᠠᠳᠠᠷ ᠱᠤᠭᠤᠮ ᠳᠤ ᠵᠠᠯᠭᠠᠬᠤ ᠬᠢᠨᠠᠨ ᠵᠥᠪᠰᠢᠶᠡᠷᠡᠯ ᠢ ᠰᠦᠯᠵᠢᠶᠡᠨ ᠳᠡᠭᠡᠷ᠎ᠡ ᠨᠡᠶᠢᠯᠡᠭᠦᠯᠦᠨ ᠭᠦᠢᠴᠡᠳᠬᠡᠵᠦ᠂ | ᠳᠥᠭᠦᠮ ᠢᠨᠵᠧᠨᠧᠷᠢᠩ ᠳᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ 10 ᠠᠵᠢᠯᠯᠠᠬᠤ ᠡᠳᠦᠷ ᠪᠣᠯᠭᠠᠨ | ᠪᠠᠭᠠᠰᠬᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠵᠦᠢᠯ ᠤᠨ ᠳᠡᠮᠵᠢᠯᠭᠡ ᠬᠠᠩᠭᠠᠪᠠ᠃ | | | | | | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠰᠢᠢᠳᠪᠦᠷᠢᠯᠡᠬᠦ︾ ᠲᠤᠰᠬᠠᠶ ᠪᠤᠯᠤᠩ ᠢ ᠪᠣᠶ ᠪᠣᠯᠭᠠᠪᠠ᠃ ︵ᠬᠡᠷᠡᠯ ᠵᠢᠷᠤᠭ ᠤᠨ ᠢᠷᠡᠯᠲᠡ᠄ ᠲᠦᠩᠯᠢᠶᠣᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ᠄ ᠴᠢᠩᠭ᠎ᠠ ᠰᠤᠯᠠ ᠶᠢ ᠤᠶᠠᠯᠳᠤᠭᠤᠯᠵᠤ᠂ ᠡᠷᠬᠡ ᠲᠡᠭᠰᠢ ᠲᠦᠭᠡᠮᠡᠯ ᠠᠰᠢᠭ | ᠬᠦᠷᠲᠡᠭᠡᠪᠡ | ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠭᠦᠢᠴᠡᠳᠬᠡᠬᠦ ᠳᠠᠮᠫᠤᠷᠠᠭᠤᠯᠬᠤ ᠶᠢ ᠠᠭᠤᠰᠤᠯᠴᠠᠬᠤ︾ ᠪᠠ ᠬᠤᠪᠢ ᠬᠥᠮᠦᠨ ᠤ ᠥᠷᠢ | ᠥᠭᠴᠡᠭᠡ ᠶᠢ ᠲᠥᠪᠯᠡᠷᠡᠭᠦᠯᠦᠨ ᠢᠯᠭᠠᠷᠠᠭᠤᠯᠬᠤ ᠥᠭᠡᠷᠡᠴᠢᠯᠡᠯᠲᠡ ᠶᠢᠨ ᠠᠵᠢᠯ ᠢ ᠪᠥᠬᠦ ᠣᠷᠣᠨ ᠳᠤ ᠤᠷᠢᠳᠠᠪᠠᠷ ᠥᠷᠨᠢᠭᠦᠯᠵᠦ᠂ ᠪᠣᠳᠠᠲᠠᠶᠢᠵᠢᠭᠤᠯᠤᠭᠰᠠᠨ ᠪᠠᠯᠠ | ᠮᠥᠩᠭᠦ 1175.23 ᠲᠦᠮᠡᠨ ᠲᠥᠭᠦᠷᠢᠭ ᠬᠥᠷᠪᠡ᠃ ᠨᠥᠬᠦᠴᠡᠯ ᠪᠣᠯᠤᠮᠵᠢ ᠲᠠᠢ ᠳᠠᠭᠠᠭᠠᠴᠢᠯᠠᠯᠲᠠ ᠬᠦᠯᠢᠶᠡᠭᠴᠢ ᠶᠢ ᠭᠠᠳᠠᠭᠤᠷᠴᠢᠯᠠᠬᠤ ᠶᠢ ᠪᠠᠶᠢᠴᠠᠭᠠᠨ ᠰᠢᠯᠭᠠᠬᠤ | ᠴᠢᠳᠠᠮᠵᠢ ᠶᠢ ᠪᠥᠬᠦ ᠣᠷᠣᠨ ᠳᠤ ᠤᠷᠢᠳᠠᠪᠠᠷ ᠰᠦᠯᠵᠢᠶᠡᠨ ᠳᠤ ᠭᠠᠷᠭᠠᠨ ᠬᠡᠷᠡᠭᠵᠢᠭᠦᠯᠵᠦ᠂ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ᠂ | ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ︽ᠪᠠᠷᠢᠨ︾ ᠪᠤᠴᠠᠭᠠᠬᠤ᠂ ᠪᠥᠬᠦ ᠶᠠᠪᠤᠴᠠ ᠶᠢ ᠡᠯᠡᠺᠲᠷᠣᠨᠴᠢᠯᠡᠨ ᠠᠷᠠᠯᠵᠢᠶᠠᠯᠠᠬᠤ᠂ ᠨᠢᠭᠤᠷᠳᠠᠨ ᠵᠣᠯᠭᠠᠬᠤ | ᠥᠬᠡᠶ ᠪᠠᠷ ᠳᠠᠭᠠᠭᠠᠴᠢᠯᠠᠯᠲᠠ ᠵᠠᠷᠯᠠᠬᠤ ᠵᠡᠷᠭᠡ ᠳᠥᠷᠪᠡ ᠶᠢ 100% ᠪᠠᠷ ᠪᠡᠶᠡᠯᠡᠭᠦᠯᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠦᠯᠵᠢᠶᠡᠨ | ᠭᠠᠳᠠᠨᠠᠬᠢ ︽ᠲᠥᠷᠥᠯ ᠬᠤᠪᠢᠶᠠᠨ︾ ᠬᠥᠮᠦᠵᠢᠭᠦᠯᠬᠦ ᠠᠵᠢᠯ ᠢ ᠪᠥᠬᠦ ᠣᠷᠣᠨ ᠳᠤ ᠤᠷᠢᠳᠠᠪᠠᠷ ᠥᠷᠨᠢᠭᠦᠯᠵᠦ᠂ ︽ᠬᠤᠪᠢ ᠶᠢᠨ ᠬᠤᠳᠠᠯᠳᠤᠭᠠᠨ ᠤ ᠡᠷᠦᠬᠡ ᠶᠢ ᠠᠵᠤ | ᠠᠬᠤᠶᠢᠯᠠᠯ ᠪᠣᠯᠭᠠᠨ ᠬᠤᠪᠢᠷᠠᠭᠤᠯᠤᠭᠰᠠᠨ︾ ᠬᠡᠮᠵᠢᠶ᠎ᠡ 125 ᠰᠢᠨ᠎ᠡ ᠪᠠᠷ ᠨᠡᠮᠡᠭᠳᠡᠪᠡ᠃ ᠪᠣᠯᠭᠤᠮᠵᠢᠲᠠᠶ ᠪᠠᠭᠲᠠᠭᠠᠮᠵᠢᠲᠠᠶ ᠤᠶᠠᠨ ᠬᠠᠳᠠᠨ ᠴᠢᠨᠠᠷᠲᠠᠶ ᠬᠠᠤᠯᠢ | ᠬᠡᠷᠡᠭᠵᠢᠭᠦᠯᠬᠦ ᠵᠠᠭᠪᠤᠷ ᠢ ᠬᠡᠷᠡᠭᠵᠢᠭᠦᠯᠵᠦ᠂ ᠪᠥᠬᠦ ᠬᠤᠲᠠ ᠳᠤ ︽ᠬᠥᠩᠭᠡᠪᠲᠦᠷ ᠢ ᠲᠣᠷᠭᠠᠬᠤ ᠠᠴᠠ ᠬᠡᠯᠲᠦᠷᠢᠭᠦᠯᠬᠦ︾᠂ ︽ᠠᠩᠬ᠎ᠠ ᠵᠦᠷᠢᠴᠡᠭᠰᠡᠳ ᠢ ᠥᠯᠥ | ᠲᠣᠷᠭᠠᠬᠤ︾ ᠠᠷᠭ᠎ᠠ ᠮᠠᠶ᠋ᠢᠭ ᠢᠶᠠᠷ 1806 ᠬᠡᠷᠡᠭ ᠢ ᠰᠢᠢᠳᠪᠦᠷᠢᠯᠡᠵᠦ᠂ 791 ᠬᠡᠷᠡᠭ ᠢ ᠬᠥᠩᠭᠡᠪᠴᠢᠯᠡᠨ ᠰᠢᠢᠳᠪᠦᠷᠢᠯᠡᠵᠦ᠂ ᠬᠠᠰᠤᠵᠤ ᠬᠡᠯᠲᠦᠷᠢᠭᠦᠯᠦᠭᠰᠡᠨ | ᠮᠥᠩᠭᠦ 1171.21 ᠲᠦᠮᠡᠨ ᠲᠥᠭᠦᠷᠢᠭ ᠪᠣᠯᠪᠠ᠃ | | | | | | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠨ ᠰᠢᠯᠭᠠᠬᠤ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠬᠡᠯᠪᠡᠷᠢ ᠶᠢᠨ ᠬᠠᠤᠯᠢ ᠬᠡᠷᠡᠭᠵᠢᠭᠦᠯᠬᠦ ᠵᠠᠭᠪᠤᠷ ᠢᠶᠠᠷ ᠳᠠᠮᠵᠢᠭᠤᠯᠤᠨ᠂ ᠡᠮ ᠤᠨ ᠳᠡᠯᠭᠡᠭᠦᠷ ᠲᠤ ᠪᠠᠶᠢᠴᠠᠭᠠᠯᠲᠠ ᠶᠢᠨ ᠦᠢᠯᠡᠴᠢᠯᠡᠭᠡ ᠥᠷᠨᠢᠭᠦᠯᠵᠦ᠂ ᠠᠵᠤ | ᠠᠬᠤᠶᠢᠯᠠᠯ ᠳᠤ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢᠨ ᠵᠢᠯᠣᠭᠤᠳᠬᠤ ᠰᠠᠨᠠᠭᠤᠯᠭ᠎ᠠ ᠬᠠᠩᠭᠠᠪᠠ᠃ ︵ᠬᠡᠷᠡᠯ ᠵᠢᠷᠤᠭ ᠤᠨ ᠢᠷᠡᠯᠲᠡ᠄ ᠲᠦᠩᠯᠢᠶᠣᠤ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢᠨ ᠰᠢᠨ᠎ᠡ ᠡᠭᠦᠳᠦᠯᠲᠡ᠄ ᠡᠯᠢᠭᠡᠰᠡᠭ ᠲᠤᠳᠤᠨᠤ ᠪᠦᠭᠡᠳ ᠠᠷᠢᠭᠤᠨ ᠴᠢᠬᠡᠴᠢ᠂ | ᠨᠠᠷᠢᠯᠢᠭᠵᠢᠭᠤᠯᠤᠭᠰᠠᠨ ᠦᠢᠯᠡᠴᠢᠯᠡᠭᠡ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭᠠᠨ ᠤ ᠲᠠᠯ᠎ᠠ ᠪᠠᠷ᠂ ᠲᠦᠩᠯᠢᠶᠣᠣ ᠬᠤᠲᠠ ᠰᠢᠨ᠎ᠡ ᠮᠠᠶ᠋ᠢᠭ ᠤᠨ ᠡᠯᠢᠭᠡᠰᠡᠭ ᠲᠤᠳᠤᠨᠤ ᠪᠦᠭᠡᠳ | ᠠᠷᠢᠭᠤᠨ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠢᠭᠤᠯᠵᠠᠢ᠃ ᠲᠥᠷᠥᠯ ᠵᠦᠢᠯ ᠤᠨ ᠬᠠᠮᠢᠶᠠᠷᠤᠭᠴᠢ ᠶᠢᠨ ᠪᠥᠬᠦ | ᠶᠠᠪᠤᠴᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ︽ᠬᠤᠶᠠᠷ ᠲᠠᠯ᠎ᠠ︾ ᠶᠢᠨ ᠵᠦᠪᠳᠡᠯᠴᠡᠭᠡ᠂ ︽ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠠᠭᠠᠰ ᠰᠠᠷ᠎ᠠ ᠶᠢᠨ ᠶᠠᠷᠢᠯᠴᠠᠭ᠎ᠠ︾ ᠵᠡᠷᠭᠡ ᠲᠦᠷᠢᠮ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠲᠦ ᠪᠣᠳᠣᠯᠭ᠎ᠠ ᠶᠢᠨ | ᠳᠠᠪᠬᠤᠷᠭ᠎ᠠ ᠳᠤ ᠰᠢᠭᠤᠳ ᠬᠦᠷᠦᠭᠦᠯᠬᠦ ᠶᠢ ᠦᠨᠡᠨᠬᠦ ᠪᠠᠲᠤᠯᠠᠪᠠ᠃ ︽ᠠᠵᠤ ᠠᠬᠤᠶᠢᠯᠠᠯ ᠤᠨ ᠲᠤᠰᠬᠠᠶ ᠡᠳ᠋ᠯᠡᠬᠦ ᠦᠢᠯᠡᠴᠢᠯᠡᠭᠡᠨ ᠤ ᠣᠷᠣᠨ ᠵᠠᠶ︾ ᠵᠢᠴᠢ ᠰᠦᠯᠵᠢᠶᠡᠨ | ᠳᠡᠭᠡᠷᠡᠬᠢ ︽ᠲᠦᠩᠯᠢᠶᠣᠤ ᠳᠤ ᠡᠳ᠋ᠯᠡᠬᠦ︾ ᠦᠢᠯᠡᠴᠢᠯᠡᠭᠡᠨ ᠤ ᠲᠤᠰᠬᠠᠶ ᠪᠣᠯᠣᠩ ᠢ ᠪᠠᠶᠢᠭᠤᠯᠵᠤ᠂ 176 ᠵᠦᠢᠯ ᠤᠨ ᠲᠥᠷᠥ ᠶᠢᠨ ᠪᠣᠳᠣᠯᠭ᠎ᠠ ᠶᠢ ᠳᠥᠭᠦᠮ ᠳᠥᠲᠡ | ᠬᠠᠮᠲᠤ ᠪᠠᠷ ᠡᠳ᠋ᠯᠡᠬᠦ᠂ 21 ᠵᠦᠢᠯ ᠤᠨ ᠲᠥᠷᠥ ᠶᠢᠨ ᠪᠣᠳᠣᠯᠭ᠎ᠠ ᠶᠢ ︽ᠭᠤᠶᠤᠴᠢᠯᠠᠬᠤ ᠦᠭᠡᠢ ᠪᠠᠷ ᠰᠢᠭᠤᠳ ᠡᠳ᠋ᠯᠡᠬᠦ︾ ᠶᠢ ᠪᠡᠶᠡᠯᠡᠭᠦᠯᠵᠦ᠂ 2223 ᠲᠦᠮᠡᠨ | ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ ᠪᠥᠬᠦ ᠣᠷᠣᠨ ᠤ ᠠᠩᠬᠠᠳᠠᠭᠴᠢ ︽ᠳᠥᠷᠪᠡ ᠶᠢ ᠨᠢᠭᠡ ᠴᠣᠭᠴᠠᠵᠢᠭᠤᠯᠬᠤ︾ ᠮᠥᠩᠭᠦᠨ ᠭᠦᠢᠯᠭᠡᠭᠡᠨ ᠤ | ᠵᠢᠭᠤᠷᠠᠯᠳᠤᠭᠠᠨ ᠢ ᠡᠶᠡᠳᠡᠭᠦᠯᠬᠦ ᠲᠥᠪ ᠢ ᠪᠠᠶᠢᠭᠤᠯᠬᠤ ᠪᠠᠷ ᠳᠠᠮᠵᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠬᠠᠮᠤᠭ ᠤᠨ ᠲᠦᠷᠭᠡᠨ ᠳᠡᠭᠡᠨ 20 | ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠣᠯᠵᠣ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠪᠠ᠃ | | | | | | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠭᠴᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ ᠲᠤᠰᠬᠠᠶ ᠪᠣᠯᠣᠩ ᠳᠤ ︽ᠲᠠᠨ ᠢ ᠬᠠᠪᠰᠤᠷᠤᠨ ᠬᠦᠢᠴᠡᠳᠬᠡᠬᠦ︾ ᠦᠢᠯᠡᠴᠢᠯᠡᠭᠡ ᠶᠢ ᠣᠶᠢᠯᠠᠭᠠᠪᠠ᠃ ︵ᠬᠡᠷᠡᠯ ᠵᠢᠷᠤᠭ ᠤᠨ ᠢᠷᠡᠯᠲᠡ᠄ | ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠢᠷᠡᠭᠡᠳᠦᠢ ᠶᠢᠨ ᠵᠠᠮ ᠢᠶᠠᠨ ᠪᠠᠷᠠᠯᠠᠬᠤ᠄ ᠪᠠᠬᠢᠵᠢᠭᠦᠯᠦᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠨ᠎ᠡ ᠥᠨᠳᠥᠷᠴᠡ ᠶᠢ ᠪᠣᠢ | ᠪᠣᠯᠭᠠᠨ᠎ᠠ | 2025 ᠣᠨ ᠢ ᠪᠠᠷᠠᠯᠠᠬᠤᠶ᠎ᠠ᠂ ᠲᠦᠩᠯᠢᠶᠣᠤ ᠬᠤᠲᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ︾ | ᠢᠶᠠᠷ ᠭᠤᠤᠯ ᠰᠡᠳᠦᠪ ᠪᠣᠯᠭᠠᠵᠤ᠂ ︽ᠲᠣᠭᠠᠴᠢᠯᠠᠯᠲᠠ + ᠠᠵᠤ ᠦᠶᠢᠯᠡᠰᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ︾ ᠢᠶᠠᠷ ᠭᠤᠤᠯ ᠰᠢᠵᠢᠮ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠡᠪ ᠳᠠᠭᠤᠷᠢᠶᠠᠯᠲᠤ ᠬᠤᠲᠠ ᠶᠢ ᠪᠣᠶ ᠪᠣᠯᠭᠠᠬᠤ ᠬᠠᠷᠠᠯᠲᠠ ᠶᠢ | ᠲᠣᠭᠲᠠᠭᠠᠵᠤ᠂ ︽ᠡᠵᠡᠩᠨᠡᠯᠲᠡ ᠳᠤ ᠲᠣᠬᠢᠲᠠᠢ ᠲᠦᠩᠯᠢᠶᠣᠤ︾ ᠬᠡᠮᠡᠬᠦ ᠨᠠᠷᠠᠲᠤ ᠱᠣᠰᠢᠭ᠎ᠠ ᠶᠢ ᠪᠥᠬᠦ ᠬᠦᠴᠦᠨ ᠢᠶᠠᠷ ᠢᠶᠠᠨ ᠳᠠᠭᠤᠷᠢᠰᠤᠭᠤᠯᠤᠨ᠎ᠠ᠃ ᠲᠦᠩᠯᠢᠶᠣᠣ | ᠬᠤᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠡᠯᠬᠢᠶ᠎ᠡ ᠮᠠᠶ᠋ᠢᠭ ᠤᠨ ᠦᠢᠯᠡᠴᠢᠯᠡᠭᠡᠨ ᠤ ᠰᠢᠰᠲ᠋ᠧᠮ ᠢ ᠪᠠᠢᠭᠤᠯᠬᠤ᠂ ᠬᠦᠷᠦᠯᠴᠡᠬᠦ ᠦᠭᠡᠢ ᠲᠠᠯ᠎ᠠ ᠪᠠᠨ | ᠨᠥᠬᠦᠪᠦᠷᠢᠯᠡᠵᠦ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠭᠤᠣᠯᠯᠠᠬᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠵᠡᠷᠭᠡ ᠭᠤᠷᠪᠠᠨ ᠲᠠᠯ᠎ᠠ ᠪᠠᠷ | ᠭᠤᠣᠯᠳᠠᠯᠭ᠎ᠠ ᠲᠠᠢ ᠬᠦᠴᠦᠯᠡᠬᠦ ᠪᠣᠯᠤᠨ᠎ᠠ᠃ ᠲᠤᠯᠤᠭᠠᠨ ᠦᠢᠯᠡᠴᠢᠯᠡᠭᠡᠨ ᠤ ᠬᠡᠯᠬᠢᠶ᠎ᠡ ᠶᠢ ᠰᠦᠪᠡᠭᠴᠢᠯᠡᠬᠦ᠂ ᠲᠤᠯᠤᠭᠠᠨ ᠰᠢᠯᠢᠳᠡᠭᠵᠢᠭᠦᠯᠬᠦ ᠢᠨᠵᠧᠨᠧᠷᠢᠩ ᠢ | ᠬᠡᠷᠡᠭᠵᠢᠭᠦᠯᠬᠦ ᠵᠢᠴᠢ 7 ᠠᠵᠤ ᠦᠢᠯᠡᠰ ᠤᠨ ᠲᠤᠰᠬᠠᠶ ᠲᠥᠰᠦᠯ ᠢ ᠲᠣᠭᠲᠠᠭᠠᠬᠤ ᠪᠠᠷ ᠳᠡᠮᠵᠢᠨ᠂ ᠲᠦᠩᠯᠢᠶᠣᠤ ᠬᠤᠲᠠ ᠬᠤᠳᠠᠯᠳᠤᠭ᠎ᠠ ᠡᠵᠡᠩᠨᠡᠬᠦ ᠰᠢᠨ᠎ᠡ ᠠᠮᠢ | ᠠᠬᠤᠶ ᠶᠢ ᠪᠥᠬᠦ ᠲᠠᠯ᠎ᠠ ᠪᠠᠷ ᠪᠠᠶᠢᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠭᠤᠤᠯᠯᠠᠬᠤ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠲᠠᠰ ᠳᠡᠪᠰᠢᠭᠦᠯᠬᠦ ᠪᠠ ᠪᠥᠭᠡᠮᠨᠡᠷᠡᠨ ᠬᠥᠭᠵᠢᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠲᠦᠩᠯᠢᠶᠣᠤ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠡᠷᠡᠯ ᠰᠠᠴᠤᠷᠠᠩᠭᠤᠶ ᠬᠠᠭᠤᠳᠠᠰᠤ ᠶᠢ | ᠪᠢᠴᠢᠭᠯᠡᠨ᠎ᠡ᠃ | | | | | | ︽ᠡᠵᠡᠩᠨᠡᠯᠲᠡ ᠳᠤ ᠲᠣᠬᠢᠲᠠᠢ ᠲᠦᠩᠯᠢᠶᠣᠤ︾ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠠᠷᠠᠲᠤ ᠱᠣᠰᠢᠭ᠎ᠠ ᠶᠢ ᠪᠥᠬᠦ ᠬᠦᠴᠦᠨ ᠢᠶᠠᠷ ᠢᠶᠠᠨ | ᠳᠠᠭᠤᠷᠢᠰᠤᠭᠤᠯᠤᠨ᠎ᠠ᠃ ︵ᠬᠡᠷᠡᠯ ᠵᠢᠷᠤᠭ ᠤᠨ ᠢᠷᠡᠯᠲᠡ᠄ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |