ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠤᠨ᠎ᠠ | | | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 —2035 ᠣᠨ︶︾ ︵ᠳᠣᠷᠣᠭᠰᠢ ︽ᠬᠥᠲᠥᠯᠪᠦᠷᠢ︾ ᠭᠡᠵᠦ | ᠳᠥᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ | ᠬᠠᠷᠠᠯᠲᠠ ᠳᠤ ᠬᠠᠨᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠰᠢᠰᠲ᠋ᠧᠮ ᠲᠠᠢ | ᠪᠠᠶᠢᠷᠢᠯᠠᠭᠤᠯᠤᠯᠲᠠ ᠬᠢᠪᠡ᠃ | ︽ᠬᠥᠲᠥᠯᠪᠦᠷᠢ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ | ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠰᠢᠵᠦ᠂ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠵᠦ᠂ ᠤᠯᠤᠰ ᠤᠨ | ᠲᠥᠯᠥᠭᠡ ᠴᠢᠳᠠᠪᠤᠷᠢᠲᠠᠨ ᠢ ᠬᠥᠮᠥᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ | ᠦᠢᠯᠡᠴᠢᠯᠡᠵᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠭᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ | ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠡᠭᠰᠢ ᠶᠢ ᠠᠬᠢᠭᠤᠯᠬᠤ᠂ | ᠶᠠᠰᠤ ᠴᠢᠨᠠᠷ ᠢ ᠳᠡᠭᠡᠭᠰᠢᠯᠡᠭᠦᠯᠭᠦ ᠶᠢ ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠲᠤᠯᠭᠠᠭᠤᠷᠢᠯᠠᠬᠤ ᠶᠢ ᠴᠢᠩᠭᠠᠳᠬᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠮᠵᠢᠯᠴᠠᠨ ᠠᠭᠤᠰᠤᠯᠴᠠᠬᠤ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠢᠲᠡᠭᠡᠬᠦ᠂ ᠬᠡᠬᠦᠳᠡᠭ | ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ | ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ | ᠪᠠ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ᠦᠨᠳᠦᠰᠦ ᠶᠢ ᠪᠠᠬᠢᠵᠢᠭᠦᠯᠦᠨ ᠰᠦᠭ ᠰᠦᠨᠡᠰᠦ ᠶᠢ | ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ | ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠠᠵᠤ ᠦᠢᠯᠡᠰ ᠪᠠ ᠰᠤᠷᠭᠠᠨ | ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠦᠷᠲᠡᠭᠡᠬᠦ ᠨᠠᠰᠤᠨ ᠲᠤᠷᠰᠢ ᠶᠢᠨ ᠰᠤᠷᠭᠠᠨ | ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ᠂ ᠬᠡᠪ | ᠴᠢᠨᠠᠷ ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠰᠢᠰᠲ᠋ᠧᠮ᠂ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠰᠠᠨ ᠣᠯᠠᠨ ᠤᠯᠤᠰ ᠤᠨ ᠬᠠᠮᠲᠤᠷᠠᠯᠴᠠᠭᠠᠨ ᠤ | ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠶᠡᠭᠡ ᠠᠴᠠ ᠬᠦᠴᠦᠷᠬᠡᠭ ᠪᠤᠯᠬᠤ ᠰᠢᠰᠲ᠋ᠧᠮ ᠲᠠᠢ ᠥᠭᠡᠳᠡᠯᠡᠯᠲᠡ ᠳᠠᠪᠰᠢᠯᠳᠠ ᠶᠢ ᠪᠡᠶᠡᠯᠡᠭᠦᠯᠬᠦ ᠬᠡᠷᠡᠭᠲᠡᠢ ᠭᠡᠵᠦ | ᠳᠤᠷᠠᠳᠪᠠ᠃ | ︽ᠬᠥᠲᠥᠯᠪᠦᠷᠢ︾ ᠳᠤ 2027 ᠣᠨ ᠪᠠ 2035 ᠣᠨ ᠪᠤᠯᠲᠠᠯᠠᠭᠢ ᠭᠤᠣᠯ ᠬᠠᠷᠠᠯᠲᠠ ᠶᠢ ᠲᠣᠳᠣᠷᠬᠠᠶᠢᠯᠠᠵᠤ᠂ 9 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠄ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠭᠦᠮᠥᠵᠢᠭᠦᠯᠦᠨᠡ᠃ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠠᠳ | ᠢᠷᠭᠡᠳ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠭᠢᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ ᠪᠠᠶᠢᠭᠤᠯᠤᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ᠃ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠠ ᠮᠡᠷᠭᠡᠵᠢᠯᠲᠦ ᠳᠠᠷᠬᠠᠨ᠂ ᠳᠡᠭᠡᠳᠦ ᠤᠷ᠎ᠠ | ᠮᠡᠷᠭᠡᠰᠢᠯᠳᠦ ᠴᠢᠳᠠᠪᠤᠷᠢᠲᠠᠨ ᠢ ᠭᠦᠮᠥᠵᠢᠭᠦᠯᠦᠨᠡ᠃ ᠰᠤᠷᠤᠯᠴᠠᠬᠤ ᠭᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ | ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠠᠭᠤᠷᠢ ᠶᠢ ᠪᠠᠲᠤᠳᠬᠠᠨ᠎ᠠ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ᠃ ᠰᠤᠷᠭᠠᠨ ᠬᠥᠮᠦᠵᠢᠯ ᠤᠨ | ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠪᠦᠬᠦᠢ | ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠨᠠᠮ ᠤᠨ ᠬᠤᠷᠢᠶ᠎ᠠ ᠠᠴᠠ ᠨᠢᠭᠡᠳᠦᠯᠲᠡᠢ | ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ | ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ | ᠪᠦᠭᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠤᠷ ᠲᠦᠪᠰᠢᠨ ᠬᠢᠭᠡᠳ ᠡᠶ᠎ᠡ ᠵᠣᠬᠢᠴᠠᠩᠭᠤᠢ ᠲᠣᠭᠲᠠᠭᠤᠨ | ᠪᠠᠶᠢᠳᠠᠯ ᠢ ᠬᠠᠮᠠᠭᠠᠯᠠᠬᠤ ᠬᠡᠷᠡᠭᠲᠡᠢ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ | ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠡᠶᠢᠭᠡᠮ ᠢᠶᠠᠷ ᠢᠶᠠᠨ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ | ᠪᠤᠯᠭᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | |