ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠪᠠ᠃ ︽ᠵᠢᠯᠤᠭᠤᠳᠬᠤ ᠰᠠᠨᠠᠯ︾ ᠳᠤ 7 ᠲᠠᠯ᠎ᠠ ᠶᠢᠨ 25 ᠵᠤᠷᠪᠤᠰ ᠠᠷᠭ᠎ᠠ ᠬᠡᠮᠵᠢᠶ᠎ᠡ ᠶᠢ ᠳᠤᠷᠠᠳᠴᠤ᠂ ᠨᠠᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠰᠠᠨ ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠪᠠ | ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠲᠤᠰᠬᠠᠶᠢᠵᠢᠭᠤᠯᠬᠤ ᠵᠠᠷᠴᠢᠮ | ᠶᠣᠰᠣᠭᠠᠷ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠠᠵᠢᠯᠯᠠᠭᠤᠯᠵᠤ᠂ ᠬᠦᠯᠢᠴᠡᠩᠭᠦᠢ ᠬᠥᠷᠥᠩᠭᠡ ᠶᠢ ᠬᠥᠭᠵᠢᠭᠦᠯᠵᠦ᠂ | ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ ᠰᠠᠭᠤᠷᠢ ᠮᠥᠩᠭᠦ ᠶᠢᠨ ᠪᠠᠶᠢᠷᠢᠰᠢᠭᠤᠯᠤᠯᠲᠠ ᠶᠢ ᠵᠣᠬᠢᠰᠲᠠᠢ ᠨᠢᠭᠡᠳᠦᠯᠲᠡᠢ | ᠲᠥᠯᠥᠪᠵᠢᠭᠦᠯᠵᠦ᠂ ᠢᠵᠢᠯᠢᠰᠢᠬᠦ ᠥᠷᠢᠰᠦᠯᠳᠦᠭᠡᠨ ᠪᠠ ᠨᠡᠶᠢᠭᠡᠮ ᠤᠨ ᠬᠥᠷᠥᠩᠭᠡ ᠶᠢ ᠰᠢᠬᠠᠨ ᠭᠠᠷᠭᠠᠬᠤ ᠦᠢᠯᠡᠳᠦᠯ ᠦᠵᠡᠭᠦᠯᠭᠦ ᠶᠢ ᠰᠡᠷᠭᠡᠶᠢᠯᠡᠨ᠎ᠡ᠃ ᠡᠷᠬᠡ | ᠬᠠᠷᠢᠭᠤᠴᠠᠯᠭ᠎ᠠ ᠨᠢᠭᠡᠳᠦᠯᠲᠡᠢ᠂ ᠤᠷᠮᠠᠰᠢᠭᠤᠯᠵᠤ ᠬᠢᠵᠠᠭᠠᠷᠯᠠᠬᠤ ᠬᠠᠷᠢᠯᠴᠠᠨ ᠵᠣᠬᠢᠴᠠᠯᠳᠤᠬᠤ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠬᠡᠪᠴᠢᠶ᠎ᠡ ᠨᠢ | ᠲᠣᠬᠢᠷᠠᠮᠵᠢᠲᠠᠢ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠠᠵᠢᠯᠯᠠᠭᠠᠨ ᠨᠢ ᠵᠢᠷᠤᠮᠵᠢᠯ ᠲᠠᠢ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ᠂ ᠲᠦᠭᠰᠢᠭᠦᠷᠢ ᠶᠢ | ᠡᠵᠡᠮᠳᠡᠵᠦ ᠪᠤᠯᠬᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠵᠢᠯᠤᠭᠤᠳᠬᠤ ᠰᠠᠨᠠᠯ︾ ᠳᠤ᠂ ᠨᠢᠭᠡ ᠳᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ | ᠰᠠᠶᠢᠲᠤᠷ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠵᠠᠬ᠎ᠠ ᠳᠡᠯᠭᠡᠭᠦᠷ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ ᠳᠡᠶᠢᠯᠭᠦ ᠦᠭᠡᠢ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ ᠣᠷᠣᠭᠤᠯᠤᠨ | ᠲᠠᠶᠢᠴᠢᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠡᠮᠵᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠪᠴᠢᠯᠡᠨ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠠᠭᠤᠷᠢ ᠮᠥᠩᠭᠦ ᠶᠢᠨ ᠤᠷᠲᠤ ᠬᠤᠭᠤᠴᠠᠭᠠᠨ ᠤ ᠬᠥᠷᠥᠩᠭᠡ᠂ ᠬᠦᠯᠢᠴᠡᠩᠭᠦᠢ ᠬᠥᠷᠥᠩᠭᠡ ᠶᠢᠨ ᠦᠶᠡᠯᠡᠯ | ᠠᠯᠤᠰᠯᠠᠬᠤ ᠪᠠ ᠦᠶᠡᠯᠡᠯ ᠰᠥᠷᠬᠦ ᠲᠣᠬᠢᠷᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠲᠡᠰ ᠲᠦᠷᠦᠯ ᠬᠤᠪᠢᠶᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠰᠠᠭᠤᠷᠢ ᠮᠥᠩᠭᠦ ᠪᠠᠶᠢᠭᠤᠯᠬᠤ ᠳᠡᠰ ᠬᠤᠪᠢᠶᠠᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠳᠠᠯᠢ ᠪᠤᠰᠤ ᠲᠥᠷᠥᠯ | ᠭᠡᠯᠪᠡᠷᠢ ᠶᠢᠨ ᠰᠠᠭᠤᠷᠢ ᠮᠥᠩᠭᠦ ᠶᠢᠨ ᠵᠦᠷᠢᠶᠡᠴᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠪᠡᠯᠡ | ᠭᠠᠷᠭᠠᠬᠤ ᠲᠥᠰᠥᠪ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠭᠤᠷᠪᠠ ᠳᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠠᠶᠢᠷᠢᠰᠢᠭᠤᠯᠤᠯᠲᠠ ᠶᠢ | ᠨᠡᠶᠢᠳᠬᠡᠨ ᠰᠢᠯᠢᠳᠡᠭᠵᠢᠭᠦᠯᠬᠦ ᠬᠡᠷᠡᠭᠲᠡᠢ᠃ ᠤᠯᠤᠰ ᠤᠨ ᠲᠠᠰ ᠤᠨ ᠰᠠᠭᠤᠷᠢ ᠮᠥᠩᠭᠦ ᠬᠢᠭᠡᠳ ᠣᠷᠣᠨ ᠨᠤᠲᠤᠭ ᠤᠨ ᠰᠠᠭᠤᠷᠢ ᠮᠥᠩᠭᠦ ᠨᠢ ᠬᠠᠮᠲᠤᠷᠠᠯ ᠬᠦᠴᠦᠨ ᠢ | ᠪᠦᠷᠢᠯᠳᠦᠭᠦᠯᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ | ᠴᠢᠩᠭᠠᠳᠬᠠᠬᠤ ᠬᠡᠷᠡᠭᠲᠡᠢ᠃ ᠳᠥᠷᠪᠡ ᠳᠤ᠂ ᠲᠤᠰᠬᠠᠶᠢᠵᠢᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ | ᠮᠥᠩᠭᠦᠨ ᠤ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ | ᠰᠠᠭᠤᠷᠢ ᠮᠥᠩᠭᠦ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠪᠦᠷᠢᠨᠰᠢᠭᠦᠯᠵᠦ᠂ ᠠᠯᠳᠠᠭ᠎ᠠ ᠪᠤᠷᠤᠭᠤ ᠶᠢ ᠪᠠᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠭᠦ ᠬᠡᠯᠬᠢᠶ᠎ᠡ᠂ ᠪᠦᠭᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠰᠢᠯᠢᠳᠡᠭᠵᠢᠭᠦᠯᠦᠨ᠂ ᠳᠥᠭᠦᠮᠬᠡᠨ ᠢᠶᠠᠷ ᠲᠠᠩ ᠭᠠᠭᠴᠠ ᠲᠥᠷᠥᠯ ᠵᠦᠢᠯ ᠪᠤᠶᠤ ᠲᠠᠩ ᠭᠠᠭᠴᠠ ᠣᠨ ᠤ | ᠣᠯᠵᠤ ᠠᠯᠳᠠᠬᠤ ᠪᠠᠷ ᠰᠢᠯᠭᠠᠨ ᠬᠢᠨᠠᠬᠤ ᠦᠨᠳᠦᠰᠦᠯᠡᠯ ᠪᠤᠯᠭᠠᠬᠤ ᠦᠭᠡᠢ ᠪᠠᠶᠢᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠰᠠᠭᠤᠷᠢ ᠮᠥᠩᠭᠦᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠥᠪ ᠴᠢᠭᠯᠡᠯ ᠢᠶᠠᠷ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠤᠶᠢᠯᠭᠠᠵᠤ᠂ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠢᠲᠡᠭᠡᠯ ᠢ ᠬᠥᠪᠴᠢᠯᠡᠬᠦ | ᠬᠡᠷᠡᠭᠲᠡᠢ᠃ ᠲᠠᠪᠤ ᠳᠤ᠂ ᠤᠬᠤᠷᠢᠨ ᠭᠠᠷᠬᠤ ᠲᠣᠭᠲᠠᠴᠠ ᠶᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠰᠠᠶᠢᠨ ᠡᠷᠭᠢᠯᠲᠡ ᠶᠢ ᠠᠬᠢᠭᠤᠯᠬᠤ ᠬᠡᠷᠡᠭᠲᠡᠢ᠃ ᠰᠠᠭᠤᠷᠢ | ᠮᠥᠩᠭᠦ ᠶᠢ ᠪᠤᠴᠠᠭᠠᠨ ᠭᠠᠷᠭᠠᠬᠤ ᠠᠷᠭ᠎ᠠ ᠵᠠᠮ ᠢ ᠥᠷᠭᠡᠳᠬᠡᠵᠦ᠂ ᠬᠤᠪᠢ ᠪᠠᠷ ᠢᠶᠠᠨ ᠵᠣᠭᠤᠰ ᠴᠤᠭᠯᠠᠭᠤᠯᠬᠤ ᠰᠲ᠋ᠣᠺ ᠤᠨ ᠡᠷᠬᠡ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠰᠠᠭᠤᠷᠢ ᠮᠥᠩᠭᠦ᠂ ᠰᠠᠭᠤᠷᠢ ᠮᠥᠩᠭᠦ ᠶᠢ ᠨᠡᠶᠢᠯᠡᠭᠦᠯᠦᠨ ᠬᠤᠳᠠᠯᠳᠤᠨ ᠠᠪᠬᠤ ᠵᠡᠷᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠣᠯᠠᠨ ᠳᠡᠰ | ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠤᠴᠠᠭᠠᠨ ᠭᠠᠷᠭᠠᠬᠤ ᠶᠠᠪᠤᠴᠠ ᠶᠢ ᠳᠥᠭᠦᠮᠴᠢᠯᠡᠬᠦ ᠶᠢ | ᠰᠦᠪᠡᠭᠴᠢᠯᠡᠬᠦ ᠬᠡᠷᠡᠭᠲᠡᠢ᠃ ᠵᠢᠷᠭᠤᠭ᠎ᠠ ᠳᠤ᠂ ᠳᠣᠲᠣᠭᠠᠳᠤ ᠡᠵᠡᠮᠳᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠡᠷᠡᠭᠲᠡᠢ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ | ᠬᠡᠷᠡᠭᠲᠡᠢ᠃ ᠳᠣᠯᠤᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠬᠢᠨᠠᠨ ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ | ︽ᠵᠢᠯᠤᠭᠤᠳᠬᠤ ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠠᠵᠢᠯ ᠢ ᠰᠠᠶᠢᠲᠤᠷ ᠬᠢᠵᠦ᠂ ᠬᠠᠮᠢᠶᠠᠷᠤᠯᠲᠠ ᠦᠢᠯᠡᠴᠢᠯᠡᠭᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 7 ᠤ ᠴᠠᠭᠢᠯᠭᠠᠨ ᠮᠡᠳᠡᠭᠡ︶ |