2 ᠳ᠋ᠤᠭᠠᠷ ᠰᠠᠷ᠎ᠠ ᠶᠢᠨ 11 ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ | ᠰᠢᠶᠠᠨ ᠳ᠋ᠦᠩ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠣᠣᠱᠯᠠᠭᠤᠯᠬᠤ ᠶᠢ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠣᠣᠱᠯᠠᠭᠤᠯᠬᠤ ᠯᠤᠭ᠎ᠠ ᠤᠶᠠᠯᠳᠤᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠳᠠᠪᠠᠯᠲᠠ | ᠲᠠᠢ ᠨᠡᠬᠡᠯᠲᠡ ᠶᠢᠨ ᠠᠯᠬᠤᠴᠠ ᠶᠢ ᠲᠦᠷᠭᠡᠳᠬᠡᠵᠦ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠠᠯ ᠲᠠᠷᠢᠶᠠᠯᠠᠩ ᠤᠨ ᠠᠵᠤ | ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠵᠤ᠂ ᠬᠥᠭᠵᠢᠯᠲᠡ ᠪᠣᠯᠤᠨ ᠠᠶᠤᠯᠭᠦᠢ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ | ᠴᠢᠷᠮᠠᠶᠢᠨ ᠲᠡᠮᠡᠴᠡᠵᠦ ᠵᠢᠳᠬᠦᠯ ᠭᠠᠷᠭᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ︽ᠦᠨᠡᠨ︾ ᠰᠡᠳᠬᠦᠯ ᠤᠨ 2025 ᠣᠨ ᠤ ᠭᠤᠷᠪᠠᠳᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ | ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠠᠷᠢᠨ | ᠬᠢᠨᠠᠮᠠᠭᠠᠢ ᠰᠤᠷᠤᠯᠴᠠᠨ ᠲᠣᠣᠱᠯᠠᠭᠤᠯᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠪᠠᠷ ᠳᠠᠮᠵᠢᠭᠤᠯᠤᠨ ᠰᠠᠶᠢᠨ ᠰᠠᠶᠢᠬᠠᠨ ᠨᠠᠮ ᠤᠨ | ᠰᠤᠷᠲᠠᠯ᠂ ᠵᠠᠰᠠᠭ ᠤᠨ ᠰᠤᠷᠲᠠᠯ᠂ ᠨᠡᠶᠢᠭᠡᠮ ᠤᠨ ᠰᠤᠷᠲᠠᠯ ᠢ ᠪᠠᠶᠢᠭᠤᠯᠵᠤ᠂ ᠣᠳᠣᠬᠢᠴᠢᠯᠠᠭᠰᠠᠨ ᠲᠦᠩᠯᠢᠶᠣᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ | ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠪᠥᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠬᠠᠤᠯᠢ ᠴᠠᠭᠠᠵᠠ ᠶᠢᠨ | ᠠᠵᠢᠯ ᠳᠠᠬᠢ ᠨᠠᠮ ᠤᠨ ᠬᠠᠷᠢᠴᠠᠯᠠᠰᠢᠭᠦᠶ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ | ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠲᠦᠩᠯᠢᠶᠣᠤ ᠶᠢᠨ ᠦᠢᠯᠡᠳᠦᠯᠭᠡ ᠶᠢ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠱᠠᠲᠤᠨ ᠤ | ᠨᠠᠮ ᠤᠨ ᠬᠤᠷᠢᠶ᠎ᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ | ᠨᠢᠭᠡᠴᠡ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠳᠡᠭᠡᠷ᠎ᠡ ᠪᠠᠰᠠ ᠬᠤᠯᠪᠣᠭᠳᠠᠯ ᠪᠦᠬᠦᠢ ᠬᠤᠳᠠ ᠶᠢᠨ ᠲᠡᠰ ᠤᠨ ᠤᠳᠤᠷᠢᠳᠬᠤ ᠨᠥᠬᠦᠳ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ | ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠰᠤᠳᠤᠯᠪᠠ᠃ |