2025 ᠣᠨ ᠤ ᠲᠦᠩᠯᠢᠶᠣᠣ ᠬᠤᠲᠠ ᠶᠢᠨ ᠥᠯᠵᠡᠶᠢᠲᠦ ᠡᠳᠦᠷ ᠤᠨ ᠣᠯᠠᠨ ᠲᠦᠮᠡᠨᠴᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠭᠡ ᠶᠢᠨ ᠲᠣᠬᠯᠠᠯᠲᠠ ᠶᠢᠨ ᠠᠵᠢᠯᠯᠠᠭ᠎ᠠ ᠬᠤᠳᠠ ᠶᠢᠨ ᠰᠣᠶᠣᠯ ᠪᠡᠶ᠎ᠡ ᠶᠢᠨ ᠲᠠᠮᠢᠷ ᠤᠨ ᠠᠭᠤᠳᠠᠮ ᠲᠠᠠᠯᠠᠪᠠᠢ ᠳᠤ ᠨᠢᠵᠢᠭᠢᠷ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2025/2/13
2025通辽市元宵节.jpg
      2 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠲᠦᠩᠯᠢᠶᠣᠣ ᠬᠤᠲᠠ ᠶᠢᠨ ᠰᠣᠶᠣᠯ ᠤᠨ ᠣᠷᠳᠣᠨ᠂ ᠬᠤᠷᠴᠢᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽ᠪᠢᠯᠢᠭᠲᠦ ᠮᠣᠭᠠᠢ ᠪᠥᠵᠢᠭᠯᠡᠨ ᠥᠯᠵᠡᠶᠢᠲᠦ ᠡᠳᠦᠷ ᠤᠨ ᠪᠠᠶᠠᠷ ᠢ ᠪᠡᠯᠭᠡᠯᠡᠬᠦ︾ 2025 ᠣᠨ ᠤ ᠲᠦᠩᠯᠢᠶᠣᠣ ᠬᠤᠲᠠ ᠶᠢᠨ ᠥᠯᠵᠡᠶᠢᠲᠦ ᠡᠳᠦᠷ ᠤᠨ ᠣᠯᠠᠨ ᠲᠦᠮᠡᠨᠴᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠭᠡ ᠶᠢᠨ ᠲᠣᠬᠯᠠᠯᠲᠠ ᠶᠢᠨ ᠠᠵᠢᠯᠯᠠᠭ᠎ᠠ ᠬᠤᠳᠠ ᠶᠢᠨ ᠰᠣᠶᠣᠯ ᠪᠡᠶ᠎ᠡ ᠶᠢᠨ ᠲᠠᠮᠢᠷ ᠤᠨ ᠠᠭᠤᠳᠠᠮ ᠲᠠᠠᠯᠠᠪᠠᠢ ᠳᠤ ᠨᠢᠵᠢᠭᠢᠷ ᠰᠠᠶᠢᠬᠠᠨ ᠶᠠᠪᠤᠭᠳᠠᠪᠠ᠃ ᠬᠤᠳᠡ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠤᠤ ᠬᠠᠩ ᠠᠵᠢᠯᠯᠠᠭ᠎ᠠ ᠳᠤ ᠣᠷᠣᠯᠴᠠᠵᠠᠢ᠃      ᠲᠤᠰ ᠤᠳᠠᠭᠠᠨ ᠤ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠤᠨ᠂ ᠪᠠᠶᠠᠷ ᠭᠦᠷ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠤᠯᠭᠠᠬᠤ ᠶᠢ ᠵᠣᠷᠢᠪᠠ᠃                 ᠰᠤᠷᠪᠤᠯᠵᠢᠯᠠᠬᠴᠢ ᠬᠤᠨᠭ᠌ ᠰᠢᠶᠠ ᠪᠤᠤ ᠯᠢᠩ ᠯᠢᠩ ᠬᠤᠸᠠᠩ ᠯᠢ ᠨᠠ ᠵᠠᠩ ᠴᠢ ᠮᠢᠨ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ