ᠪᠥᠬᠦ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/17
      2 ᠳ᠋ᠤᠭᠠᠷ ᠰᠠᠷ᠎ᠠ ᠶᠢᠨ 14 ᠳᠤ᠂ ᠲᠦᠩᠯᠢᠶᠣᠣ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠪᠠᠶ ᠯᠢ ᠵᠦ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠬᠤᠷᠠᠯ ᠳᠡᠭᠡᠷ᠎ᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠪᠣᠯ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠵᠠᠪᠠᠯ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠪᠣᠳᠠᠲᠠᠢ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠠᠷᠭ᠎ᠠ ᠠᠪᠴᠢᠯ ᠢ ᠪᠦᠷᠢᠯᠳᠦᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠣᠳᠣᠬᠠᠨ︾ ᠪᠠ ︽ᠤᠷᠳᠤ ᠬᠤᠭᠤᠴᠠᠭ᠎ᠠ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠩᠭᠡᠷᠡᠭᠰᠡᠨ ᠤᠳᠠᠭ᠎ᠠ ᠪᠦᠷᠢ ᠶᠢᠨ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠠᠰᠠᠭᠤᠳᠠᠯ ᠤᠨ ᠲᠠᠬᠢᠨ ᠢᠯᠡᠷᠡᠬᠦ ᠶᠢ ᠰᠡᠷᠭᠡᠶᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠠᠵᠢᠯ ᠤᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠲᠡᠦᠬᠡ ᠶᠢᠨ ᠥᠩᠭᠡᠷᠡᠯᠲᠡ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ