︽ᠦᠨᠡᠨᠴᠢ ᠢᠲᠡᠭᠡᠮᠵᠢ ᠶᠢᠨ ᠰᠣᠶᠣᠯ ᠢ ᠲᠦᠮᠡᠨ ᠡᠷᠦᠭᠡ ᠳᠤ ᠬᠦᠷᠭᠡᠬᠦ︾ ᠰᠢᠷᠢᠰ ᠠᠵᠢᠯᠯᠠᠭ᠎ᠠ ᠶᠢᠨ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠷᠠᠨ ᠰᠠᠶᠢᠬᠠᠨ ᠤ ᠲᠣᠬᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2025/2/17
  2 ᠰᠠᠷ᠎ᠠ ᠶᠢᠨ 11 ᠤ ᠡᠳᠦᠷ᠂ ︽ᠦᠨᠡᠨᠴᠢ ᠢᠲᠡᠭᠡᠮᠵᠢ ᠶᠢᠨ ᠰᠣᠶᠣᠯ ᠢ ᠲᠦᠮᠡᠨ ᠡᠷᠦᠭᠡ ᠳᠤ ᠬᠦᠷᠭᠡᠬᠦ︾ ᠰᠢᠷᠢᠰ ᠠᠵᠢᠯᠯᠠᠭ᠎ᠠ ᠶᠢᠨ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠷᠠᠨ ᠰᠠᠶᠢᠬᠠᠨ ᠤ ᠲᠣᠬᠯᠠᠯᠲᠠ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠣᠶᠢᠵᠢᠭᠤᠯᠤᠨ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠤᠭᠤᠳᠴᠤ ᠦᠨᠡᠨᠴᠢ ᠢᠲᠡᠭᠡᠮᠵᠢ ᠶᠢᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠪᠠᠷ ᠵᠣᠷᠢᠯᠲᠠ ᠪᠠᠨ ᠪᠤᠯᠭᠠᠬᠰᠠᠨ ᠪᠠᠶᠢᠨ᠎ᠠ᠃   ᠲᠣᠬᠯᠠᠯᠲᠠ ᠨᠢ ᠳᠠᠭᠤᠤ ᠪᠥᠵᠢᠭ ︽ᠡᠷᠢᠯᠬᠢᠯᠡᠯ︾ ᠳᠤᠮᠳᠠ ᠬᠥᠰᠢᠭᠡ ᠪᠠᠨ ᠰᠡᠬᠦᠵᠦ᠂ ᠳᠠᠭᠤᠤ᠂ ᠪᠥᠵᠢᠭ᠂ ᠨᠠᠶᠢᠷᠠᠯ ᠬᠥᠭᠵᠢᠮ᠂ ᠱᠤᠭ ᠵᠦᠴᠦᠭᠡ ᠵᠡᠷᠭᠡ ᠭᠤᠶᠢᠳᠠ ᠰᠠᠶᠢᠬᠠᠨ ᠲᠣᠬᠯᠠᠯᠲᠠ ᠨᠤᠭᠤᠳ ᠡᠭᠡᠯᠵᠢᠯᠡᠨ ᠲᠣᠭᠯᠠᠭᠳᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠲᠣᠬᠯᠠᠯᠲᠠ ᠶᠢᠨ ᠭᠡᠯᠪᠡᠷᠢ ᠪᠠᠷ ᠦᠨᠡᠨᠴᠢ ᠢᠲᠡᠭᠡᠮᠵᠢ ᠶᠢᠨ ᠭᠤᠣᠯ ᠰᠡᠳᠦᠪ ᠢ ᠠᠮᠢᠳᠤᠯᠢᠭ ᠢᠶᠠᠷ ᠲᠣᠭᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠤᠬᠠᠭᠤᠯᠤᠨ᠂ ᠦᠵᠡᠭᠴᠢᠳ ᠲᠤ ᠬᠠᠷᠠᠭ᠎ᠠ ᠰᠣᠨᠣᠷ ᠤᠨ ᠦᠪᠡᠳᠡᠭᠰᠢ ᠳᠠᠶᠢᠯᠠᠯᠭ᠎ᠠ ᠶᠢ ᠡᠳ᠋ᠯᠡᠭᠦᠯᠭᠦ ᠶᠢᠨ ᠬᠠᠮᠲᠤ᠂ ᠦᠨᠡᠨᠴᠢ ᠢᠲᠡᠭᠡᠮᠵᠢ ᠶᠢᠨ ᠬᠤᠪᠢ ᠬᠥᠮᠥᠨ ᠤ ᠦᠰᠦᠨ ᠪᠤᠶᠢᠵᠢᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠳᠤ ᠦᠵᠡᠭᠦᠯᠭᠦ ᠴᠢᠬᠤᠯᠠ ᠴᠢᠨᠠᠷ ᠢ ᠭᠦᠨᠵᠡᠭᠡᠢ ᠮᠡᠳᠡᠷᠡᠭᠦᠯᠪᠡ᠃   ᠲᠣᠰ ᠤᠳᠠᠭᠠᠨ ᠤ ᠠᠵᠢᠯᠯᠠᠭ᠎ᠠ ᠶᠢ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠦᠩᠯᠢᠶᠣᠣ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠷᠴᠢᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠷᠴᠢᠨ ᠲᠣᠭᠤᠷᠢᠭ ᠤᠨ ᠤᠯᠠᠭᠠᠨᠮᠥ᠋ᠴᠢᠷ ᠠᠴᠠ ᠳᠠᠭᠠᠭᠠᠴᠢᠯᠠᠨ ᠡᠷᠭᠢᠯᠡᠪᠡ᠃                      ︵ᠵᠠᠩ ᠰᠢᠨ ᠶᠤᠸᠠᠢ ᠯᠢᠶᠠᠩ ᠴᠤᠤ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ