ᠡᠮᠦᠨᠡᠬᠡᠨ᠂ ᠪᠦᠭᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2024 ᠣᠨ ᠤ ᠪᠦᠭᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠦᠭᠦ ᠲᠠᠯ᠎ᠠ ᠪᠠᠷ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠣᠨ ᠳᠤ᠂ ᠪᠦᠭᠦ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ | ᠠᠵᠢᠯ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠬᠠᠷᠭᠤᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠥᠮᠵᠢ ᠪᠤᠯᠭᠠᠵᠤ᠂ | ᠡᠭᠦᠷᠭᠡ ᠬᠠᠷᠠᠯᠲᠠ ᠪᠠᠨ ᠲᠣᠭᠲᠠᠭᠠᠵᠤ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠨ ᠤ ᠬᠤᠳᠠ ᠪᠠᠯᠭᠠᠰᠤ ᠶᠢᠨ 1.35 ᠲᠦᠮᠡ ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠪᠠᠭᠲᠠᠭᠠᠮᠵᠢ ᠶᠢ | ᠥᠷᠭᠡᠳᠬᠡᠵᠦ᠂ ᠣᠨᠴᠠᠯᠢᠭᠲᠤ ᠮᠠᠯ ᠠᠵᠤ ᠠᠬᠤᠢ ᠶᠢ ᠬᠥᠭᠵᠢᠭᠦᠯᠵᠦ ᠠᠵᠢᠯ ᠣᠯᠭᠤᠯᠲᠠ ᠶᠢ ᠠᠭᠢᠭᠤᠯᠤᠨ᠎ᠠ᠃ ᠪᠦᠭᠦ ᠵᠢᠯ ᠳᠤ ᠬᠤᠲᠠ ᠶᠢᠨ ᠲᠠᠰ ᠤᠨ ᠭᠦᠳᠡᠯᠮᠦᠷᠢ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢ ᠰᠢᠨ᠎ᠡ ᠪᠠᠷ 10᠂ ᠬᠤᠰᠢᠭᠤ ᠰᠢᠶᠠᠨ ᠤ ᠱᠠᠲᠤᠨ ᠤ ᠭᠦᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢ | 30 ᠨᠡᠮᠡᠭᠳᠡᠭᠦᠯᠤᠨ᠎ᠠ᠃ ᠪᠦᠭᠦ ᠵᠢᠯ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ | ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠲᠠᠪᠴᠠᠩ ᠢ ᠪᠠᠶᠢᠭᠤᠯᠤᠨ᠂ ᠰᠦᠯᠵᠢᠶᠡᠨ ᠳᠡᠭᠡᠷᠡᠬᠢ 3D ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ | ᠦᠵᠡᠭᠦᠯᠭᠡ ᠶᠢᠨ ᠲᠢᠩᠬᠢᠮ ᠢ ᠪᠠᠶᠢᠭᠤᠯᠵᠤ᠂ 400 ᠭᠠᠷᠤᠢ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠪᠠᠶᠢᠩᠭᠤᠵᠢᠭᠤᠯᠤᠨ ᠳᠡᠯᠭᠡᠨ ᠦᠵᠡᠭᠦᠯᠦᠨ᠎ᠡ᠃ ᠪᠦᠭᠦ | ᠵᠢᠯ ᠳᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 8000 ᠬᠥᠮᠥᠨ ᠤᠳᠠᠭ᠎ᠠ ᠥᠷᠨᠢᠭᠦᠯᠵᠦ᠂ ᠬᠤᠰᠢᠭᠤ ᠰᠢᠶᠠᠨ | ᠬᠤᠲᠠ ᠲᠣᠭᠤᠷᠢᠭ ᠨᠢᠭᠡᠪᠦᠷᠢ ᠳᠤ ᠠᠳᠠᠭ ᠲᠠᠭᠠᠨ ᠨᠢᠭᠡ ︽ᠠᠵᠢᠯ ᠮᠡᠷᠭᠡᠵᠢᠯ ᠤᠨ ᠤᠷ᠎ᠠ ᠴᠢᠳᠠᠪᠤᠷᠢ + ᠭᠦᠳᠡᠯᠮᠦᠷᠢ ᠦᠢᠯᠡᠴᠢᠯᠡᠭᠡ︾ ᠶᠢᠨ ᠨᠠᠷᠠᠲᠤ ᠲᠥᠷᠥᠯ | ᠲᠡᠮᠳᠡᠭ ᠢ ᠪᠣᠶᠢᠵᠢᠭᠤᠯᠵᠤ᠂ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠲᠦᠷᠭᠡᠳᠬᠡᠨ | ᠪᠠᠶᠢᠭᠤᠯᠵᠤ᠂ ᠵᠢᠯ ᠤᠨ ᠡᠴᠦᠰ ᠠᠴᠠ ᠡᠮᠦᠨ᠎ᠡ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠬᠤᠰᠢᠭᠤ ᠰᠢᠶᠠᠨ ᠬᠤᠲᠠ | ᠲᠣᠭᠤᠷᠢᠭ ᠢᠶᠠᠷ ᠲᠣᠭᠤᠷᠢᠨ ᠤᠷᠢᠨ ᠬᠡᠷᠡᠭᠯᠡᠬᠦ ᠠᠵᠢᠯᠯᠠᠭ᠎ᠠ ᠥᠷᠨᠢᠭᠦᠯᠵᠦ᠂ ᠪᠦᠭᠦ ᠵᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠷᠢᠨ | ᠬᠡᠷᠡᠭᠯᠡᠬᠦ ᠠᠵᠢᠯᠯᠠᠭ᠎ᠠ ᠶᠢ 100 ᠤᠳᠠᠭ᠎ᠠ ᠠᠴᠠ ᠳᠡᠭᠡᠭᠰᠢ ᠡᠷᠭᠢᠯᠡᠵᠦ᠂ ︽ᠭᠢᠷᠢᠨ ᠤ ᠡᠮᠦᠨ᠎ᠡ ᠯᠢᠶᠣᠤᠨᠢᠩ ᠤᠨ ᠬᠤᠶᠢᠲᠤ ᠥᠪᠥᠷ ᠮᠣᠩᠭᠤᠯ ᠤᠨ ᠵᠡᠭᠦᠨ ᠬᠡᠰᠡᠭ︾ ᠤᠨ | ᠵᠢᠷᠭᠤᠭᠠᠨ ᠬᠤᠲᠠ ᠶᠢᠨ ᠬᠠᠮᠲᠤᠷᠠᠨ ᠤᠷᠢᠨ ᠬᠡᠷᠡᠭᠯᠡᠬᠦ ᠴᠤᠭᠯᠠᠭᠠᠨ ᠢ ᠡᠷᠭᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ︽ᠲᠣᠰᠬᠤᠨ | ᠪᠣᠯᠭᠠᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠵᠦ᠂ ᠪᠦᠭᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠬᠤ ᠨᠣᠷᠮ᠎ᠠ ᠶᠢ | 95% ᠠᠴᠠ ᠳᠡᠭᠡᠭᠰᠢ ᠳᠤ ᠬᠦᠷᠭᠡᠨ᠎ᠡ᠃ ᠵᠢᠯ ᠤᠨ ᠡᠴᠦᠰ ᠲᠤ ᠪᠦᠭᠦ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠯ ᠤᠨ ᠮᠥᠩᠭᠦ ᠶᠢᠨ | ᠪᠦᠷᠬᠦᠴᠡ ᠶᠢᠨ ᠨᠣᠷᠮ᠎ᠠ ᠶᠢ 70% ᠳᠤ ᠬᠦᠷᠭᠡᠵᠦ᠂ ᠬᠤᠲᠠ ᠶᠢᠨ ᠲᠣᠰ ᠱᠠᠲᠤᠨ ᠤ ᠪᠦᠷᠬᠦᠴᠡ ᠶᠢ 85% ᠳᠤ ᠬᠦᠷᠭᠡᠨ᠎ᠡ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ᠂ ᠮᠠᠨ ᠤ ᠬᠤᠳᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠤᠯᠭᠠᠭᠤᠷᠢᠯᠠᠬᠤ ᠶᠢ ᠬᠥᠭᠵᠢᠭᠡᠨ᠎ᠡ᠃ ᠪᠦᠭᠦ | ᠵᠢᠯ ᠳᠤ ᠠᠵᠢᠯ ᠦᠢᠯᠡᠰ ᠤᠨ ᠨᠢᠭᠡᠴᠢ ᠶᠢᠨ 3000 ᠠᠵᠢᠯᠲᠠᠨ ᠢ ᠢᠯᠡ ᠪᠠᠷ ᠤᠷᠢᠨ ᠬᠡᠷᠡᠭᠯᠡᠵᠦ᠂ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠰᠡᠬᠦ ᠪᠠ | ᠲᠤᠲᠠᠭᠳᠠᠵᠤ ᠪᠠᠶᠢᠭ᠎ᠠ ᠴᠢᠳᠠᠪᠤᠷᠢᠲᠠᠨ ᠢ 200 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠰᠢᠨ᠎ᠡ ᠪᠠᠷ ᠤᠷ᠎ᠠ ᠴᠢᠳᠠᠪᠤᠷᠢ ᠶᠢᠨ ᠴᠢᠳᠠᠪᠤᠷᠢᠲᠠᠨ ᠢ 8000᠂ | ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠢ 2900᠂ ᠮᠠᠰᠲ᠋ᠧᠷ ᠪᠠ ᠳᠡᠭᠡᠳᠦ ᠮᠠᠰᠲ᠋ᠧᠷ ᠢ 600 ᠨᠡᠮᠡᠭᠳᠡᠭᠦᠯᠦᠨ᠎ᠡ᠃ ︽ᠡᠷᠬᠡ ᠠᠰᠢᠭ ᠢ ᠬᠠᠮᠠᠭᠠᠯᠠᠵᠤ ᠴᠠᠯᠢᠩ ᠢ | ᠬᠠᠮᠠᠭᠠᠯᠠᠬᠤ︾ ᠬᠤᠶᠠᠷ ᠬᠡᠮᠵᠢᠯᠲᠦ ᠲᠡᠮᠳᠡᠭ ᠢ ᠨᠡᠶᠢᠳᠡᠮ ᠬᠡᠷᠡᠭᠯᠡᠵᠦ᠂ ᠪᠦᠭᠦ ᠣᠷᠣᠨ ᠤ ᠠᠩᠬᠠᠳᠠᠭᠴᠢ ︽ᠭᠦᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠰᠦᠯᠵᠢᠶᠡᠨ | ᠳᠡᠭᠡᠷᠡᠬᠢ ᠡᠶᠡᠳᠡᠭᠦᠯᠬᠦ ᠠᠵᠢᠯ ᠤᠨ ᠲᠠᠰᠤᠭ︾ ᠢ ᠡᠭᠦᠳᠦᠨ ᠪᠠᠶᠢᠭᠤᠯᠵᠤ᠂ ᠪᠦᠭᠦ ᠵᠢᠯ ᠤᠨ ᠭᠦᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠪᠠ | ᠡᠶᠡᠳᠡᠭᠦᠯᠦᠨ ᠠᠮᠵᠢᠯᠲᠠ ᠣᠯᠣᠭᠰᠠᠨ ᠨᠣᠷᠮ᠎ᠠ ᠶᠢ 75% ᠠᠴᠠ ᠳᠡᠭᠡᠭᠰᠢ ᠳᠤ ᠬᠦᠷᠭᠡᠬᠦ ᠶᠢ ᠲᠦᠯᠬᠢᠨ ᠠᠭᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ | ︽ᠬᠠᠮᠲᠤ ᠪᠠᠷ ᠬᠢᠨᠠᠵᠤ ᠨᠢᠭᠡᠳᠦᠯᠲᠡᠢ ᠰᠢᠢᠳᠪᠦᠷᠢᠯᠡᠬᠦ︾ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠵᠦᠢᠯᠡᠰ ᠤᠨ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ ᠭᠡᠪᠡ᠃ | |