ᠮᠠᠨ ᠤ ᠬᠤᠲᠠ ᠵᠠᠮ ᠲᠡᠭᠡᠭᠡᠪᠦᠷᠢ ᠶᠢᠨ ᠬᠦᠢᠰᠦ ᠪᠤᠯᠬᠤ ᠪᠠᠶᠢᠷᠢ ᠰᠠᠭᠤᠷᠢ ᠪᠠᠨ ᠴᠢᠩᠭᠠᠳᠬᠠᠵᠤ ᠠᠵᠤ ᠠᠬᠤᠢ ᠶᠢᠨ ᠬᠥᠭᠵᠢᠯᠲᠡ ᠳᠤ ᠪᠦᠭᠦ ᠬᠦᠴᠦᠨ ᠢᠶᠠᠷ ᠢᠶᠠᠨ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/2/19
    ᠣᠶᠢᠷ᠎ᠠ ᠳᠤ᠂ 2025 ᠣᠨ ᠤ ᠪᠦᠭᠦ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠬᠤᠷᠠᠯᠳᠤᠵᠤ᠂ 2024 ᠣᠨ ᠤ ᠵᠠᠮ ᠲᠡᠭᠡᠭᠡᠪᠦᠷᠢ ᠶᠢᠨ ᠠᠵᠢᠯ ᠢ ᠳ᠋ᠦᠩᠨᠡᠨ ᠡᠷᠭᠢᠴᠡᠭᠦᠯᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠨᠢ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠶᠢ ᠪᠠᠶᠢᠭᠤᠯᠬᠤ᠂ ᠪᠦᠭᠦ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠤᠨ ᠬᠦᠷᠢᠶᠡᠨ ᠤ ᠪᠣᠳᠠᠲᠤ ᠶᠠᠪᠤᠳᠠᠯ᠂ ᠠᠵᠢᠯ ᠲᠦᠷᠦᠯ ᠤᠨ ᠥᠭᠡᠷᠡᠴᠢᠯᠡᠯᠲᠡ ᠬᠥᠭᠵᠢᠯᠲᠡ᠂ ᠦᠵᠡᠯ ᠰᠠᠨᠠᠭ᠎ᠠ ᠦᠵᠡᠯᠲᠡ ᠲᠠᠨᠢᠯᠲᠠ ᠠᠵᠢᠯ ᠤᠨ ᠣᠪᠣᠷ ᠰᠤᠷᠲᠠᠯ ᠵᠡᠷᠭᠡ 5 ᠲᠠᠯ᠎ᠠ ᠠᠴᠠ ᠪᠦᠭᠦ ᠬᠤᠳᠠ ᠶᠢᠨ 2024 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠡᠷᠭᠢᠴᠡᠭᠦᠯᠵᠦ᠂ ᠠᠮᠵᠢᠯᠲᠠ ᠲᠣᠪᠣᠶᠢᠮ᠎ᠠ᠂ ᠦᠷ᠎ᠡ ᠪᠦᠲᠦᠭᠡᠯ ᠡᠯᠪᠡᠭ ᠪᠠᠶᠠᠯᠢᠭ᠂ ᠬᠥᠭᠵᠢᠯᠲᠡ ᠶᠢᠨ ᠢᠲᠡᠭᠡᠯ ᠢ ᠤᠯᠠᠮ ᠴᠢᠨᠠᠭᠰᠢᠳᠠ ᠨᠡᠮᠡᠭᠳᠡᠭᠦᠯᠵᠦ᠂ ᠬᠠᠮᠲᠤ ᠪᠠᠷ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃   ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠳᠤ᠂ ᠪᠦᠭᠦ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠬᠦᠢᠰᠦ ᠪᠤᠯᠬᠤ ᠪᠠᠶᠢᠷᠢ ᠰᠠᠭᠤᠷᠢ ᠶᠢ ᠴᠢᠩᠭᠠᠳᠬᠠᠬᠤ ᠪᠠ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠪᠠᠷ ᠭᠤᠣᠯ ᠪᠤᠯᠭᠠᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ᠂ ᠲᠡᠭᠡᠭᠡᠪᠦᠷᠢ ᠶᠢᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠶᠢ ᠪᠦᠭᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠶᠢᠨ ᠠᠭᠤᠰᠤᠯᠴᠠᠯ ᠢ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠳᠣᠣᠷ᠎ᠠ ᠣᠭᠲᠠᠷᠭᠤᠢ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ᠃ ᠦᠢᠯᠡᠴᠢᠯᠡᠭᠡᠨ ᠤ ᠣᠶᠢᠯᠠᠭᠠᠭᠳᠠᠬᠤᠨ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠬᠢᠵᠢᠭᠦᠯᠵᠦ᠂ ᠪᠦᠭᠦ ᠬᠦᠴᠦᠨ ᠢᠶᠠᠷ ᠢᠶᠠᠨ ᠠᠵᠤ ᠠᠬᠤᠢ ᠶᠢ ᠬᠥᠭᠵᠢᠭᠦᠯᠵᠦ ᠬᠦᠴᠦ ᠣᠷᠣᠭᠤᠯᠤᠨ ᠦᠢᠯᠡᠴᠢᠯᠡᠭᠡ ᠪᠠᠨ ᠰᠢᠯᠢᠳᠡᠭᠵᠢᠭᠦᠯᠬᠦ ᠪᠠᠷ ᠣᠶᠢᠯᠠᠭᠠᠭᠳᠠᠬᠤᠨ ᠢ ᠬᠤᠪᠢᠷᠠᠭᠤᠯᠵᠤ᠂ ᠣᠳᠣᠬᠢᠴᠢᠯᠠᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃   ᠲᠤᠬᠠᠢ ᠶᠢᠨ ᠡᠳᠦᠷ᠂ ᠪᠠᠰᠠ 2025 ᠣᠨ ᠤ ᠬᠤᠲᠠ ᠶᠢᠨ ᠰᠢᠭᠤᠳ ᠬᠠᠷᠢᠶ᠎ᠠ ᠵᠠᠮ ᠲᠡᠭᠡᠭᠡᠪᠦᠷᠢ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠰᠡᠷᠡᠮᠵᠢᠯᠡᠭᠦᠯᠭᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ 2025 ᠣᠨ ᠤ ᠵᠠᠮ ᠲᠡᠭᠡᠭᠡᠪᠦᠷᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠵᠠᠮ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠲᠠᠢ ᠬᠠᠮᠲᠤ ᠪᠠᠷ ᠲᠥᠯᠥᠪᠵᠢᠭᠦᠯᠵᠦ᠂ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ ᠠᠬᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠬᠦ ᠪᠠ ᠢᠯᠵᠠᠷᠠᠯ ᠤᠨ ᠠᠰᠠᠭᠤᠳᠠᠯ ᠢ ᠡᠷᠡᠰ ᠰᠡᠷᠭᠡᠶᠢᠯᠡᠵᠦ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠦᠲᠦᠭᠡᠬᠦ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠪᠡ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ