2024 ᠣᠨ ᠢ ᠡᠷᠭᠢᠴᠡᠭᠦᠯᠬᠦᠶ᠎ᠡ᠂ ᠲᠦᠩᠯᠢᠶᠣᠣ ᠶᠢᠨ ᠬᠦᠴᠢᠷᠳᠡᠯᠲᠦ ᠪᠠᠶᠢᠳᠠᠯ ᠢ ᠰᠢᠪᠲᠤᠯᠬᠤ ᠬᠠᠷᠠᠯᠲᠠ ᠨᠢᠭᠡᠨᠲᠡ ᠪᠡᠶᠡᠯᠡᠭᠳᠡᠵᠦ᠂ ᠳᠠᠪᠠᠯᠲᠠ ᠲᠠᠢ ᠨᠡᠬᠡᠵᠦ | ᠭᠦᠢᠴᠡᠬᠦ ᠬᠠᠨᠳᠤᠰᠢ ᠶᠠᠭ ᠪᠦᠷᠢᠯᠳᠦᠵᠦ ᠪᠤᠢ᠃ | ᠠᠮᠤ ᠪᠤᠳᠠᠭᠠᠨ ᠤ ᠶᠡᠷᠦᠩᠬᠡᠢ ᠤᠨᠠᠯᠲᠠ 194.1 ᠳ᠋ᠦᠩᠰᠢᠭᠤᠷ ᠵᠢᠩ᠂ ᠠᠯᠠᠰᠢᠨ ᠦᠬᠡᠷ ᠤᠨ ᠬᠠᠰᠢᠶᠡᠯᠡᠯᠳᠡ 395.5 ᠲᠦᠮᠡᠨ ᠲᠣᠯᠣᠭᠠᠢ᠂ ᠦᠢᠯᠡᠴᠢᠯᠡᠭᠡᠨ ᠤ | ᠭᠤᠣᠯ ᠴᠣᠭᠴᠠ ᠶᠢᠨ ᠡᠵᠡᠩᠨᠡᠯᠲᠡ ᠶᠢᠨ ᠣᠷᠣᠯᠭ᠎ᠠ 25 ᠳ᠋ᠦᠩᠰᠢᠭᠤᠷ ᠲᠥᠭᠦᠷᠢᠭ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠨᠡᠷᠡᠲᠦ ᠲᠡᠮᠳᠡᠭ ᠤᠨ | ᠥᠷᠲᠡᠭ 271.6 ᠳ᠋ᠦᠩᠰᠢᠭᠤᠷ ᠲᠥᠭᠦᠷᠢᠭ ᠁ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠶᠢᠨ ᠲᠤᠰᠠᠳᠠ᠂ ᠮᠠᠨ ᠤ ᠬᠤᠲᠠ ᠡᠷᠳᠡᠨᠢ ᠰᠢᠰᠢ᠂ ᠠᠯᠠᠰᠢᠨ ᠦᠬᠡᠷ ᠬᠤᠶᠠᠷ ᠲᠣᠮᠣ ᠭᠤᠣᠯᠯᠠᠬᠤ ᠠᠵᠤ ᠦᠢᠯᠡᠰ ᠢ | ᠲᠣᠪᠣᠶᠢᠮ᠎ᠠ ᠰᠠᠶᠢᠲᠤᠷ ᠠᠳᠬᠤᠵᠤ᠂ ᠮᠢᠩᠭᠠᠨ ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠭᠦ | ᠣᠷᠣᠨ᠂ ︽ᠪᠦᠭᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠲᠡᠷᠢᠭᠦᠨ ᠴᠢᠬᠤᠯᠠ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠲᠦᠯᠬᠢᠨ ᠠᠬᠢᠭᠤᠯᠪᠠ᠃ | ᠲᠤᠭ᠎ᠠ ᠪᠠᠷᠢᠮᠲᠠ ᠨᠢᠭᠡᠪᠦᠷᠢ᠂ ᠦᠵᠡᠰᠬᠦᠯᠡᠩᠲᠦ ᠰᠠᠶᠢᠬᠠᠨ ᠦᠵᠡᠮᠵᠢ ᠪᠦᠷᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠭᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠡᠷᠡᠮᠡᠬᠡᠶᠢᠯᠡᠨ ᠤᠷᠤᠭᠰᠢᠯᠠᠭᠰᠠᠨ ᠤ ᠠᠮᠢᠳᠤᠯᠢᠭ ᠲᠠᠶᠢᠯᠪᠤᠷᠢ ᠪᠤᠯᠣᠨ᠎ᠠ᠃ ᠲᠦᠩᠯᠢᠶᠣᠣ ᠶᠢᠨ | ᠥᠷᠨᠢᠩᠭᠦᠢ ᠬᠥᠭᠵᠢᠯᠲᠡ ᠶᠢᠨ ᠪᠣᠳᠠᠲᠤ ᠪᠠᠷᠢᠮᠲᠠ᠂ ᠬᠢᠵᠠᠭᠠᠯᠠᠰᠢ ᠦᠭᠡᠢ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠵᠢᠴᠢ ᠴᠢᠨᠠᠷ ᠰᠠᠶᠢᠲᠠᠢ ᠯᠠᠪᠳᠠᠭᠤᠨ | ᠪᠠᠲᠤᠲᠠᠢ ᠠᠯᠬᠤᠭ᠎ᠠ ᠶᠢᠨ ᠪᠠᠲᠤ ᠰᠠᠭᠤᠷᠢ ᠪᠣᠯᠣᠨ᠎ᠠ᠃ | ᠪᠦᠭᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ ᠤ ᠳ᠋ᠦᠩ ᠳᠤ ᠮᠠᠨ ᠤ ᠬᠤᠲᠠ ᠶᠢᠨ ᠲᠠᠷᠢᠶᠠᠯᠠᠩ ᠮᠠᠯ | ᠠᠵᠤ ᠠᠬᠤᠢ ᠡᠯ᠎ᠡ ᠲᠠᠯ᠎ᠠ ᠪᠠᠷ ᠴᠡᠴᠡᠭᠯᠡᠨ ᠬᠥᠭᠵᠢᠵᠦ ᠲᠣᠪᠣᠶᠢᠮ᠎ᠠ ᠬᠢᠷᠢ ᠪᠦᠲᠦᠮᠵᠢ ᠣᠯᠵᠠᠢ᠃ ᠡᠳᠡᠭᠡᠷ ᠭᠢᠯᠠᠯᠵᠠᠮ᠎ᠠ ᠲᠤᠭ᠎ᠠ ᠪᠠᠷᠢᠮᠲᠠ ᠨᠢ ᠴᠸ ᠲᠦᠩᠯᠢᠶᠣᠣ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠤ ᠠᠮᠢᠳᠤᠯᠢᠭ ᠲᠤᠰᠬᠠᠯ ᠪᠣᠯᠤᠭᠰᠠᠨ ᠪᠠᠶᠢᠨ᠎ᠠ᠃ | ᠠᠮᠤ ᠪᠤᠳᠠᠭᠠᠨ ᠤ ᠦᠢᠯᠡᠳᠪᠦᠷᠢᠯᠡᠯ ᠤᠨ ︽ᠲᠦᠩᠯᠢᠶᠣᠣ ᠶᠢᠨ ᠭᠠᠶᠢᠬᠠᠮᠰᠢᠭ︾᠄ ᠮᠢᠩᠭᠠᠨ ᠲᠦᠮᠡᠨ ᠮᠦ ᠶᠢᠨ ᠤᠳᠤ ᠦᠶ᠎ᠡ ᠶᠢᠨ ᠤᠰᠤ ᠠᠷᠪᠢᠯᠠᠬᠤ ᠥᠨᠳᠥᠷ | ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ | 2024 ᠣᠨ ᠳᠤ᠂ ᠮᠠᠨ ᠤ ᠬᠤᠲᠠ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠪᠦᠭᠦ ᠬᠦᠴᠦᠨ ᠢᠶᠠᠷ ᠢᠶᠠᠨ ᠤᠯᠤᠰ ᠤᠨ ᠲᠠᠰ ᠤᠨ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠢ ᠴᠣᠭᠴᠠᠯᠠᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ | ᠲᠠᠷᠢᠶᠠᠯᠠᠩ ᠤᠨ ᠰᠠᠭᠤᠷᠢ ᠶᠢ ᠭᠦᠨᠵᠡᠭᠡᠢ ᠪᠠᠲᠤᠳᠬᠠᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠨᠢᠭᠡᠴᠢ ᠤᠨᠠᠯᠲᠠ ᠶᠢ ᠳᠡᠭᠡᠭᠰᠢᠯᠡᠭᠦᠯᠭᠦ ᠬᠤᠶᠠᠷ ᠲᠠᠯ᠎ᠠ ᠪᠠᠷ | ᠬᠦᠴᠦᠯᠡᠬᠦ ᠶᠢ ᠪᠠᠷᠢᠮᠲᠠᠯᠠᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠪᠠᠲᠤ ᠴᠢᠩᠭ᠎ᠠ ᠰᠠᠬᠢᠨ ᠬᠠᠮᠠᠭᠠᠯᠠᠭᠴᠢ ᠪᠣᠯᠪᠠ᠃ | ᠰᠢᠨ᠎ᠡ ᠨᠢᠭᠡ ᠵᠢᠯ ᠳᠤ᠂ ᠬᠤᠷᠴᠢᠨ ᠲᠣᠭᠤᠷᠢᠭ ᠤᠨ ᠾᠦᠢ ᠮᠢᠨ ᠱᠧᠩ ᠹᠧᠩ ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠮᠠ ᠵᠦᠩ ᠴᠧᠨ | 1 ᠲᠦᠮᠡ ᠭᠠᠷᠤᠢ ᠲᠠᠷᠢᠶᠠᠴᠢᠨ ᠡᠷᠦᠭᠡ ᠶᠢ ᠳᠠᠭᠠᠭᠤᠯᠤᠨ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠰᠡᠨ ᠭᠡᠯᠪᠡᠷᠢ ᠶᠢᠨ ᠲᠠᠷᠢᠶᠠᠯᠠᠩ ᠢ ᠬᠥᠭᠵᠢᠭᠦᠯᠬᠦ ᠪᠠᠷ | ᠪᠠᠶᠢᠨ᠎ᠠ᠃ ᠴᠠᠭᠠᠨ ᠰᠠᠷ᠎ᠠ ᠠᠴᠠ ᠡᠮᠦᠨ᠎ᠡ᠂ ᠲᠡᠷᠡ ᠶᠠᠭ ᠭᠠᠵᠠᠷ ᠰᠢᠷᠣᠢ ᠶᠢᠨ ᠡᠷᠭᠢᠯᠲᠡ ᠶᠢᠨ ᠶᠠᠪᠤᠳᠠᠯ ᠢ ᠵᠣᠬᠢᠴᠠᠭᠤᠯᠬᠤ ᠪᠠᠷ ᠶᠠᠭᠠᠷᠠᠯᠳᠤᠵᠤ ᠪᠠᠶᠢᠯ᠎ᠠ᠃ | 2024 ᠣᠨ ᠤ ᠡᠬᠢᠨ ᠳᠤ᠂ ᠾᠦᠢ ᠮᠢᠨ ᠱᠧᠩ ᠹᠧᠩ ᠲᠠᠷᠢᠶᠠᠴᠢᠨ ᠤ ᠲᠤᠰᠬᠠᠢ ᠬᠤᠷᠰᠢᠶᠠᠵᠢᠯ ᠪᠣᠯᠣᠨ 40 ᠭᠠᠷᠤᠢ ᠬᠤᠷᠰᠢᠶᠠᠵᠢᠯ ᠬᠠᠮᠲᠤᠷᠠᠨ | ︽ᠲᠦᠩᠯᠢᠶᠣᠣ ᠬᠤᠳᠠ ᠶᠢᠨ ᠤᠯᠠᠭᠠᠨ ᠦᠬᠡᠷ ᠤᠨ ᠲᠠᠷᠢᠶᠠᠯᠠᠩ ᠤᠨ ᠮᠠᠰᠢᠨ ᠤ ᠬᠤᠷᠰᠢᠶᠠᠵᠢᠯ ᠤᠨ ᠬᠤᠯᠪᠣᠭᠠᠲᠤ ᠬᠤᠷᠰᠢᠶᠠᠵᠢᠯ︾ ᠢ ᠪᠠᠶᠢᠭᠤᠯᠪᠠ᠃ ᠬᠤᠯᠪᠣᠭᠠᠲᠤ | ᠬᠤᠷᠰᠢᠶᠠᠵᠢᠯ ᠨᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠺᠤᠮᠫᠠᠨᠢ᠂ ᠬᠤᠷᠴᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠶᠠᠯᠠᠩ ᠤᠨ ᠳᠡᠯᠭᠡᠷᠡᠭᠦᠯᠦᠯᠲᠡ ᠶᠢᠨ ᠲᠥᠪ ᠯᠦᠭᠡ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠣᠶᠤᠨᠴᠢ ᠲᠠᠷᠢᠶᠠᠯᠠᠩ ᠤᠨ ᠲᠠᠯᠠᠪᠠᠶ ᠪᠠ ᠲᠣᠭᠠᠴᠢᠯᠠᠭᠰᠠᠨ | ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃ 200 ᠮᠦ ᠶᠢᠨ ᠣᠶᠤᠨᠴᠢ ᠲᠠᠷᠢᠶᠠᠯᠠᠩ ᠤᠨ ᠲᠠᠯᠠᠪᠠᠶ ᠪᠠᠷ ᠭᠤᠣᠯ | ᠪᠤᠯᠭᠠᠵᠤ᠂ ᠲᠦᠮᠡᠨ ᠮᠦ ᠶᠢᠨ ᠲᠣᠭᠠᠴᠢᠯᠠᠭᠰᠠᠨ ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠦᠮᠡᠨ ᠮᠦ ᠶᠢᠨ ᠨᠢᠭᠡᠴᠢ | ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ ᠡᠷᠳᠡᠨᠢ ᠰᠢᠰᠢ ᠶᠢᠨ ᠦᠢᠯᠡᠳᠪᠦᠷᠢᠯᠡᠯ ᠤᠨ ︽ᠬᠠᠭᠠᠯᠪᠤᠷᠢᠯᠠᠬᠤ᠂ | ᠳᠠᠷᠢᠬᠤ᠂ ᠰᠡᠷᠭᠡᠶᠢᠯᠡᠬᠦ᠂ ᠬᠤᠷᠢᠶᠠᠬᠤ︾ ᠠᠵᠤ ᠦᠢᠯᠡᠰ ᠤᠨ ᠬᠡᠯᠬᠢᠶ᠎ᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠥᠯᠢᠭᠡᠷ ᠵᠢᠱᠢᠶ᠎ᠡ ᠪᠣᠯᠵᠤ᠂ ᠮᠦ ᠳᠤᠮᠳᠠᠴᠢ ᠶᠢᠨ | ᠤᠨᠠᠯᠲᠠ 1000 ᠺᠢᠯᠣᠭ᠍ᠷᠠᠮ ᠢ ᠳᠠᠪᠠᠪᠠ᠃ | 2024 ᠣᠨ ᠳᠤ᠂ ᠮᠠᠨ ᠤ ᠬᠤᠲᠠ ᠡᠷᠳᠡᠨᠢ ᠰᠢᠰᠢ ᠶᠢᠨ ᠨᠢᠭᠡᠴᠢ ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠡᠷᠳᠡᠨᠢ | ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠᠲᠤ ᠮᠡᠷᠭᠡᠵᠢᠯ ᠤᠨ ᠵᠠᠭᠪᠤᠷ ᠢ 602 ᠲᠦᠮᠡᠨ ᠮᠦ | ᠳᠡᠯᠭᠡᠷᠡᠭᠦᠯᠵᠦ᠂ ᠡᠷᠳᠡᠨᠢ ᠰᠢᠰᠢ ᠶᠢᠨ ᠨᠢᠭᠡᠴᠢ ᠲᠠᠯᠠᠪᠠᠶ ᠶᠢᠨ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠭᠦᠨ ᠳᠤ᠂ ᠬᠤᠷᠴᠢᠨ | ᠲᠣᠭᠤᠷᠢᠭ ᠤᠨ ᠣᠷᠪᠣᠭ ᠪᠠᠯᠭᠠᠰᠤ ᠶᠢᠨ ᠲᠦᠮᠡᠨ ᠮᠦ ᠣᠷᠣᠨ ᠤ ᠮᠦ ᠳᠤᠮᠳᠠᠴᠢ ᠶᠢᠨ ᠤᠨᠠᠯᠲᠠ 1247 ᠺᠢᠯᠣᠭ᠍ᠷᠠᠮ ᠳᠤ ᠬᠦᠷᠴᠦ᠂ ᠬᠤᠷᠴᠢᠨ ᠲᠣᠭᠤᠷᠢᠭ ᠤᠨ | ᠠᠷᠪᠠᠨ ᠲᠦᠮᠡᠨ ᠮᠦ ᠡᠷᠳᠡᠨᠢ ᠰᠢᠰᠢ ᠶᠢᠨ ︽ᠲᠣᠨ ᠠᠮᠤ ᠶᠢᠨ ᠲᠠᠷᠢᠶ᠎ᠠ︾ ᠶᠢᠨ ᠮᠦ ᠳᠤᠮᠳᠠᠴᠢ ᠶᠢᠨ ᠤᠨᠠᠯᠲᠠ 1042 ᠺᠢᠯᠣᠭ᠍ᠷᠠᠮ ᠳᠤ ᠬᠦᠷᠴᠦ᠂ ᠪᠦᠭᠦ ᠬᠤᠲᠠ ᠶᠢᠨ | ᠵᠠᠭᠤᠨ ᠲᠦᠮᠡᠨ ᠮᠦ ᠶᠢᠨ ᠭᠤᠣᠯ ᠪᠤᠯᠬᠤ ᠣᠷᠣᠨ ᠤ ᠮᠦ ᠳᠤᠮᠳᠠᠴᠢ ᠶᠢᠨ ᠤᠨᠠᠯᠲᠠ 945.3 ᠺᠢᠯᠣᠭ᠍ᠷᠠᠮ ᠳᠤ ᠬᠦᠷᠴᠦ᠂ ᠲᠣᠰ ᠲᠣᠰ ᠪᠦᠭᠦ ᠤᠯᠤᠰ ᠤᠨ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠨᠢᠭᠡᠴᠢ ᠲᠠᠯᠠᠪᠠᠶ ᠶᠢᠨ ᠤᠨᠠᠯᠲᠠ ᠶᠢᠨ ᠲᠡᠮᠳᠡᠭᠯᠡᠯ ᠢ ᠡᠭᠦᠳᠦᠭᠰᠡᠨ ᠪᠠᠶᠢᠨ᠎ᠠ᠃ | ᠮᠠᠨ ᠤ ᠬᠤᠲᠠ ᠮᠢᠩᠭᠠᠨ ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ | ᠪᠠᠶᠢᠭᠤᠯᠤᠯᠲᠠ ᠶᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ | ᠯᠤᠭ᠎ᠠ ᠣᠷᠭᠠᠨᠢᠭ ᠢᠶᠠᠷ ᠠᠭᠤᠰᠤᠯᠴᠠᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 858 ᠲᠦᠮᠡᠨ ᠮᠦ ᠳᠤ ᠬᠦᠷᠭᠡᠵᠦ᠂ ᠪᠦᠭᠦ | ᠣᠷᠣᠨ ᠤ ᠲᠡᠷᠢᠭᠦᠨ ᠳᠤ ᠣᠷᠣᠪᠠ᠃ ᠡᠭᠦᠨ ᠤ ᠬᠠᠮᠲᠤ᠂ ᠡᠵᠡᠩᠨᠡᠯᠲᠡ ᠶᠢᠨ ᠣᠷᠣᠯᠭ᠎ᠠ ᠨᠢ ᠮᠢᠩᠭᠠᠨ ᠲᠦᠮᠡ ᠶᠢ ᠳᠠᠪᠠᠭᠰᠠᠨ 14 ᠦᠢᠯᠡᠴᠢᠯᠡᠭᠡᠨ ᠤ ᠭᠤᠣᠯ | ᠴᠣᠭᠴᠠ ᠶᠢ ᠪᠣᠶᠢᠵᠢᠭᠤᠯᠵᠤ᠂ 1000 ᠭᠠᠷᠤᠢ ᠲᠤᠰᠬᠠᠢ ᠠᠵᠢᠯ ᠤᠨ ᠬᠤᠷᠰᠢᠶᠠᠵᠢᠯ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠦᠢᠯᠡᠴᠢᠯᠡᠭᠡᠨ ᠤ ᠭᠤᠣᠯ | ᠴᠣᠭᠴᠠ ᠶᠢᠨ ᠡᠵᠡᠩᠨᠡᠯᠲᠡ ᠶᠢᠨ ᠣᠷᠣᠯᠭ᠎ᠠ 25 ᠳ᠋ᠦᠩᠰᠢᠭᠤᠷ ᠲᠥᠭᠦᠷᠢᠭ ᠲᠤ ᠭᠦᠷᠦᠭᠰᠡᠨ ᠪᠠᠶᠢᠨ᠎ᠠ᠃ | ᠮᠠᠨ ᠤ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠤᠨᠠᠯᠲᠠ ᠪᠠᠨ ᠨᠡᠮᠡᠭᠳᠡᠭᠦᠯᠵᠦ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠭᠰᠠᠭᠠᠷ ᠢᠷᠡᠵᠡᠢ᠃ 2024 ᠣᠨ ᠳᠤ᠂ 77 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠴᠢᠷᠮᠠᠶᠢᠨ ᠣᠯᠵᠤ᠂ 313.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠬᠡᠮᠵᠢᠶ᠎ᠡ ᠪᠦᠭᠦ ᠣᠷᠣᠨ ᠤ 1/3 ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃ | ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠠᠯᠢ ᠣᠯᠠᠨ ᠠᠷᠭ᠎ᠠ ᠬᠡᠮᠵᠢᠶ᠎ᠡ ᠨᠢ ᠪᠦᠭᠦ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠥᠷᠨᠢᠭᠦᠨ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠡᠳᠡᠭᠡᠷ ᠡᠯᠪᠡᠭ ᠬᠤᠷᠢᠶᠠᠯᠲᠠ ᠶᠢᠨ ᠬᠠᠭᠤᠳᠠᠰᠤ ᠲᠠᠷᠢᠶᠠᠯᠠᠩ | ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠬᠠᠷᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ | ᠪᠠᠲᠤᠳᠬᠠᠪᠠ᠃ | 2024 ᠣᠨ ᠳᠤ᠂ ᠮᠠᠨ ᠤ ᠬᠤᠲᠠ ᠶᠢᠨ ᠠᠮᠤ ᠪᠤᠳᠠᠭᠠᠨ ᠤ ᠲᠠᠷᠢᠮᠠᠯ 1904.73 ᠲᠦᠮᠡᠨ ᠮᠦ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ 194.1 ᠳ᠋ᠦᠩᠰᠢᠭᠤᠷ ᠵᠢᠩ ᠳᠤ ᠬᠦᠷᠴᠦ᠂ ᠪᠦᠭᠦ ᠣᠷᠣᠨ ᠤ | ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5.1 ᠳ᠋ᠦᠩᠰᠢᠭᠤᠷ ᠵᠢᠩ ᠨᠡᠮᠡᠭᠳᠡᠨ᠂ 2.7% ᠪᠠᠷ ᠨᠡᠮᠡᠭᠳᠡᠪᠡ᠃ ᠠᠮᠤ ᠪᠤᠳᠠᠭᠠᠨ ᠤ ᠨᠢᠭᠡᠴᠢ | ᠲᠠᠯᠠᠪᠠᠢ ᠶᠢᠨ ᠮᠦ ᠳᠤᠮᠳᠠᠴᠢ ᠶᠢᠨ ᠤᠨᠡᠯᠳᠡ 1018.8 ᠵᠢᠩ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠮᠦ ᠳᠤᠮᠳᠠᠴᠢ ᠪᠠᠷ 20.4 ᠵᠢᠩ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 2.1% ᠳᠤ ᠬᠦᠷᠴᠦ᠂ ᠠᠮᠤ ᠪᠤᠳᠠᠭᠠᠨ ᠤ ᠦᠢᠯᠡᠳᠪᠦᠷᠢᠯᠡᠯ ᠤᠨ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠬᠤ ᠶᠢ | ᠪᠡᠶᠡᠯᠡᠭᠦᠯᠦᠭᠰᠡᠨ ᠪᠠᠶᠢᠨ᠎ᠠ᠃ | ᠠᠯᠠᠰᠢᠨ ᠦᠬᠡᠷ ᠤᠨ ᠠᠵᠤ ᠦᠢᠯᠡᠰ ᠤᠨ ︽ᠲᠦᠩᠯᠢᠶᠣᠣ ᠶᠢᠨ ᠭᠡᠷᠡᠯ ᠰᠠᠴᠤᠷᠠᠩᠭᠤᠢ ᠠᠮᠵᠢᠯᠲᠠ︾᠄ ᠪᠦᠭᠦ ᠤᠯᠤᠰ ᠤᠨ ᠠᠯᠠᠰᠢᠨ ᠦᠬᠡᠷ ᠤᠨ ᠠᠵᠤ | ᠦᠢᠯᠡᠰ ᠤᠨ ᠲᠡᠷᠢᠭᠦᠨ ᠴᠢᠬᠤᠯᠠ ᠪᠠᠯᠭᠠᠰᠤ | ᠮᠠᠨ ᠤ ᠬᠤᠲᠠ ︽ᠪᠦᠭᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠲᠡᠷᠢᠭᠦᠨ ᠴᠢᠬᠤᠯᠠ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠷᠢᠰ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠰᠢᠯᠢᠳᠡᠭ ᠡᠬᠡ ᠮᠠᠯ ᠢ ᠨᠢ ᠦᠯᠡᠳᠡᠭᠡᠬᠦ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ᠂ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠬᠡᠪᠴᠢᠶᠡᠵᠢᠭᠦᠯᠦᠨ ᠪᠣᠷᠳᠣᠬᠤ ᠵᠡᠷᠭᠡ ︽ᠠᠷᠪᠠᠨ ᠶᠡᠭᠡ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ︾ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠦᠩᠯᠢᠶᠣᠣ ᠶᠢᠨ ᠠᠯᠠᠰᠢᠨ ᠦᠬᠡᠷ ᠰᠠᠶᠢᠨ᠂ ᠲᠦᠩᠯᠢᠶᠣᠣ ᠶᠢᠨ ᠰᠠᠶᠢᠨ ᠦᠬᠡᠷ ᠤᠨ ᠮᠢᠬ᠎ᠠ︾ ᠶᠢᠨ ᠨᠠᠷᠠᠲᠤ ᠲᠡᠮᠳᠡᠭᠲᠦ ᠶᠢ | ᠪᠤᠶ ᠪᠣᠯᠭᠠᠪᠠ᠃ | ᠥᠷᠯᠥᠭᠡ ᠡᠷᠲᠡ ᠪᠠᠷ᠂ ᠵᠠᠷᠤᠳ ᠬᠤᠰᠢᠭᠤᠨ ᠤ ᠥᠯᠵᠡᠶᠢᠮᠥ᠋ᠷᠡᠨ ᠰᠤᠮᠤ ᠶᠢᠨ ᠴᠠᠭᠠᠨᠨᠠᠭᠤᠷ ᠭᠠᠴᠠᠭ᠎ᠠ ᠶᠢᠨ ᠮᠠᠯᠴᠢᠨ ᠪᠢᠯᠢᠭᠲᠦ ᠡᠳᠦᠷ ᠤᠨ ᠠᠵᠢᠯ ᠢᠶᠠᠨ | ᠡᠬᠢᠯᠡᠭᠦᠯᠵᠦ ᠦᠬᠡᠷ ᠢᠶᠠᠨ ᠲᠡᠵᠢᠭᠡᠵᠦ ᠡᠬᠢᠯᠡᠪᠡ᠃ ᠲᠡᠭᠦᠨ ᠤ ᠨᠠᠷᠢᠨ ᠨᠢᠮᠪᠠᠢ ᠠᠷᠠᠴᠢᠯᠠᠭ᠎ᠠ ᠳᠣᠣᠷ᠎ᠠ᠂ ᠫᠧᠩ ᠰᠠᠷᠠᠪᠴᠢᠨ ᠳᠠᠬᠢ ᠦᠬᠡᠷ ᠨᠢ ᠲᠠᠷᠭᠤ ᠬᠦᠴᠦ ᠮᠠᠰᠢ | ᠰᠠᠶᠢᠲᠠᠢ ᠪᠤᠢ᠃ | ︽2001 ᠣᠨ ᠠᠴᠠ ᠡᠬᠢᠯᠡᠨ᠂ ᠦᠬᠡᠷ ᠤᠨ ᠢᠶᠠᠨ ᠡᠭᠦᠯᠳᠡᠷ ᠢ ᠰᠠᠶᠢᠵᠢᠷᠠᠭᠤᠯᠪᠠ᠂ ᠡᠨᠡ ᠬᠤᠶᠠᠷ ᠵᠢᠯ ᠳᠤ ᠦᠬᠡᠷ ᠤᠨ ᠦᠨ᠎ᠡ ᠲᠣᠭᠲᠠᠪᠤᠷᠢ ᠦᠭᠡᠢ ᠪᠠᠶᠢᠭᠰᠠᠨ | ᠴᠤ᠂ ᠪᠢᠳᠡ ᠦᠬᠡᠷ ᠤᠨ ᠡᠭᠦᠯᠳᠡᠷ ᠢᠶᠠᠨ ᠰᠠᠶᠢᠵᠢᠷᠠᠭᠤᠯᠬᠤ ᠶᠢᠨ ᠬᠠᠮᠲᠤ᠂ ᠴᠠᠭᠠᠨ ᠢᠳᠡᠭᠡᠨ ᠡᠳ᠋ᠰᠢᠭᠦᠯᠦᠨ ᠪᠣᠷᠣᠯᠠᠭᠤᠯᠵᠤ᠂ ᠨᠡᠶᠢᠳᠡ ᠤᠷᠤᠯᠭ᠎ᠠ ᠵᠦᠭᠡᠷ ᠪᠠᠶᠢᠨ᠎ᠠ︾ | ᠭᠡᠵᠦ ᠪᠢᠯᠢᠭᠲᠦ ᠪᠠᠶᠠᠷᠲᠠᠶᠢᠬᠠᠨ ᠶᠠᠷᠢᠨ᠎ᠠ᠃ | ᠪᠢᠯᠢᠭᠲᠦ ᠶᠢᠨ ᠬᠢᠨ ᠣᠳᠣᠬᠠᠨ ᠳᠤ 80 ᠭᠠᠷᠤᠢ ᠦᠨᠢᠶ᠎ᠡ ᠲᠠᠢ᠂ ᠥᠩᠭᠡᠷᠡᠭᠰᠡᠨ ᠳᠤ ᠲᠡᠭᠦᠨ ᠤ ᠬᠢᠨ ᠲᠡᠵᠢᠭᠡᠵᠦ ᠪᠠᠶᠢᠭᠰᠠᠨ ᠨᠢ ᠴᠥᠮ ᠨᠤᠲᠤᠭ ᠤᠨ ᠡᠭᠦᠯᠳᠡᠷ | ᠪᠣᠯᠣᠨ᠎ᠠ᠂ ᠡᠨᠡ ᠬᠡᠳᠦᠨ ᠵᠢᠯ ᠳᠤ ᠳᠡᠷᠡ ᠭᠠᠷ ᠬᠡᠭᠡᠯᠲᠦᠭᠦᠯᠭᠡ ᠶᠢᠨ ᠮᠡᠷᠭᠡᠵᠢᠯ ᠢᠶᠠᠷ ᠮᠠᠯ ᠤᠨ ᠢᠶᠠᠨ ᠡᠭᠦᠯᠳᠡᠷ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ | ᠶᠠᠰᠤ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠪᠡ᠃ | ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠳᠤ᠂ ᠪᠢᠯᠢᠭᠲᠦ ᠰᠢᠭ ᠦᠬᠡᠷ ᠲᠡᠵᠢᠭᠡᠵᠦ ᠤᠷᠤᠯᠭ᠎ᠠ ᠣᠯᠳᠠᠭ ᠡᠷᠦᠭᠡ ᠮᠠᠰᠢ ᠣᠯᠠᠨ ᠪᠠᠶᠢᠳᠠᠭ᠃ ᠠᠯᠠᠰᠢᠨ | ᠦᠬᠡᠷ ᠤᠨ ᠠᠵᠤ ᠦᠢᠯᠡᠰ ᠨᠢ ᠮᠠᠨ ᠤ ᠬᠤᠲᠠ ᠶᠢᠨ ᠲᠤᠯᠭᠠᠭᠤᠷᠢ ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ ᠨᠢᠭᠡᠨᠲᠡ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ᠂ ᠲᠦᠭ ᠲᠦᠮᠡᠨ ᠠᠶᠢᠯ ᠡᠷᠦᠭᠡ ᠳᠤ ᠠᠰᠢᠭ ᠬᠦᠷᠲᠡᠭᠡᠬᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ | ᠨᠢ ᠨᠡᠮᠡᠭᠳᠡᠭᠦᠯᠦᠨ ᠪᠠᠶᠠᠵᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ | ᠡᠭᠦᠨ ᠤ ᠬᠠᠮᠲᠤ᠂ ᠮᠠᠨ ᠤ ᠬᠤᠲᠠ ᠵᠠᠬ᠎ᠠ ᠳᠡᠯᠭᠡᠭᠦᠷ ᠤᠨ ᠲᠣᠭᠲᠠᠪᠤᠷᠢ ᠦᠭᠡᠢ ᠪᠠᠶᠢᠳᠠᠯ ᠢ ᠢᠳᠡᠪᠬᠢᠲᠡᠢ ᠠᠷᠭᠠᠴᠠᠭᠠᠵᠤ᠂ ︽ᠠᠯᠠᠰᠢᠨ ᠦᠬᠡᠷ ᠤᠨ ᠠᠵᠤ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠯᠢ ᠤᠯᠡᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠵᠡᠷᠭᠡ 20 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ︽ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠤᠯᠬᠤ︾᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠨᠡᠶᠢᠳᠡ | 5.35 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠭᠤᠣᠯ ᠴᠣᠭᠴᠠ ᠳᠤ ᠨᠥᠬᠦᠪᠦᠷᠢ ᠥᠭᠴᠦ᠂ ᠠᠯᠠᠰᠢᠨ | ᠦᠬᠡᠷ ᠤᠨ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠶ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ | ᠬᠠᠮᠠᠭᠠᠯᠠᠪᠠ᠃ | 2024 ᠣᠨ ᠳᠤ᠂ ᠪᠦᠭᠦ ᠬᠤᠳᠠ ᠶᠢᠨ ᠦᠬᠡᠷ ᠤᠨ ᠬᠠᠰᠢᠶᠡᠯᠡᠯᠳᠡ395.5 ᠲᠦᠮᠡ ᠳᠤ ᠬᠦᠷᠴᠦ᠂ ᠬᠠᠰᠢᠶᠡᠯᠡᠯᠳᠡ ᠠᠴᠠ 140 ᠲᠦᠮᠡᠨ ᠦᠬᠡᠷ ᠢ ᠭᠠᠷᠭᠠᠵᠤ᠂ | 8.6 ᠲᠦᠮᠡᠨ ᠦᠬᠡᠷ ᠢ ᠨᠢᠲᠤᠯᠵᠤ ᠡᠳ᠋ᠰᠢᠭᠦᠯᠪᠡ᠃ 7 ᠲᠣᠮᠣ ᠭᠡᠯᠪᠡᠷᠢ ᠶᠢᠨ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠲᠠᠢ ᠪᠠᠶᠢᠵᠤ᠂ ᠵᠢᠯ ᠤᠨ | ᠠᠷᠠᠯᠵᠢᠶᠠᠨ ᠤ ᠬᠡᠮᠵᠢᠶ᠎ᠡ 150 ᠲᠦᠮᠡ ᠶᠢ ᠳᠠᠪᠠᠵᠤ᠂ ᠠᠷᠠᠯᠵᠢᠶᠠᠨ ᠤ ᠵᠣᠭᠤᠰ ᠤᠨ ᠲᠤᠭ᠎ᠠ 150 ᠳ᠋ᠦᠩᠰᠢᠭᠤᠷ ᠲᠥᠭᠦᠷᠢᠭ ᠢ ᠳᠡᠪᠡᠵᠡᠢ᠃ 8 ᠭᠡᠪᠴᠢᠶᠡᠵᠢᠳᠤ | ᠠᠯᠠᠰᠢᠨ ᠦᠬᠡᠷ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠲᠠᠢ ᠪᠠᠶᠢᠵᠤ᠂ ᠵᠢᠯ ᠤᠨ ᠠᠯᠠᠵᠤ ᠨᠢᠲᠤᠯᠬᠤ ᠴᠢᠳᠠᠪᠤᠷᠢ 125 ᠲᠦᠮᠡ ᠳᠤ ᠬᠦᠷᠴᠦ᠂ ᠠᠯᠠᠰᠢᠨ | ᠦᠬᠡᠷ ᠤᠨ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 400 ᠳ᠋ᠦᠩᠰᠢᠭᠤᠷ ᠲᠥᠭᠦᠷᠢᠭ ᠢ ᠳᠠᠪᠠᠪᠠ᠃ ᠡᠭᠦᠨ ᠠᠴᠠ | ᠭᠠᠳᠠᠨ᠎ᠠ᠂ ᠮᠠᠨ ᠤ ᠬᠤᠲᠠ ᠪᠠᠰᠠ ᠠᠷᠪᠠᠨ ᠳᠣᠯᠣᠳᠤᠭᠠᠷ ᠬᠤᠭᠤᠴᠠᠭᠠᠨ ᠤ ᠦᠬᠡᠷ ᠤᠨ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ | ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠥᠷᠲᠡᠭ 271.6 ᠳ᠋ᠦᠩᠰᠢᠭᠤᠷ ᠲᠥᠭᠦᠷᠢᠭ ᠲᠤ ᠬᠦᠷᠴᠦ᠂ ᠲᠦᠩᠯᠢᠶᠣᠣ ᠶᠢᠨ | ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠨ ᠳᠠᠬᠢ ᠬᠦᠴᠦᠷᠬᠡᠭ ᠶᠡᠭᠡ ᠪᠣᠳᠠᠲᠤ ᠬᠦᠴᠦᠨ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠢᠯᠡᠷᠡᠭᠦᠯᠪᠡ᠃ | 2024 ᠣᠨ ᠳᠤ᠂ ᠮᠠᠨ ᠤ ᠬᠤᠲᠠ ᠶᠢᠨ ᠬᠥᠭᠵᠢᠯᠲᠡ ᠶᠢᠨ ᠬᠠᠨᠳᠤᠰᠢ ᠰᠠᠶᠢᠵᠢᠷᠠᠵᠤ᠂ ᠡᠷᠡᠮᠡᠬᠡᠶᠢᠯᠡᠨ ᠲᠠᠪᠰᠢᠬᠤ ᠰᠢᠨ᠎ᠡ ᠳᠦᠷᠰᠦ ᠪᠠᠶᠢᠳᠠᠯ ᠢᠯᠡᠷᠡᠵᠡᠢ᠃ ᠠᠮᠤ | ᠪᠤᠳᠠᠭᠠᠨ ᠤ ᠶᠡᠷᠦᠩᠬᠡᠢ ᠤᠨᠠᠯᠲᠠ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠲᠣᠮᠣ ᠤᠯᠤᠰ ᠤᠨ ᠠᠮᠤ ᠪᠤᠳᠠᠭᠠᠨ ᠤ ᠬᠥᠮᠥᠷᠭᠡ ᠶᠢᠨ ᠰᠠᠭᠤᠷᠢ ᠶᠢ | ᠪᠠᠭᠢᠵᠢᠭᠦᠯᠪᠡ᠃ ᠠᠯᠠᠰᠢᠨ ᠦᠬᠡᠷ ᠤᠨ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠬᠠᠰᠢᠶᠡᠯᠡᠯᠳᠡ ᠶᠢᠨ ᠲᠤᠭ᠎ᠠ ᠬᠡᠮᠵᠢᠶ᠎ᠡ ᠪᠣᠯᠣᠨ ᠦᠢᠯᠡᠳᠬᠦᠨ ᠤ ᠥᠷᠲᠡᠭ | ᠵᠠᠯᠭᠠᠭ᠎ᠠ ᠪᠠᠷ ᠳᠡᠭᠡᠭᠰᠢᠯᠡᠵᠦ᠂ ︽ᠠᠮᠤ ᠶᠢᠨ ᠰᠠᠩ︾ ︽ᠮᠢᠬᠠᠨ ᠤ ᠬᠥᠮᠥᠷᠭᠡ︾ ᠳᠠᠬᠢᠨᠲᠠ ᠡᠯᠪᠡᠭ ᠬᠤᠷᠢᠶᠠᠯᠲᠠ ᠣᠯᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠵᠦ | ᠭᠦᠢᠴᠡᠬᠦ ᠬᠤᠷᠳᠤᠴᠠ ᠢᠯᠡᠳᠲᠡ ᠲᠦᠷᠭᠡᠳᠴᠦ᠂ ᠠᠷᠠᠳ ᠤᠯᠠᠨ ᠳᠤ ᠰᠡᠳᠬᠢᠯ ᠬᠠᠨᠤᠮᠵᠢᠲᠠᠢ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ | |