2 ᠳ᠋ᠤᠭᠠᠷ ᠰᠠᠷ᠎ᠠ ᠶᠢᠨ 13 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ 2025 ᠣᠨ ᠤ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠭᠤᠣᠯᠳᠠᠯᠭ᠎ᠠ ᠲᠠᠢ ᠡᠭᠦᠷᠭᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ | ᠶᠠᠪᠤᠳᠠᠯ ᠢ ᠰᠤᠳᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠭᠦᠷᠭᠡ ᠶᠢᠨ ᠬᠤᠪᠢᠶᠠᠷᠢᠯᠠᠯ ᠶᠣᠰᠣᠭᠠᠷ ᠠᠵᠢᠯ ᠤᠨ | ᠠᠷᠭ᠎ᠠ ᠬᠡᠮᠵᠢᠶ᠎ᠡ ᠪᠠᠨ ᠵᠦᠢᠯ ᠵᠤᠷᠪᠤᠰ ᠳᠠᠷᠠᠭᠠᠯᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ | ᠬᠡᠷᠡᠭᠵᠢᠭᠦᠯᠬᠦ ᠲᠥᠰᠦᠯ ᠪᠣᠯᠤᠨ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠣᠣᠱᠯᠠᠭᠤᠯᠤᠨ ᠬᠡᠷᠡᠭᠵᠢᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠰᠡᠳᠬᠢᠴᠡ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠢᠰᠲ᠋ᠧᠮ ᠲᠠᠢ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠶᠢ ᠲᠦᠷᠭᠡᠳᠬᠡᠵᠦ | ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠭᠠᠷᠳᠠᠴᠠ ᠪᠠᠨ ᠲᠣᠳᠣᠷᠬᠠᠶᠢᠯᠠᠵᠤ᠂ ᠤᠯᠤᠰ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠤᠳᠤᠷᠢᠳᠤᠮᠵᠢ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠠᠭᠤᠷᠢ ᠶᠢᠨ ᠲᠣᠭᠤᠷᠢᠨ ᠳᠤ᠂ ᠨᠢᠭᠡ ᠪᠦᠯᠦᠭ ᠳᠠᠭᠠᠭᠤᠯᠬᠤ | ᠴᠢᠨᠠᠷᠲᠠᠶ᠂ ᠪᠡᠯᠭᠡ ᠲᠡᠮᠳᠡᠭ ᠤᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠤᠷᠠᠮᠳᠤᠭᠤᠯᠬᠤ ᠬᠡᠷᠡᠭᠲᠡᠶ᠃ ᠰᠢᠢᠳᠪᠦᠷᠢᠯᠡᠬᠦ ᠰᠡᠳᠬᠢᠬᠦᠶ ᠪᠠᠨ ᠴᠢᠩᠭᠠᠳᠬᠠᠵᠤ᠂ ᠲᠣᠭᠲᠠᠴᠠ ᠶᠢ ᠪᠠᠶᠢᠭᠤᠯᠵᠤ᠂ | ᠬᠠᠮᠲᠤᠷᠠᠯ ᠤᠨ ᠬᠦᠴᠦᠨ ᠢ ᠴᠢᠩᠭᠠᠳᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠠᠭᠢᠵᠤ᠂ ᠲᠣᠭᠲᠠᠭᠰᠠᠨ ᠬᠤᠭᠤᠴᠠᠭᠠᠨ ᠳᠤ | ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ |