︽ᠲᠦᠩᠯᠢᠶᠣᠤ ᠬᠤᠲᠠ ᠶᠢᠨ 2024 ᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠲᠣᠬᠢᠷᠠᠭᠤᠯᠬᠤ ᠨᠠᠷᠢᠨ ᠳᠠᠩᠰᠠ︾ ᠪᠠ ︽ᠲᠦᠩᠯᠢᠶᠣᠤ ᠬᠤᠲᠠ ᠶᠢᠨ 2024 ᠣᠨ ᠤ ᠬᠤᠲᠠ ᠶᠢᠨ ᠲᠣᠰ ᠱᠠᠲᠤ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠬᠠᠷᠢᠭᠤᠴᠠᠯᠭ᠎ᠠ ᠶᠢᠨ ᠵᠦᠢᠯᠡᠰ︾  ᠢ ᠨᠡᠶᠢᠲᠡᠯᠡᠬᠦ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2025/2/19
    ︽ᠲᠦᠩᠯᠢᠶᠣᠤ ᠬᠤᠲᠠ ᠶᠢᠨ 2024 ᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠲᠣᠬᠢᠷᠠᠭᠤᠯᠬᠤ ᠨᠠᠷᠢᠨ ᠳᠠᠩᠰᠠ︾ ᠪᠠ ︽ᠲᠦᠩᠯᠢᠶᠣᠤ ᠬᠤᠲᠠ ᠶᠢᠨ 2024 ᠣᠨ ᠤ ᠬᠤᠲᠠ ᠶᠢᠨ ᠲᠣᠰ ᠱᠠᠲᠤ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠬᠠᠷᠢᠭᠤᠴᠠᠯᠭ᠎ᠠ ᠶᠢᠨ ᠵᠦᠢᠯᠡᠰ︾  ᠢ ᠨᠡᠶᠢᠲᠡᠯᠡᠬᠦ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ︽︿ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2023 ᠣᠨ ᠤ ᠬᠡᠪᠯᠡᠯ︶﹀ ᠶᠢ ᠨᠡᠶᠢᠲᠡᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵2023 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠲᠦᠩᠯᠢᠶᠣᠤ ᠬᠤᠲᠠ ᠶᠢᠨ 2023 ᠣᠨ ᠤ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ︾ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠡᠳᠦᠭᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠤᠳᠠᠭᠠᠨ ᠤ ᠲᠣᠬᠢᠷᠠᠭᠤᠯᠤᠯᠲᠠ ᠬᠢᠭᠰᠡᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠠᠶᠢᠳᠠᠪᠤᠷᠢᠵᠢᠭᠤᠯᠬᠤ ᠪᠠ ᠵᠣᠯᠭᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠬᠦᠴᠦᠨ ᠥᠬᠡᠶ ᠪᠣᠯᠭᠠᠬᠤ ᠵᠦᠢᠯᠡᠰ ᠢ ᠳᠠᠬᠢᠨ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ︔ ᠳᠠᠭᠠᠭᠠᠨ ᠠᠪᠬᠤ ᠵᠦᠢᠯᠡᠰ ᠢ ᠳᠠᠭᠠᠭᠠᠨ ᠠᠪᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠯᠭᠠᠬᠤ ᠰᠠᠯᠠᠭ᠎ᠠ ᠮᠥᠴᠢᠷ ᠲᠠᠢ ᠵᠣᠯᠭᠠᠭᠤᠯᠤᠨ᠂ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠤᠪᠤᠷᠠᠯ ᠢ ᠤᠶᠢᠯᠠᠭᠠᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠶᠢ ᠶᠡᠬᠡᠪᠡᠷ ᠠᠬᠢᠭᠤᠯᠤᠨ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ︔ ᠦᠯᠡᠳᠡᠭᠡᠭᠰᠡᠨ ᠵᠦᠢᠯᠡᠰ ᠢ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠵᠣᠬᠢᠬᠤ ᠵᠦᠢᠯᠡᠰ ᠤᠨ ᠦᠨᠳᠦᠰᠦᠨ ᠬᠦᠴᠦᠨ ᠵᠦᠢᠯ᠂ ᠠᠵᠢᠯᠯᠠᠭᠠᠨ ᠤ ᠴᠤᠪᠤᠷᠠᠯ ᠵᠡᠷᠭᠡ ᠶᠢ ᠳᠣᠭᠢᠷᠠᠭᠤᠯᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠬᠡᠪᠰᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠲᠣᠰ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠪᠦᠷᠢᠨ ᠪᠦᠲᠦᠨ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵ᠡᠷᠬᠡ ᠶᠢᠨ ᠨᠡᠷᠡᠶᠢᠳᠦᠯ᠂ ᠲᠥᠷᠥᠯ ᠢᠯᠭᠠᠯ᠂ ᠬᠠᠷᠢᠭᠤᠴᠠᠯᠭ᠎ᠠ ᠶᠢᠨ ᠭᠤᠤᠯ ᠴᠣᠭᠴᠠ᠂  ᠲᠤᠬᠢᠷᠠᠭᠤᠯᠤᠭᠰᠠᠨ ᠦᠨᠳᠦᠰᠦᠯᠡᠯ ᠂ ᠬᠠᠷᠢᠭᠤᠴᠠᠯᠭ᠎ᠠ ᠶᠢᠨ ᠵᠦᠢᠯᠡᠰ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠠᠭᠤᠯᠭ᠎ᠠ︶ ᠶᠢ ᠨᠡᠶᠢᠲᠡᠯᠡᠬᠦ ᠶᠢᠨ ᠬᠠᠮᠲᠤ᠂ ᠤᠬᠠᠭᠤᠯᠤᠨ ᠲᠠᠶᠢᠯᠪᠤᠷᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃    ᠭᠤᠷᠪᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠣᠰ ᠤᠳᠠᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠬᠥᠳᠡᠯᠦᠩᠭᠦᠶ ᠪᠠᠷ ᠳᠣᠭᠢᠷᠠᠭᠤᠯᠬᠤ ᠵᠠᠷᠴᠢᠮ ᠪᠠ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠰ ᠭᠠᠵᠠᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠬᠦ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠶ᠃    ᠳᠠᠭᠠᠯᠳᠤᠭᠤᠯᠤᠯ᠄ 1. ᠲᠦᠩᠯᠢᠶᠣᠤ ᠬᠤᠲᠠ ᠶᠢᠨ 2024 ᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠲᠣᠬᠢᠷᠠᠭᠤᠯᠤᠯᠲᠠ ᠬᠢᠬᠦ ᠨᠠᠷᠢᠨ ᠳᠠᠩᠰᠠ    ᠲᠦᠩᠯᠢᠶᠣᠣ ᠬᠤᠲᠠ ᠶᠢᠨ 2024 ᠣᠨ ᠤ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ    2024 ᠣᠨ ᠤ 11 ᠰᠠᠷ᠎ᠠ ᠶᠢᠨ 5 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ︽ᠲᠦᠩᠯᠢᠶᠣᠤ ᠬᠤᠲᠠ ᠶᠢᠨ 2024 ᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠲᠣᠬᠢᠷᠠᠭᠤᠯᠤᠯᠲᠠ ᠬᠢᠬᠦ ᠨᠠᠷᠢᠨ ᠳᠠᠩᠰᠠ ᠵᠢᠴᠢ ᠲᠦᠩᠯᠢᠶᠣᠤ ᠬᠤᠲᠠ ᠶᠢᠨ 2024 ᠣᠨ ᠤ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ ᠶᠢ ᠨᠢᠭᠡᠨᠲᠡ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠪᠤᠯᠤᠩ ᠳᠤ ᠪᠦᠬᠦᠨ ᠢ ᠨᠡᠶᠢᠲᠡᠯᠡᠪᠡ᠂ ᠠᠳᠡ ᠳᠠᠭᠠᠯᠳᠤᠭᠤᠯᠤᠯ ᠢ ᠲᠣᠪᠴᠢᠯᠠᠪᠠ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ