︽ᠲᠦᠩᠯᠢᠶᠣᠤ ᠬᠤᠲᠠ ᠶᠢᠨ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠲᠠᠪᠤᠨ ᠵᠢᠯ ᠤᠨ ᠠᠵᠢᠯᠯᠠᠭᠠᠨ ᠤ ᠲᠦᠯᠦᠪᠯᠡᠭᠡ︾ ᠶᠢ ᠳᠠᠷᠤᠮᠠᠯᠯᠠᠨ | ᠲᠠᠷᠬᠠᠭᠠᠬᠤ ᠲᠤᠬᠠᠶ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠲᠦᠩᠯᠢᠶᠣᠤ ᠬᠤᠲᠠ ᠶᠢᠨ ᠪᠠᠷᠠᠭᠤᠨ ᠯᠢᠶᠣᠤ ᠾᠧ ᠭᠤᠤᠯ ᠤᠨ | ᠪᠣᠯᠪᠠᠰᠤᠨ ᠤ ᠰᠤᠳᠤᠯᠭᠠᠨ ᠤ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | 2024 ᠣᠨ ᠤ 12 ᠰᠠᠷ᠎ᠠ ᠶᠢᠨ 23 ᠤ ᠡᠳᠦᠷ | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠨ᠎ᠡ︶ | ᠲᠦᠩᠯᠢᠶᠣᠣ ᠬᠤᠲᠠ ᠶᠢᠨ ᠪᠠᠷᠠᠭᠤᠨ ᠯᠢᠶᠣᠣ ᠾᠧ ᠭᠤᠣᠯ ᠤᠨ ᠪᠣᠯᠪᠠᠰᠤᠨ ᠤ ᠰᠤᠳᠤᠯᠭᠠᠨ ᠤ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ | ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ | ᠲᠠᠷᠬᠠᠭᠠᠭᠰᠠᠨ ︹2020︺ 16 ᠳ᠋ᠤᠭᠠᠷ ᠲᠣᠭᠠᠲᠤ︶ ᠳᠠᠬᠢ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠢ ᠰᠤᠳᠤᠯᠬᠤ ᠶᠢ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ | ᠰᠦᠪᠡᠭᠴᠢᠯᠡᠬᠦ ᠢᠨᠵᠧᠨᠧᠷᠢᠩ ᠳᠤ ᠣᠷᠣᠭᠤᠯᠬᠤ︾ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠠᠷᠠᠭᠤᠨ ᠯᠢᠶᠣᠤ ᠾᠧ ᠭᠤᠤᠯ ᠤᠨ | ᠪᠣᠯᠪᠠᠰᠤᠨ ᠳᠤ ᠠᠭᠤᠯᠤᠭᠳᠠᠵᠤ ᠪᠠᠶᠢᠭ᠎ᠠ ᠲᠡᠤᠬᠡ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠲᠠᠶᠢᠯᠪᠤᠷᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠲᠦᠩᠯᠢᠶᠣᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠣᠶᠣᠯ ᠵᠢᠭᠤᠯᠴᠢᠯᠠᠯ ᠤᠨ ᠬᠦᠴᠦᠨ ᠴᠢᠳᠠᠯ ᠢᠶᠠᠨ ᠡᠷᠭᠦᠬᠦ ᠶᠢᠨ ᠲᠦᠯᠦᠭᠡ᠂ | ᠲᠣᠰ ᠠᠵᠢᠯᠯᠠᠭ᠎ᠠ ᠶᠢᠨ ᠲᠥᠯᠥᠪᠯᠡᠭᠡ ᠶᠢ ᠣᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠲᠠᠪᠤᠨ ᠵᠢᠯ ᠤᠨ | ᠬᠤᠭᠤᠴᠠᠭ᠎ᠠ ᠶᠢ ᠠᠰᠢᠭᠯᠠᠨ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠭᠠᠨ ᠤ ᠠᠵᠢᠯ ᠢ ᠲᠥᠯᠥᠪᠯᠡᠭᠡ ᠲᠠᠢ ᠪᠠᠷ ᠦᠷᠨᠢᠭᠦᠯᠦᠨ᠎ᠡ᠃ ᠪᠠᠷᠠᠭᠤᠨ | ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠱᠠᠲᠤᠯᠢᠭ ᠬᠥᠭᠵᠢᠯᠲᠡ ᠶᠢᠨ ᠰᠢᠰᠲ᠋ᠧᠮ ᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠣᠨᠣᠯ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠶᠢᠨ | ᠪᠣᠯᠪᠠᠰᠤᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠭᠰᠡᠨ ᠲᠡᠦᠬᠡᠨ ᠶᠠᠪᠤᠴᠠ ᠶᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ︽ | ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ︽ ᠪᠠᠭ᠋ᠠᠷᠬᠠᠯᠲᠤ ᠲᠦᠩᠯᠢᠶᠣᠤ︾ ᠰᠣᠶᠣᠯ ᠵᠢᠭᠤᠯᠴᠢᠯᠠᠯ ᠤᠨ | ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠤᠶᠢᠵᠢᠭᠤᠯᠤᠨ ᠳᠡᠭᠡᠭᠰᠢᠯᠡᠭᠦᠯᠪᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠨᠡᠶᠢᠳᠡᠮ ᠪᠠᠶᠢᠴᠠᠭᠠᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠠᠭᠤᠷᠢ ᠪᠠᠲᠤᠯᠠᠭ᠎ᠠ ᠶᠢ ᠪᠠᠬᠢᠵᠢᠭᠦᠯᠦᠨ᠎ᠡ | 1. ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠡᠭᠡᠷ᠎ᠡ ᠶᠢᠨ ᠪᠠᠶᠢᠴᠠᠭᠠᠯᠲᠠ ᠶᠢᠨ | ᠠᠵᠢᠯ ᠢ ᠥᠷᠨᠢᠭᠦᠯᠦᠨ᠎ᠡ᠃ ᠲᠦᠩᠯᠢᠶᠣᠤ ᠬᠤᠲᠠ ᠶᠢᠨ ᠬᠡᠪᠴᠢᠶᠡᠨ ᠳᠤ ᠨᠢᠭᠡᠨᠲᠡ ᠮᠠᠭᠠᠳᠯᠠᠨ ᠲᠣᠭᠲᠠᠭᠠᠭᠰᠠᠨ ᠪᠠ ᠳᠡᠩᠰᠡᠯᠡᠨ ᠲᠡᠮᠳᠡᠭᠯᠡᠭᠰᠡᠨ 2492 | ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠳᠠᠬᠢᠨ ᠪᠠᠶᠢᠴᠠᠭᠠᠬᠤ ᠶᠢᠨ ᠬᠠᠮᠲᠤ᠂ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ | ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠨ᠎ᠡ᠃ ᠨᠡᠶᠢᠳᠡᠮ ᠪᠠᠶᠢᠴᠠᠭᠠᠭᠳᠠᠬᠤ ᠡᠲᠡᠭᠡᠳ ᠤᠨ | ᠨᠡᠷᠡᠶᠢᠳᠦᠯ᠂ ᠣᠷᠣᠨ ᠵᠠᠶ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠠᠰ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠤᠨ ᠵᠢᠯ᠂ ᠡᠷᠬᠡ ᠶᠢᠨ | ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠪᠦᠷᠢᠨ ᠪᠦᠲᠦᠨ ᠲᠡᠮᠳᠡᠭᠯᠡᠨ᠎ᠡ᠃ ︵2026 ᠣᠨ ᠤ ᠡᠴᠦᠰ︶ | 2. ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠬᠡᠭᠡᠷ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ | ᠶᠠᠷᠢᠯᠴᠠᠬᠤ ᠬᠤᠷᠠᠯ᠂ ᠦᠰᠦᠭ ᠪᠢᠴᠢᠭ ᠤᠨ ᠲᠡᠮᠳᠡᠭᠯᠡᠯ᠂ ᠰᠤᠷᠪᠤᠯᠵᠢᠯᠠᠵᠤ ᠲᠡᠮᠳᠡᠭᠯᠡᠬᠦ᠂ ᠬᠠᠮᠢᠶ᠎ᠠ ᠪᠦᠬᠦᠢ ᠲᠤᠯᠭᠤᠷ ᠪᠢᠴᠢᠭ ᠮᠠᠲ᠋ᠧᠷᠢᠶᠠᠯ ᠪᠠ ᠪᠣᠳᠠᠲᠤ ᠶᠠᠭᠤᠮ᠎ᠠ | ᠴᠤᠭᠯᠠᠭᠤᠯᠬᠤ ᠵᠡᠷᠭᠡ ᠬᠡᠯᠪᠡᠷᠢ ᠪᠠᠷ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠲᠡᠮᠳᠡᠭᠯᠡᠵᠦ᠂ ᠲᠦᠩᠯᠢᠶᠣᠤ ᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠡᠬᠢ ᠪᠠᠶᠠᠯᠢᠭ ᠤᠨ ᠣᠷᠣᠰᠢᠨ ᠲᠣᠭᠲᠠᠨᠢᠬᠤ ᠣᠳᠣᠬᠢ ᠪᠠᠶᠢᠳᠠᠯ ᠪᠠ ᠬᠥᠭᠵᠢᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠲᠠᠩᠰᠠ ᠡᠪᠬᠡᠮᠡᠯ ᠤᠨ | ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ᠂ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ | ᠲᠣᠭᠲᠠᠭᠠᠬᠤ᠂ ᠭᠤᠶᠤᠴᠢᠯᠠᠨ ᠮᠡᠳᠡᠭᠦᠯᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ ᠨᠢ 2025 ᠣᠨ ᠤ | ᠡᠴᠦᠰ︶ | 3. ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ | ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠨᠠᠷᠢᠨ ᠲᠦᠷᠢᠮ︾ ︵ᠥᠪᠥᠷ ᠰᠣᠶᠣᠯ ᠵᠢᠭᠤᠯᠴᠢᠯᠠᠯ ᠤᠨ ᠠᠯᠪᠠᠨ ᠥᠰᠥᠭ | ︹2020︺ 555 ᠳ᠋ᠤᠭᠠᠷ ᠲᠣᠭᠠᠲᠤ︶ ᠤᠨ ᠪᠣᠳᠠᠲᠠᠶ ᠱᠠᠭᠠᠷᠳᠠᠯᠭ᠎ᠠ ᠶᠣᠰᠣᠭᠠᠷ᠂ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ | ᠪᠡᠶᠡᠯᠡᠭᠦᠯᠬᠦ ᠴᠠᠭ ᠤᠨ ᠬᠢᠵᠠᠭᠠᠷ ᠨᠢ 2025 ᠣᠨ ᠤ ᠡᠴᠦᠰ︶ | 4. ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠪᠣᠯᠪᠠᠰᠤᠨ ᠤ ᠰᠤᠳᠤᠯᠭᠠᠨ ᠤ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠲᠠᠢ ᠬᠠᠮᠵᠢᠯᠴᠠᠨ ᠯᠢᠦ ᠾᠧ ᠭᠤᠤᠯ ᠤᠨ ᠳᠡᠭᠡᠳᠦ ᠤᠷᠤᠰᠬᠠᠯ ᠤᠨ | ᠬᠦᠷᠢᠶ᠎ᠡ ᠣᠷᠣᠨ ᠤ ᠤᠷᠢᠳ ᠤᠨ ᠴᠢᠨ ᠤᠯᠤᠰ ᠤᠨ ᠦᠶ᠎ᠡ ᠶᠢᠨ ᠦᠯᠡᠳᠡᠭᠳᠡᠯ ᠳᠤ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠵᠦ᠂ ᠨᠢᠩᠴᠧᠩ᠂ ᠬᠦᠷᠢᠶ᠎ᠡ ᠠᠴᠠ | ᠭᠠᠳᠠᠨᠠᠬᠢ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠴᠢᠨ ᠤᠯᠤᠰ ᠤᠨ ᠦᠶ᠎ᠡ ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠠᠭᠤᠳᠠᠯᠤᠯᠳᠠ ᠬᠢᠬᠦ ᠲᠥᠷᠥᠯ ᠵᠦᠢᠯ ᠢ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠨ᠎ᠡ᠃ ᠬᠠᠮᠪᠤ ᠶᠢᠨ | ᠪᠠᠭᠤᠷᠢ ᠶᠢᠨ ᠬᠠᠭᠤᠴᠢ ᠰᠤᠳᠤᠯᠤᠯ ᠤᠨ ᠢᠯᠡᠷᠡᠭᠦᠯᠦᠯᠲᠡ᠂ ᠡᠮᠦᠨ᠎ᠡ ᠪᠤᠯᠠᠭᠲᠤ ᠶᠢᠨ ᠪᠠᠭᠤᠷᠢ ᠶᠢ ᠠᠭᠤᠳᠠᠯᠤᠨ ᠭᠠᠷᠭᠠᠭᠰᠠᠨ ᠮᠡᠳᠡᠭᠦᠯᠦᠯᠲᠡ ᠶᠢ ᠨᠠᠶᠢᠷᠠᠭᠤᠯᠤᠨ | ᠵᠣᠬᠢᠶᠠᠪᠠ᠃ ᠬᠠᠭᠤᠴᠢ ᠰᠤᠳᠤᠯᠤᠯ ᠤᠨ ᠳᠤᠮᠳᠠᠳᠤ ᠤᠯᠤᠰ ᠤᠨ ᠴᠢᠬᠤᠯᠠ ᠶᠡᠭᠡ ᠲᠥᠷᠥᠯ ᠵᠦᠢᠯ ᠪᠣᠯᠬᠤ ︽ᠬᠤᠩᠱᠠᠨ ᠨᠡᠶᠢᠭᠡᠮ ᠤᠨ ᠪᠣᠯᠪᠠᠰᠤᠨᠴᠢᠯᠠᠭᠰᠠᠨ | ᠠᠬᠢᠴᠠ ᠶᠢᠨ ᠰᠤᠳᠤᠯᠤᠯ︾ - ᠲᠦᠩᠯᠢᠶᠣᠤ ᠣᠷᠣᠨ ᠤ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠬᠤᠩᠱᠠᠨ ᠰᠣᠶᠣᠯ ᠤᠨ ᠪᠠᠭᠤᠷᠢ ᠶᠢᠨ ᠲᠤᠰᠬᠠᠶ | ᠬᠠᠭᠤᠴᠢ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ︔ ᠯᠢᠶᠣᠤᠨᠢᠩ ᠶᠡᠭᠡ ᠰᠤᠷᠭᠠᠭᠤᠯᠢ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠤᠯ ᠢᠶᠠᠷ | ᠭᠤᠤᠯ ᠰᠡᠳᠦᠪ ᠪᠣᠯᠭᠠᠭᠰᠠᠨ ᠬᠠᠭᠤᠴᠢ ᠰᠤᠳᠤᠯᠤᠯ ᠤᠨ ᠠᠵᠢᠯ ᠢ ᠥᠷᠨᠢᠭᠦᠯᠦᠨ᠎ᠡ᠃ ︽ᠳᠥᠷᠪᠡ ᠶᠢ ᠲᠦᠭᠡᠮᠡᠯᠵᠢᠭᠦᠯᠬᠦ︾ ᠶᠢᠨ ᠦᠷ᠎ᠡ ᠪᠦᠲᠦᠭᠡᠯ ᠢ ᠠᠰᠢᠭᠯᠠᠨ᠂ | ᠬᠠᠮᠪᠤ ᠶᠢᠨ ᠮᠠᠩᠬ᠎ᠠ᠂ ᠡᠮᠦᠨ᠎ᠡ ᠪᠤᠯᠠᠭᠲᠤ ᠶᠢᠨ ᠲᠠᠷᠬᠠᠯᠲᠠ ᠶᠢᠨ ᠬᠡᠪᠴᠢᠶ᠎ᠡ ᠶᠢ ᠰᠤᠳᠤᠯᠤᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ ᠨᠢ 2027 ᠣᠨ ᠤ ᠡᠴᠦᠰ︶ | 5. ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠪᠠᠯᠠᠷ ᠡᠷᠲᠡᠨ ᠤ ᠬᠠᠭᠤᠴᠢ ᠰᠤᠳᠤᠯᠤᠯ ᠤᠨ ᠮᠦᠽᠧᠶ ᠶᠢᠨ ᠬᠤᠯᠪᠣᠭ᠎ᠠ ᠶᠢ ᠪᠠᠶᠢᠭᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠡᠮᠦᠨᠡᠲᠦ ᠬᠡᠰᠡᠭ᠂ ᠯᠢᠶᠣᠤᠨᠢᠩ ᠮᠤᠵᠢ ᠶᠢᠨ ᠪᠠᠷᠠᠭᠤᠨ ᠬᠡᠰᠡᠭ᠂ ᠾᠧᠪᠸᠢ ᠮᠤᠵᠢ ᠶᠢᠨ ᠵᠡᠭᠦᠨ | ᠬᠤᠶᠢᠲᠤ ᠬᠡᠰᠡᠭ ᠤᠨ ᠮᠦᠽᠧᠶ᠂ ᠪᠠᠯᠠᠷ ᠡᠷᠲᠡᠨ ᠤ ᠪᠠᠭᠤᠷᠢ ᠶᠢᠨ ᠬᠠᠭᠤᠴᠢ ᠰᠤᠳᠤᠯᠤᠯ ᠤᠨ ᠮᠦᠽᠧᠶ ᠶᠢ ᠤᠷᠢᠵᠤ ᠪᠠᠷᠠᠭᠤᠨ ᠯᠢᠶᠣᠤ ᠾᠧ ᠭᠤᠤᠯ ᠤᠨ ᠰᠠᠪᠠ | ᠭᠠᠵᠠᠷ ᠤᠨ ᠪᠠᠯᠠᠷ ᠡᠷᠲᠡᠨ ᠤ ᠪᠠᠭᠤᠷᠢ ᠶᠢᠨ ᠬᠠᠭᠤᠴᠢ ᠰᠤᠳᠤᠯᠤᠯ ᠤᠨ ᠮᠦᠽᠧᠶ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠡᠬᠢ ᠪᠠᠶᠠᠯᠢᠭ ᠤᠨ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ | ᠰᠤᠷᠤᠯᠴᠠᠵᠤ ᠰᠣᠯᠢᠯᠴᠠᠬᠤ ᠪᠣᠯᠪᠠᠰᠤᠷᠠᠯ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ ᠨᠢ 2024 ᠣᠨ ᠤ ᠡᠴᠦᠰ︶ | ︵ᠬᠤᠶᠠᠷ︶ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠠᠰᠢᠭᠯᠠᠯᠲᠠ ᠶᠢ ᠳᠡᠭᠡᠭᠰᠢᠯᠡᠭᠦᠯᠦᠨ᠎ᠡ | 6. ᠲᠦᠩᠯᠢᠶᠣᠤ ᠬᠤᠲᠠ ᠶᠢᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠥᠲᠥᠭᠡᠨ | ᠪᠠᠶᠢᠭᠤᠯᠤᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ᠂ ᠪᠦᠬᠦ | ᠬᠤᠲᠠ ᠶᠢᠨ ᠰᠢᠯᠵᠢᠭᠦᠯᠵᠦ ᠪᠣᠯᠤᠰᠢ ᠦᠭᠡᠢ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠢ ᠡᠮᠬᠢᠯᠡᠵᠦ᠂ ᠪᠠᠷᠠᠭᠤᠨ ᠯᠢᠶᠣᠤ ᠾᠧ ᠣᠷᠣᠨ ᠤ ᠡᠷᠲᠡᠨ ᠤ | ᠰᠣᠶᠣᠯ ᠤᠨ ᠦᠯᠡᠳᠡᠭᠳᠡᠯ ᠳᠤ ᠲᠤᠭ᠎ᠠ ᠪᠦᠷᠢᠳᠬᠡᠯ ᠪᠠ ᠲᠤᠭ᠎ᠠ ᠪᠠᠷᠢᠮᠲᠠ ᠶᠢᠨ ᠵᠠᠳᠠᠯᠤᠯᠲᠠ ᠬᠢᠵᠦ᠂ ᠰᠢᠯᠵᠢᠭᠦᠯᠵᠦ ᠪᠣᠯᠤᠰᠢ ᠦᠭᠡᠢ ᠲᠡᠤᠬᠡ ᠶᠢᠨ ᠳᠤᠷᠠᠰᠬᠠᠯᠲᠤ | ᠵᠦᠢᠯᠡᠰ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ | ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ ᠨᠢ 2026 ᠣᠨ ᠤ ᠡᠴᠦᠰ︶ | 7. ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ ᠪᠣᠳᠠᠰ ᠤᠨ ᠪᠤᠰᠤ | ᠰᠣᠶᠣᠯ ᠤᠨ ᠥᠪ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠥᠷᠥᠯ ᠬᠤᠪᠢᠶᠠᠭᠰᠠᠨ ᠵᠢᠷᠤᠮᠵᠢᠯ᠂ ᠪᠢᠴᠢᠵᠦ ᠲᠡᠮᠳᠡᠭᠯᠡᠬᠦ ᠪᠠᠷᠢᠮᠵᠢᠶ᠎ᠠ ᠶᠣᠰᠣᠭᠠᠷ᠂ ᠪᠦᠬᠦ | ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ 10 ᠶᠡᠭᠡ ᠲᠥᠷᠥᠯ ᠤᠨ ᠪᠣᠳᠠᠰ ᠤᠨ | ᠪᠤᠰᠤ ᠰᠣᠶᠣᠯ ᠤᠨ ᠥᠪ ᠤᠨ ᠡᠬᠢ ᠪᠠᠶᠠᠯᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠰᠣᠶᠣᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠮᠠᠲ᠋ᠧᠷᠢᠶᠠᠯ᠂ ᠨᠢᠭᠡᠨᠲᠡ ᠪᠠᠶᠢᠭᠤᠯᠤᠭᠰᠠᠨ ᠪᠤᠶᠤ ᠪᠠᠶᠢᠭᠤᠯᠵᠤ ᠪᠠᠶᠢᠭ᠎ᠠ ᠪᠣᠳᠠᠰ ᠤᠨ ᠪᠤᠰᠤ | ᠰᠣᠶᠣᠯ ᠤᠨ ᠥᠪ ᠤᠨ ᠲᠣᠭᠠᠴᠢᠯᠠᠭᠰᠠᠨ ᠡᠬᠢ ᠪᠠᠶᠠᠯᠢᠭ ᠵᠡᠷᠭᠡ ᠶᠢ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠳ᠋ᠠᠶᠢᠲ᠋ᠠ | ᠬᠥᠮᠥᠷᠭᠡ ᠳᠤ ᠨᠡᠶᠢᠯᠡᠭᠦᠯᠦᠨ ᠣᠷᠣᠭᠤᠯᠤᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ ᠨᠢ 2026 ᠣᠨ ᠤ ᠡᠴᠦᠰ︶ | ︵ᠭᠤᠷᠪᠠ︶ ᠭᠦᠨᠵᠡᠭᠡᠢ ᠰᠣᠳᠤᠯᠤᠨ ᠲᠠᠶᠢᠯᠪᠤᠷᠢᠯᠠᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠎ᠠ | 8. ᠬᠠᠭᠤᠴᠢ ᠰᠤᠳᠤᠯᠤᠯ ᠪᠠ ᠪᠣᠳᠠᠰ ᠤᠨ ᠪᠤᠰᠤ ᠰᠣᠶᠣᠯ ᠤᠨ ᠥᠪ ᠤᠨ ᠬᠡᠭᠡᠷ᠎ᠡ ᠲᠠᠯ᠎ᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ | ᠪᠠᠷᠠᠭᠤᠨ ᠯᠢᠶᠤᠤ ᠾᠧ ᠭᠤᠤᠯ ᠤᠨ ᠪᠣᠯᠪᠠᠰᠤᠨ ᠤ ᠣᠨᠣᠯ ᠤᠨ ᠰᠤᠳᠤᠯᠭᠠᠨ ᠤ ᠦᠷ᠎ᠡ ᠪᠦᠲᠦᠭᠡᠯ ᠪᠣᠯᠭᠠᠨ᠎ᠠ᠃ ᠲᠤᠰᠬᠠᠶ ᠮᠡᠷᠭᠡᠵᠢᠯᠲᠡᠨ ᠡᠷᠳᠡᠮᠲᠡᠨ ᠢ ᠵᠣᠬᠢᠶᠠᠨ | ᠪᠠᠶᠢᠭᠤᠯᠵᠤ᠂ ᠬᠠᠭᠤᠴᠢ ᠰᠤᠳᠤᠯᠤᠯ ᠪᠠ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠲᠦᠰᠢᠭᠯᠡᠨ᠂ ᠪᠠᠷᠠᠭᠤᠨ ᠯᠢᠶᠣᠤ | ᠾᠧ ᠣᠷᠣᠨ ᠤ ᠲᠡᠦᠬᠡᠨ ᠳᠠᠬᠢ ᠦᠨᠳᠦᠰᠦᠲᠡᠨ ᠤ ᠰᠢᠯᠵᠢᠯᠲᠡ᠂ ᠠᠷᠠᠯᠵᠢᠶᠠᠨ ᠤ ᠶᠠᠪᠤᠯᠴᠠᠭ᠎ᠠ᠂ ᠰᠣᠶᠣᠯ ᠤᠨ ᠰᠣᠯᠢᠯᠴᠠᠭ᠎ᠠ ᠵᠡᠷᠭᠡ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠭᠰᠡᠨ ᠲᠡᠦᠬᠡᠨ ᠶᠠᠪᠤᠴᠠ ᠶᠢ ᠲᠣᠳᠣᠷᠬᠠᠶᠢᠯᠠᠨ | ᠥᠭᠦᠯᠡᠬᠦ ᠶᠢᠨ ᠬᠠᠮᠲᠤ ᠬᠠᠮᠢᠶ᠎ᠠ ᠪᠦᠬᠦᠢ ᠰᠤᠳᠤᠯᠭᠠᠨ ᠤ ᠥᠭᠦᠯᠡᠯ ᠪᠠ ᠮᠡᠳᠡᠭᠦᠯᠦᠯᠲᠡ ᠪᠢᠴᠢᠵᠦ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠣᠨᠣᠯ ᠤᠨ | ᠰᠤᠳᠤᠯᠭᠠᠨ ᠢ ᠤᠯᠠᠮ ᠨᠢᠭᠡ ᠠᠯᠬᠤᠮ ᠭᠦᠨᠵᠡᠭᠡᠶ ᠦᠷᠨᠢᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | 9. ᠨᠢᠭᠡ ᠪᠦᠯᠦᠭ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠷᠥᠯ ᠵᠦᠢᠯ ᠢ ᠲᠥᠰᠦᠪᠯᠡᠨ ᠬᠡᠷᠡᠭᠵᠢᠭᠦᠯᠦᠨ᠎ᠡ᠃ | ᠪᠠᠷᠠᠭᠤᠨ ᠯᠢᠶᠣᠣ ᠾᠧ ᠭᠤᠣᠯ ᠤᠨ ᠪᠣᠯᠪᠠᠰᠤᠨ ᠤ ᠰᠤᠳᠤᠯᠤᠯ ᠤᠨ ᠭᠤᠶᠤᠴᠢᠯᠠᠯ ᠢ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠲᠥᠷᠥᠯ ᠵᠦᠢᠯ ᠳᠤ | ᠤᠷᠤᠭᠤᠯᠤᠨ᠎ᠠ᠃ ᠬᠠᠮᠪᠤ ᠶᠢᠨ ᠪᠠᠭᠤᠷᠢ ᠶᠢᠨ ᠴᠡᠴᠡᠷᠯᠢᠭ ᠢ ᠤᠯᠤᠰ ᠤᠨ ᠳᠡᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠮᠡᠳᠡᠭᠦᠯᠬᠦ ᠶᠢ ᠲᠦᠯᠬᠢᠨ | ᠠᠬᠢᠭᠤᠯᠤᠨ᠎ᠠ᠃ ᠨᠠᠢᠮᠠᠨ ᠬᠤᠰᠢᠭᠤᠨ ᠤ ᠴᠧᠨ ᠭᠦᠸᠧ ᠭᠦᠩᠵᠦ ᠶᠢᠨ ᠣᠩᠭᠤᠨ ᠤ ᠬᠠᠨ᠎ᠠ ᠶᠢᠨ ᠵᠢᠷᠤᠭ ᠢ ᠬᠠᠮᠠᠭᠠᠯᠠᠨ ᠰᠡᠷᠭᠦᠭᠡᠬᠦ᠂ ᠬᠠᠮᠪᠤ ᠶᠢᠨ ᠪᠠᠭᠤᠷᠢ ᠶᠢ | ᠬᠠᠮᠠᠭᠠᠯᠠᠨ ᠠᠰᠢᠭᠯᠠᠬᠤ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠡᠮᠦᠨ᠎ᠡ | ᠪᠤᠯᠠᠭᠲᠤ ᠶᠢᠨ ᠪᠠᠭᠤᠷᠢ ᠳᠤ ᠡᠪᠳᠡᠭᠳᠡᠭᠰᠡᠨ ᠦᠭᠡᠢ ᠬᠠᠶᠢᠨ ᠪᠠᠶᠢᠴᠠᠭᠠᠯᠲᠠ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠪᠡᠶᠡᠯᠡᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | 10. ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ᠎ᠡ᠃ ᠵᠢᠯ ᠪᠦᠷᠢ ᠨᠢᠭᠡ ᠬᠤᠭᠤᠴᠠᠭᠠᠨ ᠤ ᠪᠠᠷᠠᠭᠤᠨ | ᠯᠢᠶᠣᠤ ᠾᠧ ᠭᠤᠣᠯ ᠤᠨ ᠰᠣᠶᠣᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠬᠢᠯᠡᠵᠦ᠂ ᠪᠦᠬᠦ ᠤᠯᠤᠰ ᠤᠨ ᠬᠡᠪᠴᠢᠶᠡᠨ ᠳᠤ ᠦᠨᠳᠦᠰᠦᠲᠡᠨ ᠤ ᠰᠤᠳᠤᠯᠤᠯ᠂ | ᠬᠥᠮᠦᠨ ᠲᠥᠷᠥᠯᠬᠢᠲᠡᠨ ᠤ ᠰᠤᠳᠤᠯᠤᠯ᠂ ᠬᠠᠭᠤᠴᠢ ᠰᠤᠳᠤᠯᠤᠯ᠂ ᠲᠡᠦᠬᠡ ᠶᠢᠨ ᠤᠬᠠᠭᠠᠨ ᠤ ᠬᠦᠷᠢᠶ᠎ᠡ ᠴᠠᠷᠠᠭ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ | ᠮᠡᠷᠭᠡᠵᠢᠯᠲᠡᠨ ᠡᠷᠳᠡᠮᠲᠡᠨ ᠢ ᠤᠷᠢᠵᠤ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠲᠤᠬᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠯᠭᠡᠵᠦ᠂ ᠨᠡᠩ ᠤᠯᠠᠨ | ᠰᠢᠨ᠎ᠡ ᠶᠢ ᠡᠭᠦᠳᠬᠦ ᠴᠢᠨᠠᠷᠲᠠᠢ᠂ ᠠᠭᠤᠰᠤᠯᠴᠠᠭᠰᠠᠨ ᠴᠢᠨᠠᠷᠲᠠᠢ ᠲᠡᠦᠬᠡ ᠰᠣᠶᠣᠯ ᠤᠨ ᠦᠷ᠎ᠡ ᠪᠦᠲᠦᠭᠡᠯ ᠢ ᠪᠤᠢ ᠪᠤᠯᠭᠠᠨ᠎ᠠ᠃ ︵ ᠪᠡᠶᠡᠯᠡᠭᠦᠯᠬᠦ ᠴᠠᠭ ᠤᠨ ᠬᠢᠵᠠᠭᠠᠷ ᠨᠢ | 2028 ᠣᠨ ᠤ ᠡᠴᠦᠰ︶ | ︵ᠲᠦᠷᠪᠡ︶ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠨᠡᠷᠡᠲᠦ ᠲᠡᠮᠳᠡᠭᠲᠦ ᠶᠢᠨ ᠦᠢᠯᠡᠳᠦᠯ ᠢ ᠪᠣᠶ ᠪᠤᠯᠭᠠᠨ᠎ᠠ | 11. ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠰᠤᠳᠤᠯᠤᠨ ᠪᠦᠲᠦᠭᠡᠬᠦ ᠠᠵᠢᠯ ᠤᠨ ᠰᠡᠳᠬᠦᠯ ᠢ ᠬᠡᠪᠯᠡᠭᠦᠯᠦᠨ᠎ᠡ᠃ ᠰᠣᠶᠣᠯ ᠤᠨ ᠲᠥᠷᠥᠯ ᠬᠡᠯᠪᠡᠷᠢ᠂ | ᠴᠠᠭ ᠦᠶ᠎ᠡ᠂ ᠶᠠᠰᠤ ᠴᠢᠨᠠᠷ᠂ ᠪᠠᠭᠠᠵᠢ ᠬᠡᠷᠡᠭᠰᠡᠯ ᠵᠡᠷᠭᠡ ᠪᠠᠷ ᠲᠡᠤᠬᠡ ᠶᠢᠨ ᠳᠤᠷᠠᠰᠬᠠᠯᠲᠤ ᠵᠦᠢᠯᠡᠰ ᠤᠨ ᠵᠢᠷᠤᠭ ᠤᠨ ᠰᠣᠳᠣᠨ ᠪᠦᠲᠦᠭᠡᠯ ᠢ ᠡᠮᠬᠢᠳᠬᠡᠨ ᠬᠡᠪᠯᠡᠭᠦᠯᠦᠨ᠎ᠡ | ︔ ᠪᠠᠷᠠᠭᠤᠨ ᠯᠢᠶᠤᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠦᠷ᠎ᠡ ᠪᠦᠲᠦᠭᠡᠯ ᠢ ᠡᠮᠬᠢᠳᠬᠡᠨ ᠬᠤᠷᠢᠶᠠᠩᠭᠤᠶᠢᠯᠠᠵᠤ᠂ ᠬᠤᠷᠴᠢᠨ ᠠᠷᠠᠳ ᠤᠨ ᠳᠠᠭᠤᠤ ᠶᠢ | ᠥᠭᠡᠷᠡᠴᠢᠯᠡᠨ ᠨᠠᠶᠢᠷᠠᠭᠤᠯᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ︵ ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | 12. ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠵᠢᠯ | ᠪᠦᠷᠢ ᠶᠢᠨ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾᠂ ︽ᠲᠠᠯ᠎ᠠ ᠨᠤᠲᠤᠭ ᠤᠨ ᠰᠣᠶᠣᠯ ᠤᠨ ᠥᠪ ᠤᠨ ᠡᠳᠦᠷ︾᠂ ︽ᠣᠯᠠᠨ ᠤᠯᠤᠰ ᠤᠨ | ᠮᠦᠽᠧᠶ ᠶᠢᠨ ᠡᠳᠦᠷ︾ ᠤᠨ ᠡᠮᠦᠨ᠎ᠡ ᠬᠤᠶᠢᠨ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠶᠣᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠡᠯ᠎ᠡ ᠲᠥᠷᠥᠯ ᠤᠨ ᠠᠵᠢᠯᠯᠠᠭ᠎ᠠ ᠶᠢ ᠪᠠᠶᠢᠩᠭᠤᠵᠢᠭᠤᠯᠬᠤ ᠪᠠᠷ ᠳᠠᠮᠵᠢᠭᠤᠯᠤᠨ ᠡᠷᠬᠢᠯᠡᠵᠦ᠂ ᠪᠠᠷᠠᠭᠤᠨ ᠯᠢᠶᠣᠤ ᠾᠧ | ᠭᠤᠣᠯ ᠤᠨ ᠪᠣᠯᠪᠠᠰᠤᠨ ᠤ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠢ ᠤᠬᠠᠭᠤᠯᠤᠨ ᠳᠡᠯᠭᠡᠨ ᠦᠵᠡᠭᠦᠯᠦᠨ᠎ᠡ᠃ ᠪᠠᠷᠠᠭᠤᠨ ᠯᠢᠶᠣᠤ ᠾᠧ ᠭᠤᠤᠯ ᠤᠨ | ᠪᠣᠯᠪᠠᠰᠤᠨ ᠤ ᠰᠤᠳᠤᠯᠭᠠᠨ ᠤ ᠦᠷ᠎ᠡ ᠪᠦᠲᠦᠭᠡᠯ ᠤᠨ ᠪᠠᠷᠢᠮᠲᠠᠲᠤ ᠹᠢᠯᠢᠮ ᠢ ᠰᠢᠩᠭᠡᠭᠡᠨ ᠦᠢᠯᠡᠳᠴᠦ᠂ ᠪᠠᠷᠢᠮᠲᠠᠲᠤ ᠺᠢᠨᠣ᠋ ᠶᠢ ᠬᠠᠭᠤᠴᠢ ᠰᠤᠳᠤᠯᠤᠯ᠂ ᠮᠠᠯᠲᠠᠵᠤ | ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯ᠂ ᠬᠠᠭᠤᠴᠢ ᠰᠤᠳᠤᠯᠤᠯ ᠤᠨ ᠰᠣᠶᠣᠯ ᠤᠨ ᠰᠤᠳᠤᠯᠤᠯ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠤᠰᠬᠠᠶ | ᠰᠤᠷᠪᠤᠯᠵᠢᠯᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠰᠣᠶᠣᠯ ᠤᠨ ᠥᠪ ᠢ ᠣᠯᠠᠨ ᠲᠠᠯ᠎ᠠ ᠠᠴᠠ ᠪᠦᠬᠦ | ᠲᠠᠯ᠎ᠠ ᠪᠠᠷ ᠤᠬᠠᠭᠤᠯᠵᠤ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠤᠯ ᠤᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠦᠨ᠎ᠡ᠃ ︵ | ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | 13᠂ ᠪᠠᠷᠠᠭᠤᠨ ᠯᠢᠶᠣᠣ ᠾᠧ ᠭᠤᠣᠯ ᠤᠨ ᠰᠣᠶᠣᠯ ᠤᠨ ᠨᠠᠶᠢᠷ ᠤᠨ ᠨᠡᠷᠡᠲᠦ ᠲᠡᠮᠳᠡᠭ ᠢ ᠡᠭᠦᠳᠦᠨ᠎ᠡ᠃ ︽ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠢ | ᠬᠠᠶᠢᠵᠤ · ᠬᠤᠷᠴᠢᠨ ᠤ ᠦᠵᠡᠮᠵᠢ ᠶᠢᠨ ᠤᠷᠤᠨ ᠢᠶᠠᠷ ᠵᠤᠭᠠᠴᠠᠬᠤ︾ ᠪᠠᠷ ᠭᠤᠤᠯ ᠰᠡᠳᠦᠪ ᠪᠣᠯᠭᠠᠵᠤ᠂ ︽ᠪᠠᠭ᠋ᠠᠷᠬᠠᠯᠲᠦ ᠲᠦᠩᠯᠢᠶᠣᠤ︾ ᠶᠢᠨ ᠰᠣᠶᠣᠯ | ᠵᠢᠭᠤᠯᠴᠢᠯᠠᠯ ᠤᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠪᠠᠷᠠᠭᠤᠨ ᠯᠢᠶᠣᠤ ᠾᠧ ᠭᠤᠤᠯ ᠤᠨ ᠰᠣᠶᠣᠯ ᠤᠨ | ᠨᠠᠶᠢᠷ ᠢ ᠭᠠᠵᠠᠷ ᠣᠷᠣᠨ ᠤ ᠰᠣᠶᠣᠯ ᠢᠶᠠᠨ ᠳᠡᠯᠭᠡᠨ ᠦᠵᠡᠭᠦᠯᠬᠦ᠂ ᠬᠤᠲᠠ ᠶᠢᠨ ᠳᠦᠷᠢ ᠲᠥᠷᠬᠦ ᠶᠢ ᠪᠣᠶ ᠪᠣᠯᠭᠠᠬᠤ᠂ ᠬᠤᠲᠠ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠬᠦ ᠨᠠᠷᠠᠲᠤ ᠲᠥᠷᠥᠯ ᠲᠡᠮᠳᠡᠭᠲᠦ ᠶᠢᠨ ᠪᠠᠶᠠᠷ ᠤᠨ ᠬᠤᠷᠠᠯ ᠪᠣᠯᠭᠠᠨ ᠡᠷᠬᠢᠯᠡᠨ᠎ᠡ᠃ ︵ ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | 14. ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠭᠤᠤᠯ | ᠰᠡᠳᠦᠪᠲᠦ ᠤᠳᠬ᠎ᠠ ᠤᠷᠠᠯᠢᠭ ᠤᠨ ᠵᠣᠬᠢᠶᠠᠯ ᠪᠦᠲᠦᠭᠡᠯ ᠢ ᠵᠣᠬᠢᠶᠠᠨ ᠪᠦᠲᠦᠭᠡᠬᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ | ᠲᠤᠰᠬᠠᠶ ᠤᠷᠠᠨ ᠰᠠᠶᠢᠬᠠᠨ ᠤ ᠲᠣᠭᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠤᠮᠠᠷᠠᠲᠤ | ᠬᠢᠯᠢ ᠶᠢᠨ ᠰᠣᠶᠣᠯ︾ ᠢ ᠪᠦᠬᠦ ᠬᠤᠲᠠ ᠶᠢᠨ ᠡᠯ᠎ᠡ ᠱᠠᠲᠤᠨ ᠤ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠭᠤᠤᠯ ᠰᠡᠳᠦᠪᠲᠦ ᠵᠣᠬᠢᠶᠠᠨ ᠪᠦᠲᠦᠭᠡᠬᠦ᠂ | ᠤᠷᠠᠯᠢᠭ ᠤᠨ ᠬᠠᠪᠰᠤᠷᠤᠨ ᠵᠢᠯᠣᠭᠤᠳᠬᠤ ᠪᠠ ᠰᠣᠯᠢᠯᠴᠠᠨ ᠰᠤᠷᠤᠯᠴᠠᠬᠤ ᠳᠤᠮᠳᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠵᠢᠯᠴᠠᠨ᠂ | ᠬᠠᠮᠢᠶ᠎ᠠ ᠪᠦᠬᠦᠢ ᠬᠦᠷᠢᠶᠡᠯᠡᠩ ᠪᠦᠯᠬᠦᠮ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠣᠮᠣ ᠬᠡᠯᠪᠡᠷᠢ ᠶᠢᠨ ᠨᠠᠶᠢᠷᠠᠯ ᠬᠥᠭᠵᠢᠮ ︽ᠪᠠᠷᠠᠭᠤᠨ ᠯᠢᠶᠣᠤ ᠾᠧ | ᠭᠤᠤᠯ ᠤᠨ ᠨᠠᠶᠢᠷᠠᠯ ᠰᠢᠯᠦᠭ︾᠂ ᠲᠠᠶᠢᠰᠠᠨ ᠵᠦᠴᠦᠭᠡ ︽ᠪᠣᠯᠪᠠᠰᠤᠨ ᠨᠠᠷᠠ ᠮᠠᠨᠳᠤᠭᠰᠠᠨ ᠭᠠᠵᠠᠷ︾ ᠵᠡᠷᠭᠡ ᠤᠯᠠᠮᠵᠢᠯᠠᠭᠳᠠᠨ ᠦᠯᠡᠳᠡᠭᠳᠡᠬᠦ ᠰᠢᠯᠢᠳᠡᠭ ᠤᠳᠬ᠎ᠠ | ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠨ᠎ᠡ᠃ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠢ ᠤᠬᠠᠭᠤᠯᠤᠨ ᠲᠦᠭᠡᠮᠡᠯᠵᠢᠭᠦᠯᠵᠦ ᠳᠡᠯᠭᠡᠷᠡᠭᠦᠯᠬᠦ | ᠠᠵᠢᠯᠯᠠᠭ᠎ᠠ ᠶᠢ ᠡᠷᠬᠢᠯᠡᠵᠦ᠂ ᠲᠦᠩᠯᠢᠶᠣᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠭᠤᠯᠴᠢᠯᠠᠯ ᠤᠨ ᠵᠠᠮ ᠱᠤᠭᠤᠮ ᠢ ᠢᠳᠡᠪᠬᠢᠲᠡᠶ ᠤᠬᠠᠭᠤᠯᠤᠨ | ᠳᠡᠯᠭᠡᠷᠡᠭᠦᠯᠵᠦ᠂ ᠤᠳᠬ᠎ᠠ ᠰᠤᠶᠤᠯ ᠤᠨ ᠪᠦᠲᠦᠭᠡᠭᠳᠡᠭᠦᠨ ᠢ ᠰᠤᠳᠤᠯᠤᠨ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ | ᠪᠠ ᠳᠡᠯᠭᠡᠨ ᠦᠵᠡᠭᠦᠯᠬᠦ ᠠᠵᠢᠯ ᠢ ᠦᠷᠨᠢᠭᠦᠯᠦᠨ᠎ᠡ᠃ ︵ ᠪᠡᠶᠡᠯᠡᠭᠦᠯᠬᠦ ᠴᠠᠭ ᠤᠨ ᠬᠢᠵᠠᠭᠠᠷ ᠨᠢ 2028 ᠣᠨ ᠤ ᠡᠴᠦᠰ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠲᠦᠷᠦᠭᠦᠯᠡᠨ᠂ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠨᠤᠰᠤᠨ᠎ᠠ᠃ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠲᠤᠷᠠᠰᠬᠠᠯᠲᠦ ᠵᠦᠢᠯᠡᠰ ᠤᠨ ᠲᠤᠪᠴᠢᠶ᠎ᠠ︶ ᠡᠯ᠎ᠡ ᠵᠦᠢᠯ ᠤᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠩᠰᠠ ᠡᠪᠬᠡᠮᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠲᠠᠢ ᠬᠠᠮᠵᠢᠯᠴᠠᠨ ᠡᠯ᠎ᠡ ᠵᠦᠢᠯ ᠤᠨ | ᠠᠵᠢᠯ ᠢ ᠥᠷᠨᠢᠭᠦᠯᠦᠨ᠎ᠡ᠃ | ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠲᠤᠰᠬᠠᠶ ᠵᠦᠢᠯ ᠤᠨ | ᠪᠡᠯᠡ ᠮᠥᠩᠭᠦ ᠪᠠᠶᠢᠭᠤᠯᠵᠤ᠂ ᠬᠡᠭᠡᠷ᠎ᠡ ᠲᠠᠯ᠎ᠠ ᠳᠤ ᠪᠠᠶᠢᠴᠠᠭᠠᠯᠲᠠ ᠬᠢᠬᠦ᠂ ᠰᠠᠭᠤᠷᠢ ᠴᠢᠨᠠᠷᠲᠠᠶ ᠮᠠᠲ᠋ᠧᠷᠢᠶᠠᠯ ᠴᠤᠭᠯᠠᠭᠤᠯᠤᠨ ᠡᠮᠬᠢᠳᠬᠡᠬᠦ᠂ ᠰᠤᠳᠤᠯᠭᠠᠨ ᠤ ᠦᠷ᠎ᠡ | ᠪᠦᠲᠦᠭᠡᠯ ᠢ ᠬᠤᠪᠢᠷᠠᠭᠤᠯᠬᠤ ᠵᠢᠴᠢ ᠡᠯ᠎ᠡ ᠲᠥᠷᠥᠯ ᠤᠨ ᠤᠬᠠᠭᠤᠯᠭ᠎ᠠ ᠬᠢᠬᠦ᠂ ᠳᠡᠯᠭᠡᠷᠡᠭᠦᠯᠬᠦ᠂ ᠪᠣᠯᠪᠠᠰᠤᠷᠠᠭᠤᠯᠬᠤ᠂ ᠰᠣᠯᠢᠯᠴᠠᠬᠤ ᠵᠡᠷᠭᠡ ᠠᠵᠢᠯᠯᠠᠭ᠎ᠠ ᠥᠷᠨᠢᠭᠦᠯᠬᠦ ᠳᠤ | ᠬᠡᠷᠡᠭᠯᠡᠨ᠎ᠡ᠃ 2024 ᠣᠨ ᠠᠴᠠ 2028 ᠤᠨ ᠪᠣᠯᠲᠠᠯ᠎ᠠ ᠵᠢᠯ ᠪᠦᠷᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠪᠠᠷᠠᠭᠤᠨ ᠯᠢᠶᠣᠤ | ᠾᠧ ᠭᠤᠤᠯ ᠤᠨ ᠪᠣᠯᠪᠠᠰᠤᠨ ᠤ ᠰᠤᠳᠤᠯᠭᠠᠨ ᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠᠶᠢᠴᠠᠭᠠᠯᠲᠠ ᠬᠢᠨ᠎ᠡ᠃ | ︵ᠭᠤᠷᠪᠠ︶ ᠴᠢᠳᠠᠪᠤᠷᠢᠲᠠᠨ ᠢ ᠬᠦᠮᠦᠵᠢᠭᠦᠯᠬᠦ ᠠᠵᠢᠯ ᠢ ᠴᠢᠩᠭᠠᠳᠬᠠᠨ᠎ᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠭᠤᠴᠢ ᠰᠤᠳᠤᠯᠤᠯ ᠤᠨ ᠭᠠᠵᠠᠷ᠂ ᠪᠡᠭᠡᠵᠢᠩ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ᠂ ᠯᠢᠶᠣᠤᠨᠢᠩ ᠶᠡᠭᠡ ᠰᠤᠷᠭᠠᠭᠤᠯᠢ᠂ ᠪᠡᠭᠡᠵᠢᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ | ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠲᠤᠰᠬᠠᠶ ᠮᠡᠷᠭᠡᠵᠢᠯ ᠤᠨ | ᠪᠠᠶᠢᠭᠤᠯᠤᠮᠵᠢ ᠪᠠ ᠳᠡᠭᠡᠳᠦ ᠰᠤᠷᠭᠠᠭᠤᠯᠢ ᠵᠢᠴᠢ ᠬᠤᠯᠪᠣᠭᠳᠠᠯ ᠪᠥᠬᠦᠶ ᠤᠯᠤᠰ᠂ ᠮᠤᠵᠢ᠂ ᠬᠤᠲᠠ ᠶᠢᠨ ᠰᠣᠶᠣᠯ ᠤᠨ ᠦᠵᠡᠰᠬᠦᠯᠡᠩ ᠤᠨ ᠨᠢᠭᠡᠴᠡ ᠶᠢᠨ ᠲᠤᠰᠬᠠᠶ | ᠮᠡᠷᠭᠡᠵᠢᠯᠲᠡᠨ᠂ ᠡᠷᠳᠡᠮᠲᠡᠳ ᠤᠨ ᠳᠡᠮᠵᠢᠯᠭᠡ ᠪᠠ ᠵᠢᠯᠣᠭᠤᠳᠣᠯᠭ᠎ᠠ ᠶᠢ ᠤᠯᠬᠤ ᠪᠠᠷ ᠴᠢᠷᠮᠠᠶᠢᠵᠤ᠂ ᠪᠠᠷᠠᠭᠤᠨ ᠯᠢᠶᠣᠤ ᠾᠧ ᠭᠤᠤᠯ ᠤᠨ ᠰᠣᠶᠣᠯ ᠤᠨ ᠰᠤᠳᠤᠯᠭᠠᠨ ᠢᠶᠠᠷ | ᠭᠤᠤᠯ ᠰᠡᠳᠦᠪ ᠪᠣᠯᠭᠠᠭᠰᠠᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ | ᠰᠤᠳᠤᠯᠤᠭᠴᠢᠳ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠡᠷᠳᠡᠮ ᠰᠢᠨᠵᠢᠯᠡᠭᠡᠨ ᠤ | ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠪᠤᠰᠤᠳ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠡᠬᠢ ᠪᠠᠶᠠᠯᠢᠭ ᠪᠠ | ᠲᠤᠷᠰᠢᠯᠭ᠎ᠠ ᠶᠢ ᠬᠠᠮᠲᠤ ᠪᠠᠷ ᠡᠳ᠋ᠯᠡᠨ᠎ᠡ︔ ᠲᠥᠷᠥᠯ ᠵᠦᠢᠯ ᠤᠨ ᠬᠠᠮᠲᠤᠷᠠᠯᠴᠠᠭ᠎ᠠ ᠶᠢ ᠡᠷᠢᠯᠬᠢᠯᠡᠵᠦ᠂ ᠬᠤᠯᠪᠣᠭᠳᠠᠯ ᠪᠥᠬᠦᠶ ᠨᠢᠭᠡᠴᠡ ᠲᠠᠢ ᠬᠠᠮᠲᠤ ᠪᠠᠷ ᠪᠠᠷᠠᠭᠤᠨ | ᠯᠢᠶᠣᠤ ᠾᠧ ᠭᠤᠤᠯ ᠤᠨ ᠪᠣᠯᠪᠠᠰᠤᠨ ᠤ ᠰᠤᠳᠤᠯᠭᠠᠨ ᠤ ᠠᠵᠢᠯ ᠢ ᠥᠷᠨᠢᠭᠦᠯᠵᠦ᠂ ᠰᠤᠳᠤᠯᠭᠠᠨ ᠤ ᠦᠷ᠎ᠡ ᠪᠦᠲᠦᠭᠡᠯ ᠤᠨ ᠶᠠᠰᠤ ᠴᠢᠨᠠᠷ ᠪᠠ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | |