ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1400 ᠲᠦᠮᠡᠨ ᠺᠢᠯᠣᠸᠠᠲ ᠲᠤ ᠭᠦᠷᠪᠡ︕ | ᠰᠤᠷᠪᠤᠯᠵᠢᠯᠠᠬᠴᠢ ᠬᠤᠨᠭ᠌ ᠰᠢᠶᠠ | ᠬᠤᠷᠴᠢᠨ ᠨᠤᠲᠤᠭ ᠤᠨ ᠡᠯᠢᠭᠡᠨ ᠳᠤ ᠰᠠᠯᠬᠢᠨ ᠬᠦᠴᠦᠨ ᠤ ᠮᠠᠰᠢᠨ ᠡᠳᠦᠷ ᠰᠥᠨᠢ ᠵᠣᠭᠰᠣᠯ ᠦᠭᠡᠢ ᠠᠵᠢᠯᠯᠠᠵᠤ᠂ ᠵᠢᠭᠳᠡᠷᠡᠨ ᠪᠠᠶᠢᠷᠢᠯᠠᠭᠰᠠᠨ ᠭᠡᠷᠡᠯ | ᠴᠡᠨᠡᠭ ᠤᠨ ᠬᠠᠪᠲᠠᠰᠤ ᠪᠣᠬᠢᠷᠳᠤᠯ ᠦᠭᠡᠢ ᠬᠥᠭᠵᠢᠯᠲᠡ ᠳᠤ ᠬᠥᠳᠡᠯᠭᠡᠭᠴᠢ ᠬᠦᠴᠦᠨ ᠨᠡᠮᠡᠷᠢᠯᠡᠨ᠎ᠠ᠃ ᠵᠥᠪᠳᠡᠯᠴᠡᠭᠡᠷ ᠲᠣᠭᠲᠠᠨ ᠰᠠᠭᠤᠷᠢ ᠲᠠᠯᠪᠢᠬᠤ᠂ ᠪᠠᠷᠢᠯᠭ᠎ᠠ | ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠢᠯᠡᠳᠪᠦᠷᠢᠯᠡᠯ ᠳᠤ ᠣᠷᠣᠭᠤᠯᠬᠤ ᠁ ᠰᠢᠨ᠎ᠡ ᠡᠨᠧᠷᠭᠢ ᠶᠢᠨ ᠲᠥᠷᠥᠯ ᠵᠦᠢᠯ ᠤᠳ ᠢ | ᠪᠣᠳᠠᠲᠠᠢ ᠨᠠᠶᠢᠳᠠᠪᠤᠷᠢᠵᠢᠭᠤᠯᠤᠨ᠂ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠪᠢᠯᠬᠠᠨ᠎ᠠ᠃ | 2024 ᠣᠨ ᠳᠤ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1400 ᠲᠦᠮᠡᠨ ᠺᠢᠯᠣᠸᠠᠲ ᠢ ᠳᠠᠪᠠᠵᠤ᠂ ᠮᠠᠰᠢᠨ | ᠴᠣᠭᠴᠠᠯᠠᠪᠤᠷᠢ ᠶᠢᠨ ᠡᠵᠡᠯᠡᠬᠦ ᠬᠠᠷᠢᠴᠠᠯ 60% ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠳᠤ ᠬᠤᠶᠠᠳᠤᠭᠠᠷ ᠲᠤ ᠵᠢᠭᠰᠠᠭᠠᠭᠳᠠᠵᠤ᠂ ᠴᠠᠭᠢᠯᠭᠠᠨ ᠭᠠᠷᠭᠠᠬᠤ | ᠬᠡᠮᠵᠢᠶ᠎ᠡ 192.86 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠰᠢᠨ᠎ᠡ ᠡᠨᠧᠷᠭᠢ ᠶᠢᠨ ᠶᠡᠷᠦᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ 93% ᠳᠤ ᠬᠦᠷᠴᠦ᠂ | ᠡᠨᠧᠷᠭᠢ ᠶᠢᠨ ᠬᠤᠷᠣᠭᠳᠠᠯ ᠨᠡᠶᠢᠲᠡ 18.3% ᠪᠠᠷ ᠪᠠᠭᠤᠷᠠᠵᠤ᠂ ᠪᠣᠬᠢᠷᠳᠤᠯ ᠦᠭᠡᠢ ᠡᠨᠧᠷᠭᠢ ᠶᠢ ᠠᠵᠤ ᠦᠢᠯᠡᠰ ᠲᠠᠢ ᠬᠠᠮᠵᠢᠯᠴᠠᠨ ᠨᠡᠭᠡᠭᠡᠨ ᠬᠥᠭᠵᠢᠭᠦᠯᠦᠭᠰᠡᠨ ︽ | ᠲᠦᠩᠯᠢᠶᠣᠣ ᠶᠢᠨ ᠳᠠᠪᠠᠭᠤᠯᠢᠭ︾ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠣᠶᠢᠷ᠎ᠠ ᠶᠢᠨ ᠵᠢᠯ᠂ ᠮᠠᠨ ᠤ ᠬᠤᠲᠠ ᠶᠢᠨ ᠠᠵᠤ ᠦᠢᠯᠡᠳᠪᠦᠷᠢ ᠳᠡᠭᠡᠳᠦ ᠳᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠪᠠᠷ ᠬᠠᠷᠠᠯᠲᠠ | ᠪᠤᠯᠭᠠᠵᠤ᠂ ᠳᠠᠪᠠᠭᠤᠯᠢᠭ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ | ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠨᠢᠭᠡ | ᠪᠦᠯᠦᠭ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ᠂ ᠡᠬᠢ ᠰᠤᠷᠪᠤᠯᠵᠢ ᠶᠢ ᠲᠣᠥᠷᠵᠢᠭᠤᠯᠤᠨ ᠨᠥᠭᠡᠴᠡᠯᠡᠬᠦ᠂ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ | ᠴᠠᠭᠢᠯᠭᠠᠨ ᠬᠠᠩᠭᠠᠬᠤ ᠵᠡᠷᠭᠡ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ 80 ᠭᠠᠷᠤᠢ ᠭᠤᠣᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ | ᠵᠦᠢᠯ ᠳᠤ ᠪᠣᠬᠢᠷᠳᠤᠯ ᠦᠭᠡᠢ ᠴᠠᠭᠢᠯᠭᠠᠨ ᠢ ᠵᠠᠯᠭᠠᠨ ᠣᠷᠣᠭᠤᠯᠵᠤ᠂ ᠲᠦᠩᠯᠢᠶᠣᠣ ᠶᠢᠨ ᠰᠢᠨ᠎ᠡ ᠡᠨᠧᠷᠭᠢ ᠶᠢᠨ ᠠᠵᠤ ᠦᠢᠯᠡᠰ ᠢ ᠭᠡᠪᠴᠢᠶᠡᠵᠢᠳᠤ᠂ ᠠᠵᠤ | ᠦᠢᠯᠡᠰᠵᠢᠯᠲᠡ ᠬᠥᠭᠵᠢᠯᠲᠡ ᠶᠢᠨ ᠲᠦᠷᠭᠡᠨ ᠵᠠᠮ ᠳᠤ ᠠᠯᠬᠤᠮ ᠠᠯᠬᠤᠮ ᠢᠶᠠᠷ ᠣᠷᠣᠭᠤᠯᠪᠠ᠃ | ᠡᠨᠧᠷᠭᠢ ᠶᠢᠨ ᠬᠠᠩᠭᠠᠯᠭ᠎ᠠ ᠶᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠤᠪᠢᠷᠠᠭᠤᠯᠬᠤ ᠶᠢ ᠵᠣᠷᠢᠭᠲᠠᠢ ᠰᠦᠪᠡᠭᠴᠢᠯᠡᠨ᠎ᠡ | ᠴᠠᠭᠢᠯᠭᠠᠨ ᠵᠠᠳᠠᠯᠤᠯ ᠤᠨ ᠣᠩᠭᠤᠴᠠ ᠪᠠᠷ ᠮᠥᠩᠭᠦ ᠰᠢᠭ ᠬᠢᠯᠠᠭᠠᠷ ᠬᠥᠩᠭᠡᠨᠴᠠᠭᠠᠨ ᠲᠠᠰᠤᠷᠠᠯᠳᠠ ᠦᠭᠡᠢ ᠤᠷᠤᠰᠤᠨ ᠭᠠᠷᠤᠨ᠎ᠠ᠂ ᠡᠳᠡᠭᠡᠷ ᠬᠥᠩᠭᠡᠨᠴᠠᠭᠠᠨ ᠤ | ᠤᠰᠤ ᠶᠢ ᠲᠤᠰᠬᠠᠢ ᠲᠡᠷᠭᠡ ᠪᠠᠷ ᠥᠪᠥᠷ ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠵᠡᠷᠭᠡ ᠬᠤᠤᠯᠢᠩᠭᠤᠣᠯ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠬᠦᠷᠭᠡᠬᠦ | ᠪᠣᠯᠣᠨ᠎ᠠ᠃ ᠥᠪᠥᠷ ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠲᠤᠬᠠᠢ ᠶᠢᠨ ᠭᠠᠵᠠᠷ ᠤᠨ ᠡᠯᠪᠡᠭ ᠪᠠᠶᠠᠯᠢᠭ | ᠬᠥᠩᠭᠡᠨᠴᠠᠭᠠᠨ ᠤ ᠡᠬᠢ ᠪᠠᠶᠠᠯᠢᠭ ᠲᠤ ᠲᠦᠰᠢᠭᠯᠡᠨ᠂ ᠥᠨᠳᠥᠷ ᠪᠠᠷᠢᠮᠵᠢᠶ᠎ᠠ ᠪᠠᠷ ᠲᠣᠭᠤᠰᠣ ᠦᠭᠡᠢ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠬᠥᠩᠭᠡᠨᠴᠠᠭᠠᠨ ᠤ | ᠤᠰᠤ ᠪᠠᠷ ᠦᠢᠯᠡᠳᠪᠦᠷᠢᠯᠡᠯ ᠬᠢᠬᠦ ᠮᠡᠷᠭᠡᠵᠢᠯ ᠤᠨ ᠪᠣᠭᠤᠮᠢ ᠶᠢᠨ ᠰᠢᠪᠲᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠵᠤᠵᠠᠭᠠᠨ ᠨᠢᠮᠭᠡᠨ ᠤ ᠬᠡᠮᠵᠢᠶ᠎ᠡ ᠨᠢ ᠬᠥᠩᠭᠡᠨᠴᠠᠭᠠᠨ ᠴᠠᠭᠠᠰᠤᠨ ᠳᠤ ᠠᠪᠴᠤ ᠬᠡᠯᠡᠪᠡᠯ᠂ ᠶᠠᠭ ᠯᠡ ᠨᠢᠳᠦᠨ ᠳᠤ ᠦᠵᠡᠭᠳᠡᠬᠦ ᠦᠭᠡᠢ ᠠᠮᠢ ᠨᠠᠰᠤᠨ ᠤ ᠱᠤᠭᠤᠮ | ᠪᠤᠯᠬᠤ ᠶᠤᠮ᠃ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠡᠨᠡ ᠬᠦ ᠠᠮᠢ ᠨᠠᠰᠤᠨ ᠤ ᠰᠤᠳᠠᠰᠤ ᠶᠢ ᠠᠳᠬᠤᠵᠤ᠂ ᠤᠤᠯ ᠤᠨ ᠮᠠᠰᠢ | ᠵᠤᠵᠠᠭᠠᠨ ᠬᠥᠩᠭᠡᠨᠴᠠᠭᠠᠨ ᠤ ᠣᠷᠢᠶᠠᠮᠠᠭ ᠢ 0.006mm ᠪᠣᠯᠭᠠᠨ ᠨᠢᠮᠭᠡᠯᠡᠭᠰᠡᠨ ︽ᠬᠤᠣᠰ ᠲᠡᠭ︾ ᠲᠠᠰ ᠤᠨ ᠳᠡᠭᠡᠳᠦ ᠲᠠᠰ ᠤᠨ ᠬᠥᠩᠭᠡᠨᠴᠠᠭᠠᠨ ᠴᠠᠭᠠᠰᠤ ᠨᠢ | ᠭᠡᠵᠢᠭᠡᠨ ᠤ ᠰᠢᠷᠬᠡᠭ ᠤᠨ 1/50 ᠲᠠᠢ ᠲᠡᠩᠴᠡᠨ᠎ᠡ᠂ ᠲᠡᠭᠦᠨ ᠤ ᠨᠡᠮᠡᠯᠲᠡ ᠥᠷᠲᠡᠭ ᠨᠢ ᠬᠠᠷᠢᠨ ᠡᠩ ᠤᠨ ᠬᠥᠩᠭᠡᠨᠴᠠᠭᠠᠨ ᠴᠠᠭᠠᠰᠤᠨ ᠤ 2 ᠠᠴᠠ 3 ᠳᠠᠭᠢᠨ | ᠪᠣᠯᠣᠨ᠎ᠠ᠃ ᠡᠭᠦᠨ ᠤ ᠬᠠᠮᠲᠤ᠂ 47 ᠵᠦᠢᠯ ᠤᠨ ᠴᠠᠭᠢᠯᠭᠠᠨ ᠵᠠᠳᠠᠯᠤᠯ ᠤᠨ ᠬᠥᠩᠭᠡᠨᠴᠠᠭᠠᠨ ᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠤᠷ᠎ᠠ | ᠴᠢᠳᠠᠪᠤᠷᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠦᠭᠦ ᠤᠯᠤᠰ ᠤᠨ ᠬᠥᠩᠭᠡᠨᠴᠠᠭᠠᠨ ᠤ ᠠᠵᠢᠯ ᠲᠦᠷᠦᠯ ᠤᠨ ᠪᠣᠬᠢᠷᠳᠤᠯ ᠦᠭᠡᠢ ᠬᠥᠭᠵᠢᠯᠲᠡ ᠶᠢᠨ ᠡᠮᠦᠨ᠎ᠡ | ᠡᠩᠨᠡᠭᠡᠨ ᠳᠤ ᠳᠠᠬᠢᠨᠲᠠ ᠳᠠᠪᠰᠢᠵᠤ᠂ ᠪᠣᠬᠢᠷᠳᠤᠯ ᠦᠭᠡᠢ ᠠᠭᠤᠯᠤᠭᠳᠠᠴᠠ ᠶᠢ ᠵᠤᠵᠠᠭᠠᠳᠬᠠᠪᠠ᠃ | ᠡᠭᠦᠨ ᠤ ᠬᠠᠮᠲᠤ᠂ ᠶᠡᠷᠦᠩᠬᠡᠢ ᠪᠡᠯᠡ ᠣᠷᠣᠭᠤᠯᠤᠯᠲᠠ ᠨᠢ 31 ᠳ᠋ᠦᠩᠰᠢᠭᠤᠷ ᠲᠥᠭᠦᠷᠢᠭ ᠲᠤ ᠭᠦᠷᠦᠭᠰᠡᠨ ᠵᠠᠬᠠᠨᠠᠭᠤᠷ ᠤᠨ 35 ᠲᠦᠮᠡᠨ ᠲᠣᠨ ᠤ | ᠪᠣᠬᠢᠷᠳᠤᠯ ᠦᠭᠡᠢ ᠴᠠᠭᠢᠯᠭᠠᠨ ᠬᠥᠩᠭᠡᠨᠴᠠᠭᠠᠨ ᠤ ᠲᠦᠷᠦᠯ ᠵᠦᠢᠯ 2025 ᠣᠨ ᠳᠤ ᠠᠰᠢᠭᠯᠠᠯᠲᠠ ᠳᠤ ᠣᠷᠣᠬᠤ ᠪᠣᠯᠣᠨ᠎ᠠ᠃ ᠲᠤᠬᠠᠢ ᠶᠢᠨ ᠦᠶ᠎ᠡ ᠳᠤ᠂ ᠵᠢᠯ ᠤᠨ | ᠠᠰᠢᠭ ᠤᠷᠤᠯᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 46.5 ᠳ᠋ᠦᠩᠰᠢᠭᠤᠷ ᠺᠢᠯᠣᠸᠠᠲ ᠴᠠᠭ ᠴᠡᠭᠢᠯᠭᠠᠨ ᠬᠡᠷᠡᠭᠯᠡᠵᠦ᠂ ᠡᠭᠦᠨ ᠳᠤ ᠪᠣᠬᠢᠷᠳᠤᠯ | ᠦᠭᠡᠢ ᠴᠠᠭᠢᠯᠭᠠᠨ 37.21 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠥᠷᠥᠯ ᠵᠦᠢᠯ ᠤᠨ ᠶᠡᠷᠦᠩᠬᠡᠶᠢᠯᠡᠭᠰᠡᠨ ᠪᠣᠬᠢᠷᠳᠤᠯ ᠦᠭᠡᠢ ᠴᠠᠭᠢᠯᠭᠠᠨ ᠤ ᠡᠵᠡᠯᠡᠬᠦ | ᠬᠠᠷᠢᠴᠠᠯ 80% ᠳᠤ ᠬᠦᠷᠬᠦ ᠪᠣᠯᠣᠨ᠎ᠠ᠃ ᠲᠣᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠪᠣᠬᠢᠷᠳᠤᠯ ᠦᠭᠡᠢ ᠴᠠᠭᠢᠯᠭᠠᠨ ᠤ ᠡᠵᠡᠯᠡᠬᠦ ᠬᠠᠷᠢᠴᠠᠯ ᠢᠶᠠᠷ | ᠬᠠᠮᠤᠭ ᠤᠨ ᠥᠨᠳᠥᠷ ︽ᠪᠣᠬᠢᠷᠳᠤᠯ ᠦᠭᠡᠢ ᠴᠠᠭᠢᠯᠭᠠᠨ ᠤ ᠬᠥᠩᠭᠡᠨᠴᠠᠭᠠᠨ︾ ᠤ ᠦᠢᠯᠡᠳᠪᠦᠷᠢᠯᠡᠯ ᠤᠨ ᠱᠤᠭᠤᠮ ᠪᠠᠶᠢᠵᠤ᠂ ᠣᠷᠣᠨ ᠨᠤᠲᠤᠭ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠮᠠᠨ ᠤ ᠬᠤᠲᠠ ᠶᠢᠨ ᠬᠥᠩᠭᠡᠨᠴᠠᠭᠠᠨ ᠤ ᠠᠵᠤ ᠦᠢᠯᠡᠰ ᠤᠨ ᠬᠡᠯᠬᠢᠶ᠎ᠡ ᠶᠢᠨ︽ᠨᠡᠭᠦᠷᠡᠰᠦ ᠴᠠᠭᠢᠯᠭᠠᠨ ᠤ | ᠬᠥᠩᠭᠡᠨᠴᠠᠭᠠᠨ︾ ᠠᠴᠠ ︽ᠪᠣᠬᠢᠷᠳᠤᠯ ᠦᠭᠡᠢ ᠴᠠᠭᠢᠯᠭᠠᠨ ᠤ ᠬᠥᠩᠭᠡᠨᠴᠠᠭᠠᠨ︾ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ | ᠪᠣᠯᠣᠨ᠎ᠠ᠃ | ︽ᠰᠢᠨ᠎ᠡ︾ ᠶᠢ ᠡᠷᠢᠯᠬᠢᠯᠡᠵᠦ ︽ᠥᠨᠳᠥᠷ︾ ᠲᠤ ᠮᠠᠴᠤᠯᠬᠢᠯᠠᠵᠤ ᠪᠣᠬᠢᠷᠳᠤᠯ ᠦᠭᠡᠢ ᠴᠠᠭᠢᠯᠭᠠᠨ ᠤ ᠰᠢᠨ᠎ᠡ ᠳᠠᠪᠠᠭᠤᠯᠢᠭ ᠢ ᠴᠣᠭᠴᠠᠯᠠᠨ᠎ᠠ | ᠮᠠᠨ ᠤ ᠬᠤᠳᠡ ᠰᠢᠨ᠎ᠡ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠶᠢᠨ ᠵᠡᠷᠭᠡ ᠪᠠᠷ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠢᠯᠡᠳᠬᠦ ᠦᠢᠯᠡᠰ ᠢ | ᠴᠦ ᠶᠡᠭᠡ ᠪᠠᠷ ᠬᠥᠭᠵᠢᠭᠦᠯᠪᠡ᠃ | ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠣ︶ ᠤᠨ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠲᠤ᠂ | ᠡᠩᠨᠡᠭᠦᠯᠦᠨ ᠵᠢᠭᠰᠠᠭᠠᠭᠰᠠᠨ ᠵᠠᠭᠤᠨ ᠮᠧᠲᠷ ᠣᠷᠳᠣ ᠰᠠᠯᠬᠢᠨ ᠬᠦᠴᠦᠨ ᠤ ᠮᠠᠰᠢᠨ ᠮᠣᠷᠳᠠᠬᠤ ᠳᠤ ᠪᠡᠯᠡᠬᠡᠨ ᠪᠣᠯᠪᠠ᠃ ᠬᠦᠷᠢᠶᠡᠯᠡᠩ ᠲᠣᠭᠤᠷᠢᠭ ᠤᠨ ᠨᠦᠭᠦᠭᠡ | ᠲᠠᠯ᠎ᠠ ᠳᠤ᠂ ᠲᠡᠷᠢ ᠲᠡᠭᠰᠢ ᠵᠢᠭᠰᠠᠭᠠᠭᠰᠠᠨ ᠪᠧᠲ᠋ᠤᠨ ᠤ ᠰᠤᠪᠤᠷᠭᠠᠨ ᠲᠦᠩᠰᠡ ᠶᠢ ᠴᠤ ᠲᠡᠷᠭᠡᠨ ᠳᠤ ᠠᠴᠢᠵᠤ ᠯᠢᠶᠣᠤᠨᠢᠩ ᠮᠤᠵᠢ ᠶᠢᠨ ᠲᠢᠶᠧ ᠯᠢᠩ ᠬᠤᠳᠠ ᠳᠤ | ᠬᠦᠷᠭᠡᠬᠦ ᠪᠠᠷ ᠪᠡᠯᠡᠬᠡᠨ ᠪᠠᠶᠢᠯ᠎ᠠ᠃ ︽2024 ᠣᠨ ᠤ ᠲᠦᠷᠦᠯ ᠵᠦᠢᠯ ᠤᠨ ᠵᠠᠬᠢᠶᠠᠯᠠᠭ᠎ᠠ ᠶᠢᠨ ᠬᠠᠭᠤᠳᠠᠰᠤ ᠨᠡᠶᠢᠳᠡ 100 ᠲᠦᠮᠡᠨ ᠺᠢᠯᠣᠸᠠᠲ ᠲᠤ ᠬᠦᠷᠴᠦ᠂ | ᠡᠭᠦᠨ ᠳᠤ ᠲᠦᠩᠯᠢᠶᠣᠣ ᠳᠤ 46 ᠢᠵᠢ ᠦᠢᠯᠡᠳᠪᠦᠷᠢᠯᠡᠵᠦ᠂ ᠣᠳᠣᠬᠠᠨ ᠳᠤ ᠪᠦᠭᠦᠨ ᠢ ᠪᠡᠶᠡᠯᠡᠭᠦᠯᠵᠡᠢ︾ ᠬᠡᠮᠡᠨ ᠯᠢᠶᠣᠤᠨᠢᠩ ᠤᠨ ᠾᠧ ᠵᠠᠨ ᠡᠨᠧᠷᠭᠢ ᠶᠢᠨ | ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠲᠦᠩᠯᠢᠶᠣᠣ ᠶᠢᠨ ᠦᠢᠯᠡᠳᠪᠦᠷᠢ ᠶᠢᠨ ᠳᠠᠷᠤᠭ᠎ᠠ ᠵᠠᠩ ᠰᠢᠩ ᠶᠤᠸᠠᠨ ᠲᠠᠨᠢᠯᠴᠠᠭᠤᠯᠪᠠ᠃ | 2024 ᠣᠨ ᠳᠤ᠂ ᠪᠦᠭᠦ ᠬᠤᠳᠠ ᠳᠤ ᠨᠢᠭᠡᠨᠲᠡ 1300 ᠢᠵᠢ ᠰᠠᠯᠬᠢᠨ ᠬᠦᠴᠦᠨ ᠤ ᠴᠠᠭᠢᠯᠭᠠᠨ ᠤ ᠭᠤᠣᠯ ᠮᠠᠰᠢᠨ᠂ 1180 ᠢᠵᠢ ᠰᠠᠯᠬᠢᠨ ᠬᠦᠴᠦᠨ ᠤ | ᠴᠠᠭᠢᠯᠭᠠᠨ ᠤ ᠢᠯᠲᠠᠰᠤ᠂ 1900 ᠢᠵᠢ ᠰᠠᠯᠬᠢᠨ ᠬᠦᠴᠦᠨ ᠤ ᠴᠠᠭᠢᠯᠭᠠᠨ ᠤ ᠰᠤᠪᠤᠷᠭ᠎ᠠ ᠶᠢᠨ ᠲᠦᠩᠰᠡ᠂ 2500 ᠢᠵᠢ ᠰᠠᠯᠬᠢᠨ ᠬᠦᠴᠦᠨ ᠤ ᠮᠠᠰᠢᠨ ᠤ | ᠥᠷᠥᠭᠡᠨ ᠤ ᠪᠦᠷᠬᠦᠭᠦᠯ᠂ 30 ᠲᠦᠮᠡᠨ ᠲᠣᠨ ᠰᠠᠯᠬᠢᠨ ᠬᠦᠴᠦᠨ ᠤ ᠴᠠᠭᠢᠯᠭᠠᠨ ᠤ ᠨᠠᠷᠢᠯᠢᠭ ᠴᠢᠳᠬᠤᠮᠠᠯ ᠲᠤᠨᠤᠭ ᠵᠡᠷᠭᠡ ᠰᠢᠨ᠎ᠡ ᠡᠨᠧᠷᠭᠢ ᠶᠢᠨ ᠲᠤᠨᠤᠭ | ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠡᠢ᠃ 2025 ᠣᠨ ᠳᠤ᠂ ᠮᠠᠨ ᠤ ᠬᠤᠲᠠ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ | 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠭᠡᠵᠦ᠂ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 63% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠃ | 2026 ᠣᠨ ᠪᠤᠯᠬᠤ ᠳᠤ᠂ ᠥᠪᠥᠷ ᠮᠣᠩᠭᠤᠯ ᠤᠨ ᠵᠡᠭᠦᠨ ᠬᠡᠰᠡᠭ︵ᠲᠦᠩᠯᠢᠶᠣᠣ︶ ᠤᠨ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠨᠢ 85% ᠠᠴᠠ ᠳᠡᠭᠡᠭᠰᠢᠬᠢ ᠰᠠᠯᠬᠢᠨ ᠬᠦᠴᠦᠨ ᠤ ᠴᠠᠭᠢᠯᠭᠠᠨ ᠤ ᠪᠦᠬᠦᠯᠢ ᠮᠠᠰᠢᠨ ᠤ ᠰᠠᠭᠤᠷᠢ ᠲᠣᠨᠤᠭ ᠢ ᠰᠢᠭᠤᠳ ᠬᠠᠩᠭᠠᠬᠤ ᠶᠢ | ᠪᠡᠶᠡᠯᠡᠭᠦᠯᠵᠦ᠂ ᠰᠠᠯᠬᠢᠨ ᠬᠦᠴᠦᠨ ᠤ ᠴᠠᠭᠢᠯᠭᠠᠨ ᠤ ᠪᠦᠬᠦᠯᠢ ᠮᠠᠰᠢᠨ ᠢ ︽ᠲᠦᠩᠯᠢᠶᠣᠣ ᠶᠢᠨ ᠦᠢᠯᠡᠳᠬᠡᠯ︾ ᠢ ᠦᠨᠡᠨ ᠬᠦ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ᠂ ᠰᠢᠨ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠴᠤ ᠭᠦᠷ | ᠬᠥᠭᠵᠢᠶᠡᠨ ᠲᠠᠢ ᠶᠠᠪᠤᠭᠳᠠᠨ᠎ᠠ᠃ ᠲᠦᠩᠯᠢᠶᠣᠣ ᠶᠢᠨ ᠪᠦᠦ ᠳ᠋ᠥᠸᠧ ᠳ᠋ᠥᠸᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ | ᠺᠤᠮᠫᠠᠨᠢ ᠶᠢᠨ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 150 ᠲᠣᠨ ᠤᠯᠠᠭᠠᠨ ᠪᠢᠳᠦᠷᠶ᠎ᠡ ᠵᠢᠴᠢ 18 ᠲᠣᠨ ᠴᠢᠳᠠᠮᠵᠢᠲᠤ ᠲᠠᠯᠠᠰᠲᠤ ᠶᠢᠨ | ᠲᠦᠷᠦᠯ ᠵᠦᠢᠯ ᠳᠤ ᠲᠣᠬᠢᠷᠠᠭᠤᠯᠤᠨ ᠲᠤᠷᠰᠢᠬᠤ ᠲᠥᠬᠦᠭᠡᠷᠦᠮᠵᠢ ᠤᠭᠰᠠᠷᠠᠵᠤ᠂ ᠦᠢᠯᠡᠳᠬᠦᠨ ᠢ ᠰᠤᠪᠤᠳ ᠡᠷᠳᠡᠨᠢ᠂ ᠬᠠᠭᠠᠰ ᠳᠠᠮᠵᠢᠭᠤᠯᠤᠭᠴᠢ᠂ ᠬᠢᠮᠢ ᠶᠢᠨ ᠠᠵᠤ | ᠦᠢᠯᠡᠳᠪᠦᠷᠢ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠤᠯᠠᠨ ᠬᠦᠷᠢᠶᠡᠨ ᠳᠤ ᠬᠡᠷᠡᠭᠯᠡᠵᠦ ᠪᠣᠯᠣᠨ᠎ᠠ᠃ ᠲᠠᠯᠠᠰᠲᠤ | ᠲᠣᠨᠤᠭ ᠤᠨ ᠭᠤᠣᠯ ᠬᠠᠩᠭᠠᠯᠭ᠎ᠠ ᠶᠢᠨ ᠬᠤᠳᠠᠯᠳᠤᠭᠠᠴᠢᠨ ᠪᠣᠯᠤᠭᠰᠠᠨ ᠤ ᠬᠤᠪᠢ ᠳᠤ᠂ ᠲᠣᠰ ᠺᠤᠮᠫᠠᠨᠢ ᠶᠢᠨ ᠬᠢᠨ ᠨᠠᠩ ᠣᠯᠠᠨ ᠳᠡᠭᠡᠳᠦ ᠳᠣᠣᠷᠠᠳᠤ ᠤᠷᠤᠰᠬᠠᠯ ᠤᠨ | ᠢᠵᠢ ᠪᠦᠷᠢᠳᠦᠭᠦᠯᠬᠦ ᠠᠵᠤ ᠠᠬᠤᠶᠢᠯᠠᠯ ᠢ ᠨᠡᠭᠡᠭᠡᠨ ᠬᠥᠭᠵᠢᠭᠦᠯᠬᠦ ᠣᠷᠣᠨ ᠳᠤ ᠲᠡᠳᠡᠨ ᠣᠷᠣᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ᠃ | ᠲᠦᠷᠦᠯ ᠵᠦᠢᠯ ᠢ ᠣᠷᠣᠭᠤᠯᠵᠤ᠂ ᠠᠵᠤ ᠠᠬᠤᠶᠢᠯᠠᠯ ᠢ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠵᠤ᠂ ᠣᠳᠣᠬᠠᠨ ᠳᠤ ᠮᠠᠨ ᠤ ᠬᠤᠳᠠ ᠲᠦᠷᠦᠯ ᠵᠦᠢᠯ ᠤᠨ | ᠦᠷᠭᠦᠯᠵᠢᠯᠡᠨ ᠬᠥᠭᠵᠢᠬᠦ᠂ ᠰᠦᠷᠦᠭᠯᠡᠨ ᠴᠤᠭᠯᠠᠷᠠᠬᠤ ᠰᠠᠶᠢᠨ ᠰᠠᠶᠢᠬᠠᠨ ᠪᠠᠶᠢᠳᠠᠯ ᠢ ᠨᠢᠭᠡᠨᠲᠡ ᠪᠦᠷᠢᠯᠳᠦᠭᠦᠯᠦᠭᠰᠡᠨ ᠪᠠᠶᠢᠨ᠎ᠠ᠃ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠠᠷ ᠤᠨ ᠴᠢᠮᠡᠭᠡ ᠲᠠᠰᠤᠷᠠᠯᠳᠡ ᠦᠭᠡᠢ ᠤᠯᠠᠮᠵᠢᠯᠠᠭᠳᠠᠵᠤ᠂ ᠬᠥᠮᠥᠰ ᠲᠤ ᠥᠷᠨᠢᠭᠦᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠮᠡᠳᠡᠷᠡᠭᠦᠯᠪᠡ᠃ 2024 ᠣᠨ ᠳᠤ᠂ ᠪᠦᠭᠦ ᠬᠤᠲᠠ ᠶᠢᠨ ᠰᠢᠨ᠎ᠡ ᠪᠠᠷ ᠵᠥᠪᠳᠡᠯᠴᠡᠭᠡᠷ ᠲᠣᠭᠲᠠᠭᠰᠠᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ 561 ᠪᠠᠶᠢᠵᠤ᠂ ᠵᠥᠪᠳᠡᠯᠴᠡᠭᠡᠷ ᠲᠣᠭᠲᠠᠭᠰᠠᠨ ᠵᠣᠭᠤᠰ ᠤᠨ ᠬᠡᠮᠵᠢᠶ᠎ᠡ 2100.75 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠵᠢᠯ ᠤᠨ | ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠭᠦᠷᠭᠡ ᠶᠢᠨ 93.5% ᠶᠢ ᠪᠡᠶᠡᠯᠡᠭᠦᠯᠪᠡ᠃ 378 ᠲᠥᠷᠥᠯ ᠵᠦᠢᠯ ᠢ ᠰᠢᠨ᠎ᠡ ᠪᠠᠷ ᠠᠵᠢᠯ | ᠡᠬᠢᠯᠡᠭᠦᠯᠵᠦ᠂ 405.52 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ 67. | 4% ᠳᠤ ᠭᠦᠷᠪᠡ᠃ | ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠵᠤ ᠰᠢᠨ᠎ᠡ ᠴᠢᠳᠠᠪᠤᠷᠢ ᠶᠢ ᠪᠣᠶᠢᠵᠢᠭᠤᠯᠤᠨ᠎ᠠ | ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠬᠤ ᠪᠣᠯ ᠠᠵᠤ ᠦᠢᠯᠡᠳᠪᠦᠷᠢ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠣᠯᠣᠭᠠᠶᠢᠯᠠᠭᠴᠢ | ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠢᠨᠵᠧᠨᠧᠷᠢᠩ ᠮᠥᠨ᠃ | ᠬᠠᠬᠢᠷ ᠡᠪᠦᠯ ᠤᠨ ᠤᠯᠠᠷᠢᠯ ᠳᠤ᠂ ᠨᠠᠢᠮᠠᠨ ᠬᠤᠰᠢᠭᠤᠨ ᠤ ᠪᠣᠬᠢᠷᠳᠤᠯ ᠦᠭᠡᠢ ᠨᠢᠺᠧᠯ ᠲᠡᠮᠦᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠨᠠᠢᠮᠠᠨ ᠬᠤᠰᠢᠭᠤᠨ ᠤ | ᠵᠢᠪᠡᠷᠡᠬᠦ ᠦᠭᠡᠢ ᠪᠣᠯᠣᠳ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠤᠯᠠᠷᠢᠯ ᠤᠨ ᠠᠵᠢᠯᠯᠠᠭ᠎ᠠ︾ ᠶᠢ ᠪᠦᠷᠢᠯᠳᠦᠭᠦᠯᠦᠭᠰᠡᠨ ᠪᠠᠶᠢᠨ᠎ᠠ᠃ | ᠡᠮᠦᠨᠡᠬᠡᠨ᠂ 170 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠢ ᠣᠪᠣᠭᠲᠤ ᠶᠢᠨ ᠵᠢᠩ ᠠᠨ ᠨᠢᠺᠧᠯ ᠤᠨ ᠣᠷᠴᠢᠯ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠵᠠᠯᠭᠠᠭ᠎ᠠ ᠪᠠᠷ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠨᠢᠭᠡᠨᠲᠡ ᠵᠡᠭᠦᠨ ᠬᠤᠶᠢᠲᠤ ᠣᠷᠣᠨ ᠤ ᠬᠡᠪᠴᠢᠶ᠎ᠡ ᠪᠠᠷ ᠬᠠᠮᠤᠭ ᠤᠨ | ᠶᠡᠭᠡ ᠵᠢᠪᠡᠷᠡᠬᠦ ᠦᠭᠡᠢ ᠪᠣᠯᠣᠳ ᠤᠨ ᠠᠵᠤ ᠦᠢᠯᠡᠰ ᠤᠨ ᠰᠠᠭᠤᠷᠢᠨ ᠭᠠᠵᠠᠷ ᠪᠣᠯᠵᠤ᠂ ᠦᠢᠯᠡᠳᠪᠦᠷᠢᠯᠡᠯ ᠳᠤ ᠣᠷᠣᠭᠰᠠᠨ ᠨᠢᠺᠧᠯ ᠤᠨ ᠲᠡᠮᠦᠷ ᠤᠨ ᠬᠠᠶᠢᠯᠤᠰᠢ ᠶᠢᠨ | ᠦᠢᠯᠡᠳᠪᠦᠷᠢᠯᠡᠯ ᠤᠨ ᠪᠦᠭᠦ ᠴᠢᠳᠠᠪᠤᠷᠢ 140 ᠲᠦᠮᠡᠨ ᠲᠣᠨ ᠳᠤ ᠬᠦᠷᠴᠦ᠂ ᠪᠦᠭᠦ ᠤᠯᠤᠰ ᠲᠤ ᠬᠤᠶᠠᠳᠤᠭᠠᠷ ᠲᠤ ᠵᠢᠭᠰᠠᠭᠠᠭᠳᠠᠵᠤ᠂ ᠲᠣᠰ ᠠᠵᠤ ᠠᠬᠤᠶᠢᠯᠠᠯ ᠢᠶᠠᠷ | ᠬᠡᠯᠬᠢᠶ᠎ᠡ ᠪᠤᠯᠭᠠᠬᠰᠠᠨ ᠨᠢᠭᠡ ᠪᠦᠯᠦᠭ ᠳᠡᠭᠢᠨ ᠡᠳ᠋ᠰᠢᠭᠦᠯᠦᠨ ᠪᠤᠯᠪᠡᠰᠤᠷᠡᠭᠤᠯᠬᠤ ᠠᠵᠤ ᠠᠬᠤᠶᠢᠯᠠᠯ ᠵᠠᠯᠭᠠᠭ᠎ᠠ ᠪᠠᠷ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠨᠤᠲᠤᠭᠰᠢᠪᠠ᠃ ᠵᠢᠱᠢᠯᠲᠡ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠤᠯᠬᠤ ᠳᠤ᠂ ᠵᠢᠪᠡᠷᠡᠬᠦ ᠦᠭᠡᠢ | ᠪᠣᠯᠣᠳ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠨ᠎ᠠ᠃ | ᠡᠭᠦᠨ ᠠᠴᠠ ᠭᠠᠳᠠᠨ᠎ᠠ᠂ ᠮᠧᠶ ᠬᠤᠸᠠ ᠪᠦᠯᠦᠭᠯᠡᠯ ᠣᠶᠢᠷ᠎ᠠ ᠶᠢᠨ ᠬᠤᠶᠠᠷ ᠵᠢᠯ ᠳᠤ ᠤᠷᠢᠳ ᠬᠤᠵᠢᠳ 32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠰᠦᠨ ᠰᠢᠪᠲᠦᠷᠲᠦ ᠬᠦᠴᠢᠯ᠂ ᠴᠠᠷᠳᠠᠭᠤᠯ ᠤᠨ ᠰᠢᠬᠢᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠵᠢᠵᠢᠭ | ᠳᠥᠷᠤᠯ ᠤᠨ ᠰᠢᠪᠲᠦᠷᠲᠦ ᠬᠦᠴᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠪᠦᠭᠦ ᠤᠯᠤᠰ ᠤᠨ ᠡᠯ᠎ᠡ ᠭᠠᠵᠠᠷ ᠤᠨ 32 ᠡᠮ | ᠡᠮᠨᠡᠯᠭᠡ ᠶᠢᠨ ᠵᠠᠪᠰᠠᠷ ᠤᠨ ᠴᠣᠭᠴᠠ ᠪᠠ ᠲᠦᠭᠦᠬᠡᠢ ᠮᠠᠲ᠋ᠧᠷᠢᠶᠠᠯ ᠤᠨ ᠡᠮ ᠤᠨ ᠠᠵᠤ ᠠᠬᠤᠶᠢᠯᠠᠯ ᠺᠠᠶᠢᠯᠤ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠶᠢᠨ | ᠲᠣᠭᠤᠷᠢᠭ ᠲᠤ ᠨᠤᠲᠤᠭᠰᠢᠵᠤ᠂ ᠨᠢᠭᠡᠨᠲᠡ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠨᠡᠯᠢᠶᠡᠳ ᠶᠡᠭᠡ ᠲᠦᠭᠦᠬᠡᠢ ᠮᠠᠲ᠋ᠧᠷᠢᠶᠠᠯ ᠤᠨ ᠡᠮ ᠪᠠ ᠵᠠᠪᠰᠠᠷ ᠤᠨ | ᠴᠣᠭᠴᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠨᠢᠭᠡ ᠪᠣᠯᠵᠠᠢ ᠁ ᠤᠳᠠᠯ ᠦᠭᠡᠢ ᠪᠠᠶᠢᠭᠤᠯᠤᠭᠳᠠᠵᠤ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ | ᠴᠢᠬᠤᠯᠠ ᠶᠡᠭᠡ ᠲᠥᠷᠥᠯ ᠵᠦᠢᠯ ᠤᠳ ᠲᠤ ᠨᠠᠩ ᠭᠦᠢᠴᠡᠳ ᠨᠥᠭᠡᠴᠡ ᠬᠦᠴᠦᠨ ᠠᠭᠤᠯᠤᠭᠳᠠᠵᠤ᠂ ᠮᠠᠨ ᠤ ᠬᠤᠲᠠ ᠶᠢᠨ ᠬᠢᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠴᠦᠯᠡᠬᠦ ᠴᠡᠭ ᠪᠤᠯᠭᠠᠬᠰᠠᠨ ᠢ ᠭᠦᠢᠴᠡᠳ ᠬᠠᠷᠠᠭᠤᠯᠵᠤ | ᠪᠤᠢ᠃ | ᠣᠳᠣᠬᠠᠨ ᠳᠤ᠂ ᠬᠥᠭᠵᠢᠯᠲᠡ ᠶᠢᠨ ᠬᠠᠯᠠᠭᠤᠨ ᠥᠷᠨᠢᠯᠲᠡ ᠶᠢᠨ ᠳᠤᠮᠳᠠ ᠣᠷᠣᠰᠢᠵᠤ ᠪᠠᠶᠢᠭ᠎ᠠ ᠲᠦᠩᠯᠢᠶᠣᠣ ᠶᠢᠨ ᠬᠢᠨ ᠠᠯᠤᠰ ᠭᠡᠳᠦ ᠶᠢᠨ ᠪᠠᠶᠢᠯᠳᠤᠬᠤ | ᠪᠣᠳᠣᠯᠭ᠎ᠠ ᠶᠢᠨ ᠬᠠᠷᠠᠴᠠ ᠪᠣᠯᠣᠨ ᠡᠷᠡᠰ ᠪᠠᠲᠤ ᠠᠯᠬᠤᠴᠠ ᠪᠠᠷ ᠰᠢᠨ᠎ᠡ ᠶᠢ ᠡᠭᠦᠳᠬᠦ ᠳᠤᠮᠳᠠ ᠰᠢᠪᠲᠤᠯᠤᠯᠲᠠ ᠬᠢᠵᠦ᠂ ᠬᠤᠪᠢᠷᠠᠯᠲᠠ ᠶᠢᠨ ᠳᠤᠮᠳᠠ ᠦᠰᠦᠨ | ᠪᠣᠶᠢᠵᠢᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠲᠡᠭᠦᠯᠳᠡᠷ ᠪᠣᠯᠪᠠ᠃ 2025 ᠣᠨ ᠳᠤ᠂ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠠᠵᠢᠯ | ᠡᠬᠢᠯᠡᠭᠦᠯᠬᠦ ᠳᠤ ᠨᠢᠭᠡᠨᠲᠡ ᠪᠡᠯᠡᠬᠡᠨ ᠪᠣᠯᠵᠤ᠂ ᠲᠦᠩᠯᠢᠶᠣᠣ ᠶᠢᠨ ᠬᠢᠨ ᠥᠷᠯᠥᠭᠡ ᠦᠳᠡᠰᠢ ᠶᠢ ᠲᠡᠮᠡᠴᠡᠵᠦ᠂ ᠲᠣᠭᠲᠠᠭᠤᠨ ᠤ ᠳᠤᠮᠳᠠ ᠡᠷᠡᠮᠡᠬᠡᠶᠢᠯᠡᠨ ᠤᠷᠤᠭᠰᠢᠯᠠᠨ᠎ᠠ ᠁ | | |