ᠪᠣᠭᠲᠣ ᠶᠢᠨ ᠡᠯᠡᠰᠦᠨ ᠴᠦᠯ ᠳᠤ ᠭᠤᠪᠢ ᠨᠤᠲᠤᠭ ᠤᠨ ᠭᠤᠶᠤ ᠰᠠᠶᠢᠬᠠᠨ ᠦᠵᠡᠮᠵᠢ ᠢᠯᠡᠷᠡᠪᠡ
ᠨᠡᠶᠢᠲᠡᠯᠡᠭᠰᠡᠨ ᠴᠠᠭ᠄
2025/2/20
      ᠡᠪᠦᠯ ᠤᠨ ᠡᠳᠦᠷ ᠤᠨ ᠦᠳᠡ ᠶᠢᠨ ᠬᠤᠶᠢᠨ᠎ᠠ᠂ ᠨᠠᠢᠮᠠᠨ ᠬᠤᠰᠢᠭᠤᠨ ᠤ ᠪᠣᠭᠲᠣ ᠶᠢᠨ ᠡᠯᠡᠰᠦᠨ ᠴᠦᠯ ᠳᠤ ᠭᠤᠶᠣ ᠰᠠᠶᠢᠬᠠᠨ ᠦᠵᠡᠮᠵᠢ ᠢᠯᠡᠷᠡᠪᠡ᠃ ᠦᠳᠡᠰᠢ ᠶᠢᠨ ᠨᠠᠷᠠᠨ ᠤ ᠤᠯᠠᠪᠤᠷ ᠲᠤᠶᠠᠭᠠᠨ ᠳᠤ ᠪᠣᠭᠲᠣ ᠶᠢᠨ ᠡᠯᠡᠰᠦᠨ ᠴᠦᠯ ᠠᠯᠲᠠᠨ ᠰᠢᠷᠭᠠᠯ ᠥᠩᠭᠡ ᠪᠠᠷ ᠴᠢᠮᠡᠭᠯᠡᠭᠳᠡᠵᠦ᠂ ᠡᠵᠡᠭᠦᠢ ᠡᠯᠡᠰᠦᠨ ᠳᠤᠮᠳᠠᠭᠤᠷ ᠲᠡᠮᠡᠭᠡ ᠣᠨᠣᠭᠰᠠᠨ ᠨᠢᠭᠡᠨ ᠬᠥᠮᠥᠨ ᠲᠠᠰᠢᠭᠤᠷ ᠬᠤᠷᠤᠶᠢᠯᠵᠠᠭᠤᠯᠤᠨ ᠲᠡᠮᠡᠭᠡ ᠪᠠᠨ ᠬᠥᠭᠡᠭᠡᠵᠦ ᠡᠯᠡᠰᠦ ᠮᠠᠩᠬ᠎ᠠ ᠶᠢ ᠵᠦᠰᠦᠨ ᠳᠣᠷᠣᠭᠰᠢ ᠪᠠᠭᠤᠬᠤ ᠳᠤ ᠲᠡᠮᠡᠭᠡᠨ ᠤ ᠳᠦᠷᠪᠡᠨ ᠲᠤᠭᠤᠷᠠᠢ ᠠᠴᠠ ᠡᠯᠡᠰᠦ ᠲᠣᠭᠤᠰᠣ ᠳᠡᠭᠳᠡᠨ᠂ ᠨᠡᠯᠦᠭᠡᠷ ᠶᠡᠭᠡ ᠡᠯᠡᠰᠦᠨ ᠴᠦᠯ ᠲᠠᠢ ᠬᠠᠮᠲᠤ ᠪᠠᠷ ᠰᠦᠷᠯᠢᠭ ᠰᠠᠶᠢᠬᠠᠨ ᠦᠵᠡᠮᠵᠢ ᠶᠢ ᠪᠦᠷᠢᠯᠳᠦᠭᠦᠯᠵᠦ᠂ ᠬᠥᠮᠥᠰ ᠲᠤ ᠥᠪᠡᠷ ᠤᠨ ᠡᠷᠬᠡ ᠦᠭᠡᠢ ᠪᠠᠶᠢᠭᠠᠯᠢ ᠪᠣᠯᠣᠨ ᠰᠣᠶᠣᠯ ᠢᠷᠭᠡᠨᠰᠢᠯ ᠤᠨ ᠪᠦᠷᠢᠨ ᠲᠡᠭᠦᠯᠳᠡᠷ ᠠᠭᠤᠰᠤᠯᠴᠠᠯ ᠢ ᠮᠡᠳᠡᠷᠡᠭᠦᠯᠪᠡ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ