ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠴᠠᠭ ᠬᠦᠷᠴᠦ ᠢᠷᠡᠪᠡ᠃ ᠡᠯ᠎ᠡ | ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ | ᠰᠤᠷᠤᠯᠴᠠᠬᠤ ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ ᠪᠡᠯᠡᠳᠬᠡᠯ ᠢ ᠬᠢᠬᠦ ᠴᠢᠬᠤᠯᠠ ᠲᠠᠢ ᠪᠣᠢ︖ | ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ ᠲᠠᠨᠢᠯᠴᠠᠭᠤᠯᠤᠶ᠎ᠠ︕ | ᠰᠡᠳᠬᠢᠴᠡ ᠶᠢᠨ ᠲᠠᠯ᠎ᠠ ᠪᠠᠷ ᠬᠢ ᠪᠡᠯᠡᠳᠬᠡᠯ | ᠬᠡᠦᠬᠡᠳ ᠢ ᠬᠠᠪᠰᠤᠷᠴᠤ ᠳᠠᠷᠤᠯᠲᠠ ᠶᠢ ᠠᠷᠭᠠᠴᠠᠬᠤ ᠶᠢ ᠵᠢᠭᠠᠵᠤ ᠥᠭᠭᠦᠨ᠎ᠡ᠃ ᠠᠮᠢᠰᠬᠤᠭ᠎ᠠ ᠪᠠᠨ ᠲᠤᠬᠢᠷᠠᠭᠤᠯᠬᠤ᠂ ᠭᠦᠨ ᠪᠣᠳᠣᠯᠬᠢᠯᠠᠬᠤ ᠪᠤᠶᠤ ᠠᠭᠠᠵᠢᠮ | ᠢᠶᠠᠷ ᠪᠤᠯᠴᠢᠩ ᠰᠢᠷᠪᠦᠰᠦ ᠪᠠᠨ ᠰᠤᠯᠠᠷᠠᠭᠤᠯᠬᠤ ᠵᠡᠷᠭᠡ ᠠᠷᠭ᠎ᠠ ᠪᠠᠷᠢᠯ ᠨᠢ ᠬᠡᠦᠬᠡᠳ ᠢ ᠬᠠᠪᠰᠤᠷᠤᠨ ᠳᠠᠷᠤᠯᠲᠠ ᠶᠢᠨ ᠡᠮᠦᠨ᠎ᠡ ᠲᠣᠭᠲᠠᠭᠤᠨ ᠪᠠᠶᠢᠯᠭᠠᠳᠠᠭ︔ | ᠢᠳᠡᠪᠬᠢ ᠲᠠᠢ ᠬᠥᠳᠡᠯᠭᠡᠭᠡᠨ ᠳᠤ ᠣᠷᠣᠯᠴᠠᠭᠤᠯᠪᠠᠯ᠂ ᠰᠡᠳᠬᠢᠯ ᠤᠨ ᠪᠠᠶᠢᠳᠠᠯ ᠪᠣᠯᠤᠨ ᠳᠠᠷᠤᠯᠲᠠ ᠶᠢ ᠨᠢ ᠨᠠᠮᠳᠠᠭᠤᠯᠬᠤ ᠳᠤ ᠲᠤᠰᠠᠲᠠᠢ᠃ | ᠬᠡᠦᠬᠡᠳ ᠢ ᠨᠠᠶᠢᠵᠠ᠂ ᠭᠡᠷ ᠤᠨ ᠬᠥᠮᠦᠰ ᠪᠤᠶᠤ ᠬᠠᠮᠲᠤ ᠰᠤᠷᠤᠯᠭᠠᠲᠠᠨ ᠲᠠᠢ ᠪᠠᠨ ᠲᠥᠷᠥᠭᠳᠡᠯ ᠢᠶᠠᠨ ᠬᠤᠪᠢᠶᠠᠯᠴᠠᠬᠤ ᠪᠠᠷ ᠬᠥᠲᠥᠯᠦᠨ ᠵᠢᠯᠣᠭᠤᠳᠤᠨ᠎ᠠ᠃ | ᠣᠶᠢᠷ᠎ᠠ ᠳᠣᠲᠣᠨᠣ ᠬᠥᠮᠦᠨ ᠲᠠᠢ ᠪᠠᠨ ᠶᠠᠷᠢᠯᠴᠠᠪᠠᠯ ᠰᠡᠳᠬᠢᠯ ᠤᠨ ᠳᠠᠷᠤᠭᠠᠰᠤ ᠶᠢ ᠬᠥᠩᠭᠡᠷᠡᠭᠦᠯᠵᠦ᠂ ᠭᠠᠭᠴᠠᠭᠠᠷᠳᠠᠮᠠᠯ ᠲᠥᠷᠥᠭᠳᠡᠯ ᠢ ᠪᠠᠭᠠᠰᠬᠠᠳᠠᠭ᠃ | ᠬᠡᠦᠬᠡᠳ ᠢ ᠨᠡᠶᠢᠭᠡᠮ ᠤᠨ ᠬᠠᠷᠢᠯᠴᠠᠭᠠᠨ ᠳᠤ ᠢᠳᠡᠪᠬᠢᠲᠡᠢ ᠣᠷᠣᠯᠴᠠᠭᠤᠯᠬᠤ ᠪᠠᠷ ᠵᠣᠷᠢᠭᠵᠢᠭᠤᠯᠤᠨ᠎ᠠ᠃ ᠬᠡᠷᠪᠡ ᠠᠮᠠᠷᠠᠯᠲᠠ ᠶᠢᠨ ᠬᠤᠭᠤᠴᠠᠭᠠᠨ ᠳᠤ ᠨᠡᠶᠢᠭᠡᠮ | ᠤᠨ ᠬᠠᠷᠢᠯᠴᠠᠭᠠᠨ ᠳᠤ ᠴᠥᠭᠡᠨ ᠣᠷᠣᠯᠴᠠᠭᠰᠠᠨ ᠪᠣᠯ᠂ ᠨᠡᠶᠢᠭᠡᠮ ᠤᠨ ᠬᠠᠷᠢᠯᠴᠠᠭᠠᠨ ᠳᠤ ᠢᠳᠡᠪᠬᠢᠲᠡᠢ ᠣᠷᠣᠯᠴᠠᠭᠤᠯᠬᠤ ᠪᠠᠷ ᠠᠯᠬᠤᠮ ᠠᠯᠬᠤᠮ ᠢᠶᠠᠷ ᠵᠢᠯᠣᠭᠤᠳᠴᠤ᠂ | ᠪᠤᠰᠤᠳ ᠲᠠᠢ ᠬᠠᠷᠢᠴᠠᠭ᠎ᠠ ᠪᠠᠶᠢᠭᠤᠯᠤᠨ᠂ ᠪᠠᠶᠠᠷ ᠪᠠᠶᠠᠰᠤᠯ ᠪᠣᠯᠤᠨ ᠲᠥᠭᠡᠷᠢᠭᠳᠡᠯ ᠢᠶᠠᠨ ᠬᠤᠪᠢᠶᠠᠯᠴᠠᠨ᠎ᠠ᠃ ᠨᠡᠶᠢᠭᠡᠮ ᠤᠨ ᠬᠠᠷᠢᠯᠴᠠᠭᠠᠨ ᠳᠤ ᠣᠷᠣᠯᠴᠠᠬᠤ ᠪᠣᠯ | ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠴᠢᠬᠤᠯᠠ ᠬᠦᠴᠦᠨ ᠵᠦᠢᠯ ᠪᠣᠯᠤᠨ᠎ᠠ᠃ | ᠬᠡᠦᠬᠡᠳ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠪᠣᠶᠢᠵᠢᠭᠤᠯᠤᠨ᠎ᠠ᠃ ᠨᠤᠭᠤᠷᠠᠯ ᠪᠦᠳᠦᠷᠢᠯ ᠳᠤ ᠵᠥᠪ ᠬᠠᠨᠳᠤᠨ᠂ ᠨᠡᠩ ᠢᠳᠡᠪᠬᠢᠲᠡᠢ ᠣᠪᠣᠷ ᠢᠶᠠᠷ | ᠠᠰᠠᠭᠤᠳᠠᠯ ᠢ ᠰᠢᠢᠳᠪᠦᠷᠢᠯᠡᠵᠦ᠂ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠤᠨ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ | ᠢᠲᠡᠭᠡᠯ ᠢ ᠪᠣᠶᠢᠵᠢᠭᠤᠯᠤᠨ᠎ᠠ᠃ |