ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠴᠠᠭ ᠬᠦᠷᠴᠦ ᠢᠷᠡᠪᠡ᠃ ᠡᠯ᠎ᠡ | ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ | ᠰᠤᠷᠤᠯᠴᠠᠬᠤ ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ ᠪᠡᠯᠡᠳᠬᠡᠯ ᠢ ᠬᠢᠬᠦ ᠴᠢᠬᠤᠯᠠ ᠲᠠᠢ ᠪᠣᠢ︖ | ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ ᠲᠠᠨᠢᠯᠴᠠᠭᠤᠯᠤᠶ᠎ᠠ︕ | ᠠᠮᠢᠳᠤᠷᠠᠯ ᠤᠨ ᠲᠠᠯ᠎ᠠ ᠪᠠᠷ ᠬᠢ ᠪᠡᠯᠡᠳᠬᠡᠯ | ᠬᠡᠦᠬᠡᠳ ᠲᠠᠢ ᠪᠠᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠨᠢ ᠡᠷᠭᠢᠴᠡᠭᠦᠯᠦᠨ᠎ᠡ᠃ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ | ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ︽ᠺᠢᠨᠣ᠋ ᠪᠤᠴᠠᠭᠠᠵᠤ ᠦᠵᠡᠬᠦ︾ ᠮᠡᠲᠦ ᠪᠠᠷ ᠨᠢᠭᠡ ᠤᠳᠠᠭ᠎ᠠ ᠡᠷᠭᠢᠴᠡᠭᠦᠯᠵᠦ᠂ ᠠᠮᠠᠷᠠᠯᠲᠠ ᠶᠢᠨ ᠬᠤᠭᠤᠴᠠᠭᠠᠨ ᠤ | ᠲᠥᠯᠥᠪᠯᠡᠭᠡ ᠲᠠᠢ ᠪᠠᠨ ᠬᠠᠷᠢᠴᠠᠭᠤᠯᠤᠨ᠂ ᠠᠯᠢ ᠶᠢ ᠨᠢ ᠨᠢᠭᠡᠨᠲᠡ ᠳᠠᠭᠤᠰᠬᠠᠭᠰᠠᠨ᠂ ᠠᠯᠢ ᠶᠢ ᠨᠢ ᠠᠷᠠᠢ ᠳᠠᠭᠤᠰᠬᠠᠭ᠎ᠠ ᠦᠭᠡᠢ ᠶᠢ ᠲᠣᠳᠤᠯᠠᠨᠠ᠃ ᠬᠠᠮᠲᠤ ᠳᠤ ᠪᠠᠨ | ᠣᠯᠤᠯᠲᠠ ᠪᠠ ᠬᠠᠷᠠᠮᠰᠠᠯ ︵ᠣᠩᠰᠢᠯᠭ᠎ᠠ᠂ ᠵᠤᠭᠠᠴᠠᠯ᠂ ᠠᠮᠠᠷᠠᠯᠲᠠ᠂ ᠨᠠᠭᠠᠳᠤᠮ᠂ ᠬᠠᠷᠢᠯᠴᠠᠭ᠎ᠠ ᠵᠡᠷᠭᠡ︶ ᠢᠶᠠᠨ ᠬᠤᠪᠢᠶᠠᠯᠴᠠᠬᠤ ᠶᠢᠨ ᠬᠠᠮᠲᠤ ᠳᠠᠷᠤᠢ ᠳᠤ ᠨᠢ | ᠳᠤᠷᠰᠢᠯᠭ᠎ᠠ ᠪᠠᠨ ᠳ᠋ᠦᠩᠨᠡᠨ ᠰᠢᠯᠲᠠᠭᠠᠨ ᠢ ᠵᠠᠳᠠᠯᠤᠨ᠎ᠠ᠃ | ᠬᠡᠦᠬᠡᠳ ᠢ ᠬᠠᠪᠰᠤᠷᠤᠨ ᠰᠡᠳᠬᠢᠯ ᠢ ᠨᠢ ᠬᠤᠷᠢᠶᠠᠯᠭᠠᠵᠤ᠂ ᠡᠳᠦᠷ ᠲᠤᠲᠤᠮ ᠤᠨ ᠬᠡᠪ ᠤᠨ ᠪᠠᠶᠢᠳᠠᠯ ᠳᠤ ᠨᠢ ᠪᠤᠴᠠᠭᠠᠨ᠎ᠠ᠃ ᠠᠮᠠᠷᠠᠯᠲᠠ ᠶᠢᠨ ᠬᠤᠭᠤᠴᠠᠭᠠᠨ | ᠳᠤ ᠬᠡᠦᠬᠡᠳ ᠤᠨ ᠰᠡᠳᠬᠢᠯ ᠨᠡᠯᠢᠶᠡᠳ ᠰᠤᠯᠠᠷᠠᠵᠤ᠂ ᠬᠠᠷᠢᠨ ᠰᠤᠷᠭᠠᠭᠤᠯᠢ ᠡᠬᠢᠯᠡᠭᠰᠡᠨ ᠤ ᠳᠠᠷᠠᠭ᠎ᠠ ᠬᠠᠷᠢᠴᠠᠩᠭᠤᠢ ᠪᠠᠴᠢᠮ ᠪᠠᠶᠢᠳᠠᠯ ᠳᠤ ᠣᠷᠣᠳᠠᠭ᠂ ᠡᠨᠡ ᠬᠦ | ᠪᠠᠶᠢᠳᠠᠯ ᠢ ᠵᠣᠬᠢᠴᠠᠭᠤᠯᠬᠤ ᠳᠤ ᠬᠡᠰᠡᠭ ᠬᠤᠭᠤᠴᠠᠭ᠎ᠠ ᠬᠡᠷᠡᠭᠰᠡᠨ᠎ᠡ᠃ ᠡᠭᠦᠨ ᠳᠤ ᠭᠡᠷ ᠤᠨ ᠠᠬᠠᠮᠠᠳ ᠬᠡᠲᠦᠷᠬᠡᠢ ᠰᠠᠨᠲᠤᠷᠴᠤ ᠪᠣᠯᠬᠤ ᠦᠭᠡᠢ᠂ ᠬᠡᠦᠬᠡᠳ ᠢ | ᠬᠠᠪᠰᠤᠷᠤᠨ ᠰᠡᠳᠬᠢᠯ ᠢ ᠨᠢ ᠠᠭᠠᠵᠢᠮ ᠬᠤᠷᠢᠶᠠᠯᠭᠠᠵᠤ᠂ ᠬᠡᠦᠬᠡᠳ ᠤᠨ ᠪᠣᠳᠣᠯ ᠢ ᠢᠯᠡᠭᠦᠬᠡᠨ ᠣᠶᠢᠯᠠᠭᠠᠵᠤ᠂ ᠬᠡᠦᠬᠡᠳ ᠤᠨ ᠰᠡᠳᠬᠢᠯ ᠢ ᠠᠭᠠᠵᠢᠮ ᠢᠶᠠᠷ ᠲᠠᠶᠢᠪᠤᠭᠤᠨ | ᠪᠣᠯᠭᠠᠨ᠎ᠠ᠃ | ᠬᠡᠦᠬᠡᠳ ᠢ ᠬᠥᠲᠥᠯᠥᠨ ᠵᠢᠯᠣᠭᠤᠳᠴᠤ ᠠᠮᠢᠳᠤ ᠪᠣᠳᠠᠰ ᠤᠨ ᠴᠠᠭ ᠢ ᠲᠣᠬᠢᠷᠠᠭᠤᠯᠤᠨ᠎ᠠ᠃ ᠮᠠᠰᠢ ᠣᠯᠠᠨ ᠬᠡᠦᠬᠡᠳ ᠠᠮᠠᠷᠠᠯᠲᠠ ᠶᠢᠨ ᠬᠤᠭᠤᠴᠠᠭᠠᠨ ᠳᠤ ᠣᠷᠣᠢ | ᠤᠨᠲᠠᠵᠤ᠂ ᠣᠷᠣᠢ ᠪᠣᠰᠬᠤ ᠮᠠᠭᠤ ᠳᠠᠳᠬᠠᠯ ᠲᠠᠢ ᠪᠣᠯᠵᠤ᠂ ᠤᠷᠢᠳᠴᠢᠯᠠᠨ ᠲᠣᠬᠢᠷᠠᠭᠤᠯᠬᠤ ᠦᠭᠡᠢ ᠪᠣᠯ ᠰᠤᠷᠭᠠᠭᠤᠯᠢ ᠡᠬᠢᠯᠡᠬᠦ ᠦᠶ᠎ᠡ ᠳᠤ ᠠᠩᠬᠠᠷᠤᠯ ᠲᠥᠪᠯᠡᠷᠡᠬᠦ | ᠦᠭᠡᠢ᠂ ᠴᠤᠭ ᠰᠦᠯᠳᠡ ᠦᠭᠡᠢ ᠪᠠᠶᠢᠵᠤ᠂ ᠰᠤᠷᠤᠯᠴᠠᠬᠤ ᠣᠷᠴᠢᠨ ᠳᠤ ᠪᠠᠨ ᠵᠣᠬᠢᠴᠠᠬᠤ ᠶᠢ ᠨᠥᠯᠥᠭᠡᠯᠡᠳᠡᠭ᠃ | ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠴᠠᠭ ᠤᠨ ᠬᠦᠰᠦᠨᠦᠭᠲᠦ ᠲᠣᠭᠲᠠᠭᠠᠵᠤ᠂ ᠡᠩ ᠤᠨ | ᠰᠤᠷᠭᠠᠭᠤᠯᠢ ᠳᠤ ᠣᠴᠢᠬᠤ ᠴᠠᠭ ᠲᠤ ᠪᠣᠰᠬᠠᠵᠤ᠂ ᠤᠨᠲᠠᠭᠤᠯᠵᠤ᠂ ᠰᠤᠷᠤᠯᠴᠠᠭᠤᠯᠵᠤ᠂ ᠬᠥᠳᠡᠯᠭᠡᠭᠡᠨ ᠬᠢᠯᠭᠡᠨ᠎ᠡ᠂ ᠠᠵᠢᠯᠯᠠᠵᠤ ᠠᠮᠠᠷᠠᠬᠤ ᠴᠠᠭ ᠢ ᠨᠢ ᠡᠮᠬᠢ ᠵᠢᠷᠤᠮ | ᠲᠠᠢ ᠪᠣᠯᠭᠠᠪᠠᠯ᠂ ᠰᠤᠷᠭᠠᠭᠤᠯᠢ ᠶᠢᠨ ᠠᠮᠢᠳᠤᠷᠠᠯ ᠳᠤ ᠨᠡᠩ ᠲᠦᠷᠭᠡᠨ ᠵᠣᠬᠢᠴᠠᠬᠤ ᠪᠣᠯᠤᠨ᠎ᠠ᠃ |