ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠣᠨ ᠤ ᠲᠥᠯᠥᠪᠯᠡᠭᠡ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/26
     2 ᠳ᠋ᠤᠭᠠᠷ ᠰᠠᠷ᠎ᠠ ᠶᠢᠨ 20 ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠣᠨ ᠤ ᠲᠥᠯᠥᠪᠯᠡᠭᠡ ᠶᠢᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠡᠨᠡ ᠵᠢᠯ ᠤᠨ ᠠᠵᠢᠯ ᠤᠨ ᠲᠥᠯᠥᠪᠯᠡᠭᠡ ᠪᠠᠨ ᠳᠣᠭᠢᠷᠠᠭᠤᠯᠤᠨ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠰᠢᠪᠲᠤᠯᠤᠯᠲᠠ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃
全市服务业高质量发展年度计划动员会议召开1.jpg
       ᠪᠦᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠢᠲᠠᠢ ᠬᠥᠭᠵᠢᠯᠲᠡ ᠶᠢᠨ ᠣᠨ ᠤ ᠲᠥᠯᠥᠪᠯᠡᠭᠡ ᠶᠢᠨ ᠳᠠᠶᠢᠴᠢᠯᠠᠯᠲᠠ ᠶᠢᠨ ᠬᠤᠷᠠᠯ ᠤᠨ ᠲᠤᠬᠠᠢ ᠶᠢᠨ ᠲᠠᠯᠠᠪᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠶ ᠴᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠶ ᠶᠦᠩ ᠴᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃
全市服务业高质量发展年度计划动员会议召开2.jpg
       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ᠃      ᠬᠤᠷᠠᠯ ᠳᠡᠭᠡᠷ᠎ᠡ᠂ ᠪᠦᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠭᠡᠳ ᠵᠢᠯ ᠭᠠᠷᠤᠢ ᠬᠤᠭᠤᠴᠠᠭᠠᠨ ᠤ ᠰᠦᠪᠡᠭᠴᠢᠯᠡᠯᠲᠡ ᠦᠢᠯᠡᠳᠦᠯᠭᠡ ᠠᠴᠠ ᠦᠵᠡᠪᠡᠯ᠂ ᠪᠦᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠡᠮᠬᠢ ᠵᠢᠷᠤᠮ ᠲᠠᠢ ᠪᠣᠯᠵᠤ᠂ ᠠᠵᠢᠯ ᠤᠨ ᠪᠦᠬᠦᠯᠢ ᠴᠣᠭᠴᠠ ᠪᠠᠷ ᠢᠶᠠᠨ ᠡᠬᠢᠯᠡᠭᠰᠡᠨ ᠪᠣᠯᠪᠠᠴᠤ ᠡᠬᠢᠯᠡᠯᠲᠡ ᠶᠢᠨ ᠵᠢᠯ ᠳᠤ ᠭᠦᠢᠴᠡᠳᠬᠡᠯ ᠲᠤᠭ᠎ᠠ ᠶᠢᠨ ᠬᠠᠷᠠᠯᠲᠠ ᠦᠷ᠎ᠡ ᠪᠦᠲᠦᠮᠵᠢ ᠳᠤ ᠬᠦᠷᠴᠦ ᠴᠢᠳᠠᠭᠰᠠᠨ ᠦᠭᠡᠢ᠃ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠲᠠᠨᠢᠯᠲᠠ ᠶᠢᠨ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠠᠳᠬᠤᠵᠤ᠂ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ᠂ ᠵᠣᠷᠢᠭ ᠰᠢᠭᠤᠳᠤᠨ ᠪᠦᠬᠦ ᠲᠠᠯ᠎ᠠ ᠪᠠᠷ ︽ᠰᠢᠪᠲᠤᠯᠤᠯᠲᠠ︾ ᠬᠢᠵᠦ᠂ ᠡᠨᠡ ᠵᠢᠯ ᠤᠨ ᠦᠢᠯᠡᠴᠢᠯᠡᠭᠡᠨ ᠤ ᠦᠢᠯᠡᠰ ᠤᠨ ︽ᠰᠠᠶᠢᠨ ᠬᠤᠷᠢᠶᠠᠯᠲᠠ︾ ᠲᠠᠢ ᠪᠣᠯᠬᠤ ᠶᠢ ᠪᠠᠲᠤᠯᠠᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠰᠢᠢᠳᠪᠦᠷᠢᠯᠡᠬᠦ ᠰᠡᠳᠬᠢᠬᠦᠶ ᠪᠠᠨ ᠴᠢᠩᠭᠠᠳᠬᠠᠵᠤ᠂ ᠭᠦᠢᠴᠡᠳᠬᠡᠯ ᠲᠤᠭ᠎ᠠ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠬᠦᠷᠲᠡᠯ᠎ᠡ ᠬᠡᠮᠵᠢᠶᠡᠵᠢᠭᠦᠯᠵᠦ᠂ ᠲᠥᠷᠥᠯ ᠵᠦᠢᠯ ᠤᠨ ᠠᠵᠤ ᠠᠬᠤᠶᠢᠯᠠᠯ ᠳᠤ ᠨᠠᠶᠢᠳᠠᠪᠤᠷᠢᠵᠢᠭᠤᠯᠤᠨ᠂ ᠦᠢᠯᠡᠴᠢᠯᠡᠭᠡᠨ ᠤ ᠦᠢᠯᠡᠰ ᠤᠨ ᠬᠢᠨᠠᠨ ᠬᠡᠮᠵᠢᠯᠲᠡ ᠵᠠᠳᠠᠯᠤᠯᠲᠠ ᠶᠢ ᠰᠠᠶᠢᠲᠤᠷ ᠠᠳᠬᠤᠵᠤ᠂ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ᠳᠡᠭᠡᠭᠰᠢ ᠨᠡᠪᠲᠡᠷᠡᠯᠴᠡᠨ ᠵᠣᠯᠭᠠᠭᠤᠯᠵᠤ᠂ ᠠᠵᠢᠯ ᠤᠨ ᠵᠣᠬᠢᠰ ᠦᠭᠡᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠬᠠᠳᠠᠭᠠᠯᠠᠯᠲᠠ ᠶᠢᠨ ᠬᠡᠮᠵᠢᠶ᠎ᠡ ᠶᠢ ᠰᠤᠯᠠᠯᠠᠬᠤ ᠶᠢ ᠴᠢᠩᠭᠠᠳᠬᠠᠵᠤ᠂ ᠭᠤᠤᠯ ᠴᠣᠭᠴᠠ ᠶᠢ ᠪᠤᠶᠢᠵᠢᠭᠤᠯᠬᠤ ᠲᠠᠯ᠎ᠠ ᠪᠠᠷ ᠳᠠᠬᠢᠨ ᠬᠦᠴᠦ ᠣᠷᠣᠭᠤᠯᠵᠤ᠂ ᠬᠡᠷᠡᠭᠯᠡᠭᠡ ᠶᠢ ᠪᠤᠶᠢᠵᠢᠭᠤᠯᠬᠤ ᠲᠠᠯ᠎ᠠ ᠪᠠᠷ ᠳᠠᠬᠢᠨ ᠬᠦᠴᠦ ᠣᠷᠣᠭᠤᠯᠵᠤ᠂ ᠭᠤᠤᠯᠳᠠᠯᠭ᠎ᠠ ᠲᠠᠢ ᠬᠦᠷᠢᠶᠡᠨ ᠳᠤ ᠳᠠᠬᠢᠨ ᠬᠦᠴᠦ ᠣᠷᠣᠭᠤᠯᠵᠤ᠂ ᠳᠠᠯᠳᠠ ᠬᠦᠴᠦᠨ ᠢ ᠭᠦᠢᠴᠡᠳ ᠪᠤᠰᠤ ᠠᠭᠤᠳᠠᠯᠤᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠲᠥᠷᠥᠯ ᠵᠦᠢᠯ ᠢᠶᠠᠷ ᠭᠤᠣᠯᠯᠠᠵᠤ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠬᠤ︾ ᠣᠶᠢᠯᠠᠭᠠᠭᠳᠠᠬᠤᠨ ᠢᠶᠠᠷ ᠦᠢᠯᠡᠴᠢᠯᠡᠭᠡᠨ ᠤ ᠦᠢᠯᠡᠰ ᠢ ᠴᠢᠩᠭ᠎ᠠ ᠠᠳᠬᠤᠵᠤ᠂ ᠲᠦᠷᠦᠯ ᠵᠦᠢᠯ ᠢ ᠲᠥᠯᠥᠪᠵᠢᠭᠦᠯᠬᠦ᠂ ᠲᠦᠷᠦᠯ ᠵᠦᠢᠯ ᠢ ᠤᠷᠢᠬᠤ᠂ ᠲᠦᠷᠦᠯ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠪᠠᠭᠤᠷᠠᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠲᠤᠬᠢᠷᠠᠭᠤᠯᠭ᠎ᠠ ᠶᠢᠨ ᠲᠣᠭᠲᠠᠴᠠ ᠪᠠᠨ ᠪᠦᠷᠢᠨᠰᠢᠬᠦᠯᠵᠦ᠂ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠡᠭᠴᠡ ᠲᠤᠬᠢᠷᠠᠭᠤᠯᠤᠯᠳᠠ ᠶᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠶᠦᠩ 2024 ᠣᠨ ᠤ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ︽ᠲᠦᠩᠯᠢᠶᠣᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 2025 ᠣᠨ ᠤ ᠬᠡᠷᠡᠭᠵᠢᠭᠦᠯᠬᠦ ᠲᠥᠰᠦᠯ︾ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠵᠦ᠂ ᠬᠤᠷᠴᠢᠨ ᠲᠣᠭᠤᠷᠢᠭ᠂ ᠬᠤᠤᠯᠢᠩᠭᠤᠤᠯ ᠬᠤᠲᠠ᠂ ᠨᠡᠭᠡᠭᠡᠯᠲᠡ ᠶᠢᠨ ᠲᠣᠭᠤᠷᠢᠭ ᠪᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ ᠶᠠᠷᠢᠶ᠎ᠠ ᠲᠠᠯᠪᠢᠪᠠ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ