ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ
ᠨᠡᠶᠢᠲᠡᠯᠡᠭᠰᠡᠨ ᠴᠠᠭ᠄
2025/2/26
开学第一节课 (1).png
                        ᠰᠤᠷᠪᠤᠯᠵᠢᠯᠠᠬᠴᠢ ᠯᠠᠢ ᠲᠤᠶᠠᠭ᠎ᠠ      ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠶᠠᠨ ᠤ ᠡᠭᠢᠯᠡᠯᠲᠡ︕      ᠴᠠᠭᠠᠨ ᠰᠠᠷ᠎ᠠ ᠥᠩᠭᠡᠷᠡᠵᠦ ᠬᠠᠪᠤᠷ ᠤᠨ ᠤᠷᠢᠨ ᠰᠠᠭᠠᠲᠠᠬᠤ ᠪᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠴᠤ ᠡᠬᠢᠯᠡᠯ᠎ᠡ︕      2 ᠰᠠᠷ᠎ᠠ ᠶᠢᠨ 24 ᠤ ᠡᠳᠦᠷ ᠠᠴᠠ ᠡᠬᠢᠯᠡᠨ᠂ ᠲᠦᠩᠯᠢᠶᠣᠣ ᠬᠤᠲᠡ ᠶᠢᠨ ᠡᠯ᠎ᠡ ᠲᠤᠮᠲᠠᠲᠦ ᠪᠠᠭ᠎ᠠ ᠰᠤᠷᠭᠠᠭᠤᠯᠢ ᠵᠠᠯᠭᠠᠭ᠎ᠠ ᠪᠠᠷ ᠰᠤᠷᠭᠠᠭᠤᠯᠢ ᠴᠤᠭᠯᠠᠵᠤ᠂ ᠡᠷᠳᠡᠮ ᠨᠣᠮ ᠳᠤ ᠰᠢᠮᠳᠠᠵᠤ᠂ ᠬᠦᠰᠡᠵᠦ ᠰᠠᠨᠠᠭᠰᠠᠨ ᠮᠥᠷᠥᠭᠡᠳᠦᠯ ᠤᠨ ᠢᠶᠠᠨ ᠵᠦᠭ ᠲᠡᠮᠡᠦᠯᠬᠦ ᠦᠢ ᠤᠯᠡᠨ ᠵᠠᠯᠠᠭᠤᠴᠤᠳ ᠪᠠᠭᠠᠴᠤᠳ ᠮᠠᠨᠢ ᠪᠠᠰᠠ ᠨᠢᠭᠡᠨ ᠴᠣ ᠰᠢᠨ᠎ᠡ ᠰᠤᠷᠤᠯᠭ᠎ᠠ ᠶᠢᠨ ᠠᠶᠠᠨ ᠢᠶᠠᠨ ᠡᠯᠭᠦᠯ᠎ᠡ᠃
开学第一节课 (2).png
      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ ᠲᠤ᠂ ᠡᠯ᠎ᠡ ᠲᠤᠮᠲᠠᠲᠦ ᠪᠠᠭ᠎ᠠ ᠰᠤᠷᠭᠠᠭᠤᠯᠢ ᠤᠯᠤᠰ ᠤᠨ ᠲᠤᠬ ᠮᠠᠨᠳᠤᠭᠤᠯᠬᠤ ᠶᠣᠰᠣᠯᠠᠯ ᠬᠢᠵᠦ᠂ ᠢᠲᠡᠭᠡᠯ ᠵᠣᠷᠢᠭ ᠲᠠᠢ ᠪᠠᠷ ᠰᠢᠨ᠎ᠡ ᠨᠢᠭᠡᠨ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ᠂ ︽ᠲᠤᠮᠲᠠᠲᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠢᠵᠢᠮ ᠤᠨ ᠲᠣᠭᠤᠷᠢᠨ ᠳᠤ᠂ ᠥᠪᠡᠷ ᠥᠪᠡᠷ ᠤᠨ ᠰᠤᠷᠭᠠᠨ ᠬᠥᠮᠦᠵᠢᠯ ᠤᠨ ᠣᠨᠴᠠᠯᠢᠭ ᠲᠠᠢ ᠡᠯᠪᠡᠭ ᠪᠠᠶᠠᠯᠢᠭ ᠠᠭᠤᠯᠭ᠎ᠠ ᠪᠦᠬᠦᠢ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠣᠷᠣᠵᠤ᠂ ᠵᠠᠯᠠᠭᠤᠴᠤᠳ ᠪᠠᠭᠠᠴᠤᠳ ᠤᠨ ᠰᠡᠳᠬᠢᠯ ᠳᠤ ᠡᠬᠡ ᠣᠷᠣᠨᠴᠢ ᠬᠠᠶᠢᠷ᠎ᠠ ᠰᠡᠳᠬᠢᠯᠭᠡ ᠶᠢ ᠦᠷᠡᠯᠡᠨ ᠪᠣᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ ︽ᠲᠤᠮᠲᠠᠲᠦ ᠶᠢᠨ ᠦᠨᠳᠦᠰᠦᠲᠡᠨ ᠨᠦᠭᠦᠳ ᠨᠢᠭᠡ ᠭᠡᠷ ᠪᠦᠯᠢ ᠮᠡᠲᠦ ᠬᠠᠯᠠᠭᠤᠨ ᠳᠣᠲᠣᠨᠣ︾ ᠭᠦᠭ ᠠᠮᠢᠰᠬᠤᠯ ᠢ ᠪᠦᠷᠢᠯᠳᠦᠭᠦᠯᠵᠦ᠂ ᠡᠶ᠎ᠡ ᠵᠣᠬᠢᠴᠠᠩᠭᠤᠢ ᠪᠣᠯᠪᠠᠰᠤᠨ ᠰᠤᠷᠭᠠᠭᠤᠯᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠬᠤ ᠳᠤ ᠢᠳᠡᠪᠬᠢ ᠬᠦᠴᠦᠨ ᠨᠡᠮᠡᠷᠢᠯᠡᠪᠡ᠃
开学第一节课 (3).png
      ︽ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠶᠠᠨ ᠤ ᠡᠭᠢᠯᠡᠯᠲᠡ︾ ᠶᠢᠨ ᠲᠠᠰᠢᠷᠠᠮ ᠢᠶᠠᠷ᠂ ᠡᠯ᠎ᠡ ᠰᠤᠷᠭᠠᠭᠤᠯᠢ ᠶᠢᠨ ᠪᠠᠭᠰᠢ ᠨᠠᠷ ᠠᠴᠠ ᠰᠤᠷᠤᠬᠴᠢ ᠨᠥᠬᠦᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠠᠭᠠᠨ ᠬᠦᠰᠡᠯ ᠬᠠᠷᠠᠯᠲᠠ ᠲᠠᠢ ᠰᠤᠷᠤᠯᠴᠠᠵᠤ᠂ ᠳᠠᠰᠬᠠᠯ ᠳᠠᠭᠠᠭᠠᠯᠭᠠᠪᠤᠷᠢ ᠪᠠᠨ ᠪᠡᠶ᠎ᠡ ᠪᠠᠨ ᠳᠠᠭᠠᠭᠠᠵᠤ ᠪᠡᠶᠡᠯᠡᠭᠦᠯᠬᠦ᠂ ᠨᠣᠮ ᠤᠩᠰᠢᠬᠤ ᠰᠠᠶᠢᠨ ᠰᠠᠶᠢᠬᠠᠨ ᠳᠠᠳᠬᠠᠯ ᠢ ᠪᠤᠢ ᠪᠤᠯᠭᠠᠬᠤ ᠶᠢ ᠬᠦᠰᠡᠨ ᠱᠠᠭᠠᠷᠳᠠᠵᠤ᠂ ᠭᠡᠷ ᠤᠨ ᠠᠬᠠᠮᠠᠳ ᠲᠤ ᠬᠡᠦᠬᠡᠳ ᠤᠨ ᠢᠶᠠᠨ ᠳᠠᠪᠠᠭᠤᠯᠢᠭ ᠲᠠᠯ᠎ᠠ ᠶᠢ ᠢᠯᠡᠭᠦᠬᠡᠨ ᠵᠣᠷᠢᠭᠵᠢᠭᠤᠯᠵᠤ᠂ ᠢᠲᠡᠭᠡᠯ ᠵᠣᠷᠢᠭ ᠢ ᠨᠢ ᠬᠥᠪᠴᠢᠯᠡᠵᠦ᠂ ᠰᠡᠳᠬᠢᠯ ᠪᠠᠶᠠᠰᠤᠩᠭᠤᠢ ᠵᠣᠯ ᠵᠢᠷᠭᠠᠯ ᠲᠠᠢ ᠥᠰᠬᠡᠨ ᠬᠥᠮᠥᠵᠢᠭᠦᠯᠬᠦ ᠨᠠᠨᠳᠢᠨ ᠰᠠᠨᠠᠭᠤᠯᠭ᠎ᠠ ᠳᠡᠪᠰᠢᠭᠦᠯᠪᠡ᠃
开学第一节课 (4).png
      ᠰᠤᠷᠭᠠᠨ ᠬᠥᠮᠦᠵᠢᠯ ᠮᠠᠨᠳᠤᠪᠠᠯ ᠤᠯᠤᠰ ᠣᠷᠣᠨ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠮᠦᠢ︕ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠨᠢ ᠪᠦᠭᠦ ᠪᠠᠭᠰᠢ ᠰᠤᠷᠤᠬᠴᠢ ᠳᠤ ᠬᠢᠵᠠᠭᠠᠯᠠᠰᠢ ᠦᠭᠡᠢ ᠢᠲᠡᠭᠡᠯ ᠪᠠ ᠬᠦᠰᠡᠯ ᠡᠷᠡᠮᠡᠯᠵᠡᠯ ᠢ ᠠᠪᠴᠢᠷᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠳᠠᠭᠠᠨ ᠣᠷᠤᠯᠴᠠᠬᠤ ᠶᠢ ᠠᠬᠢᠭᠤᠯᠤᠭᠰᠠᠨ ᠪᠠᠶᠢᠨ᠎ᠠ᠃
开学第一节课 (5).png
      ᠰᠢᠨ᠎ᠡ ᠵᠢᠯ᠂ ᠰᠢᠨ᠎ᠡ ᠠᠮᠢᠳᠤᠷᠠᠯ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠃ ᠬᠦᠰᠡᠯ ᠮᠥᠷᠥᠭᠡᠳᠦᠯ ᠤᠨ ᠢᠶᠠᠨ ᠵᠦᠭ ᠲᠡᠮᠡᠦᠯᠬᠦ ᠬᠡᠦᠬᠡᠳ ᠵᠠᠯᠠᠭᠤᠰ  ᠲᠠᠭᠠᠨ ᠰᠤᠷᠬᠤ ᠶᠢᠨ ᠰᠠᠶᠢᠬᠠᠨ ᠵᠥᠩᠨᠡᠯ᠂ ᠰᠤᠷᠤᠯᠭ᠎ᠠ ᠶᠢᠨ ᠥᠨᠳᠥᠷ ᠠᠮᠵᠢᠯᠲᠠ ᠶᠢ ᠵᠥᠩᠨᠡᠨ ᠪᠡᠯᠭᠡᠳᠡᠶ᠎ᠡ︕
开学第一节课 (6).png
      ︵ᠭᠡᠷᠡᠯ ᠵᠢᠷᠤᠭ ᠪᠣᠯ ᠮᠠᠨ ᠤ ᠬᠤᠲᠡ ᠶᠢᠨ ᠬᠡᠰᠡᠭ ᠲᠤᠮᠲᠠᠲᠦ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠪᠠᠶᠢᠳᠠᠯ ᠪᠣᠯᠣᠨ᠎ᠠ᠃  ᠪᠤᠶᠠᠨᠳᠠᠯᠠᠢ ᠲᠠᠷᠬᠠᠨ ᠴᠦᠨ ᠶᠢᠩ ᠰᠡᠭᠦᠳᠡᠷᠯᠡᠪᠡ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ