ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠬᠦᠴᠦᠨ ᠴᠢᠳᠠᠯ ᠢᠶᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠪᠠᠶᠢᠭᠤᠯᠵᠤ᠂ ᠲᠥᠷᠥᠯ ᠵᠦᠢᠯ | ᠲᠣᠭᠲᠠᠭᠠᠨ᠂ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠦᠬᠡᠷ ᠤᠨ ᠮᠢᠬᠠᠨ ᠤ ᠢᠳᠡᠭᠡᠨ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠲᠦᠷᠭᠡᠳᠬᠡᠨ ᠪᠠᠶᠢᠭᠤᠯᠪᠠ᠃ | ᠬᠤᠷᠴᠢᠨ ᠲᠣᠭᠤᠷᠢᠭ ᠤᠨ ᠬᠢᠨ 500 ᠮᠦ ᠲᠠᠯᠠᠪᠠᠢ ᠪᠦᠬᠦᠢ ᠲᠦᠩᠯᠢᠶᠣᠤ ᠶᠢᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ | 45 ᠠᠵᠤ ᠠᠬᠤᠶᠢᠯᠠᠯ ᠣᠷᠣᠵᠤ ᠰᠠᠭᠤᠵᠤ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 6 ᠲᠦᠮᠡᠨ ᠲᠣᠨ ᠬᠦᠷᠴᠦ᠂ 2024 ᠣᠨ ᠳᠤ ᠵᠢᠯ ᠤᠨ | ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠰᠢᠬᠠᠮ ᠪᠡᠶᠡᠯᠡᠭᠦᠯᠪᠡ᠃ ᠡᠭᠦᠨ ᠤ ᠬᠠᠮᠲᠤ᠂ ᠬᠤᠳᠠᠯᠳᠤᠭᠠᠴᠢᠨ ᠤᠷᠢᠵᠤ ᠬᠦᠴᠦᠨ ᠢᠶᠠᠨ | ᠲᠥᠪᠯᠡᠷᠡᠭᠦᠯᠬᠦ ᠶᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠪᠡᠭᠡᠵᠢᠩ ᠤᠨ ᠵᠢᠶᠠᠨ ᠺᠦᠨ᠂ ᠾᠧᠪᠧᠶ ᠶᠢᠨ ᠮᠠ ᠪᠧᠨ ᠵᠠᠶ ᠵᠡᠷᠭᠡ 9 ᠨᠠᠷᠢᠯᠢᠭ ᠪᠣᠯᠪᠠᠰᠤᠷᠠᠭᠤᠯᠬᠤ | ᠲᠥᠷᠥᠯ ᠵᠦᠢᠯ ᠳᠤ ᠭᠠᠷ ᠤᠨ ᠥᠰᠥᠭ ᠵᠢᠷᠤᠭᠰᠠᠨ ᠪᠥᠭᠡᠳ ᠵᠢᠶᠠᠩᠨᠠᠨ ᠶᠡᠭᠡ ᠰᠤᠷᠭᠠᠭᠤᠯᠢ᠂ ᠭᠤᠸᠠᠩᠳᠦ᠋ᠩ ᠤᠨ ᠱᠠᠩ ᠬᠥ᠋ ᠲᠠᠩ ᠵᠡᠷᠭᠡ ᠰᠤᠳᠤᠯᠤᠨ ᠨᠡᠭᠡᠭᠡᠬᠦ | ᠪᠦᠯᠬᠦᠮ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠬᠡᠷ ᠤᠨ ᠮᠢᠬᠠᠨ ᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠬᠠᠮᠲᠤ ᠪᠠᠷ ᠪᠠᠶᠢᠭᠤᠯᠵᠤ᠂ ᠣᠳᠣᠬᠠᠨ ᠳᠤ ᠨᠢᠭᠡᠨᠲᠡ 5 ᠵᠦᠢᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ ᠳᠡᠯᠭᠡᠷᠡᠭᠦᠯᠦᠭᠰᠡᠨ ᠪᠠᠶᠢᠨ᠎ᠠ᠃ |