ᠴᠢ᠊ · ᠳᠠᠯᠠᠨᠲᠠᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
     2 ᠳ᠋ᠤᠭᠠᠷ ᠰᠠᠷ᠎ᠠ ᠶᠢᠨ 25 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠶᠢᠨ ᠬᠤᠯᠪᠣᠭᠳᠠᠯ ᠪᠥᠬᠦᠶ ᠨᠥᠬᠦᠳ ᠣᠷᠣᠯᠴᠠᠵᠠᠶ᠃      ᠴᠢ᠊ · ᠳᠠᠯᠠᠨᠲᠠᠢ ᠤᠷᠢᠳ ᠬᠤᠵᠢᠳ ᠮᠣᠷᠣᠢ ᠶᠢᠨ ᠰᠦᠮ᠎ᠡ ᠶᠢᠨ ᠴᠥᠭᠦᠷᠥᠮ᠂ ᠰᠢᠶᠤᠤ ᠵᠤᠸᠠᠩ ᠭᠤᠣᠯ ᠤᠨ ︽ᠰᠢᠩ ᠹᠦ᠋ ᠾᠧ ᠬᠤ᠋︾ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠱᠤᠭᠤᠮ ᠤᠨ ᠬᠤᠸᠠᠲᠤᠭᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠴᠡᠪᠡᠷᠰᠢᠭᠦᠯᠬᠦ ᠦᠢᠯᠡᠳᠪᠦᠷᠢ ᠳᠤ ᠬᠦᠷᠴᠦ᠂ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ᠂ ᠢᠨᠵᠧᠨᠧᠷᠢᠩ ᠤᠨ ᠠᠬᠢᠴᠠ᠂ ᠴᠢᠳᠠᠮᠵᠢ ᠶᠢᠨ ᠢᠵᠢ ᠪᠦᠷᠢᠳᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠠᠬᠢᠴᠠ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠡᠷᠡ᠂ ᠤᠰᠤᠨ ᠠᠰᠢᠭᠯᠠᠯᠲᠠ ᠶᠢᠨ ᠢᠨᠵᠧᠨᠧᠷᠢᠩ ᠪᠣᠯ ᠠᠮᠤᠷ ᠲᠦᠪᠰᠢᠨ ᠤ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ ᠪᠣᠯᠤᠨ᠎ᠠ᠂ ᠣᠳᠣᠬᠠᠨ ᠳᠤ ᠲᠤᠰᠠᠲᠠᠢ ᠪᠠᠷ ᠪᠠᠷᠠᠬᠤ ᠦᠭᠡᠢ ᠠᠯᠤᠰ ᠬᠡᠳᠦ ᠳᠤ ᠴᠤ ᠠᠰᠢᠭᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠨᠵᠧᠨᠧᠷᠢᠩ ᠤᠨ ᠠᠵᠢᠯ ᠤᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠥᠯᠥᠪᠵᠢᠭᠦᠯᠭᠡ ᠶᠣᠰᠣᠭᠠᠷ ᠠᠵᠢᠯᠯᠠᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠳᠤ ᠰᠠᠶᠢᠲᠤᠷ ᠦᠢᠯᠡᠴᠢᠯᠡᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠬᠦᠴᠦᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠢᠨᠵᠧᠨᠧᠷᠢᠩ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ᠂ ᠴᠢᠨᠠᠷ ᠰᠠᠶᠢᠲᠠᠢ ᠦᠢᠯᠡᠴᠢᠯᠡᠭᠡ ᠪᠠᠷ ᠲᠦᠷᠦᠯ ᠵᠦᠢᠯ ᠤᠨ ᠤᠷᠤᠭᠰᠢᠲᠠᠢ ᠪᠦᠳᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠠᠷᠢᠯᠭ᠎ᠠ ᠪᠠᠷᠢᠬᠤ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ