ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯᠣᠨ ᠬᠦᠷᠢᠶ᠎ᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/27
      2 ᠳ᠋ᠤᠭᠠᠷ ᠰᠠᠷ᠎ᠠ ᠶᠢᠨ 24 ᠠᠴᠠ 25 ᠪᠤᠯᠲᠠᠯ᠎ᠠ᠂ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯᠣᠨ ᠬᠦᠷᠢᠶ᠎ᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃      ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ᠂ ᠮᠧᠩ ᠰᠢᠶᠠᠨ ᠳ᠋ᠦᠩ ᠶᠢᠩ ᠲᠦᠩ ᠡᠨᠧᠷᠭᠢ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ᠂ ᠵᠢᠦᠢ ᠷᠦᠩ ᠡᠨᠧᠷᠭᠢ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠦᠷᠳᠡᠭᠡ ᠶᠢᠨ ᠠᠯᠪᠠᠨ ᠠᠰᠠᠷ ᠪᠣᠯᠣᠨ ᠪᠣᠯᠪᠠᠰᠤᠷᠠᠯ ᠤᠨ ᠲᠠᠯᠠᠪᠠᠢ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠶᠢ ᠲᠤᠬᠠᠢ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ ᠬᠤᠷᠠᠯ ᠬᠤᠷᠠᠯᠳᠤᠭᠤᠯᠵᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠮᠧᠩ ᠰᠢᠶᠠᠨ ᠳ᠋ᠦᠩ ᠬᠤᠶᠢᠲᠤ ᠬᠤᠰᠢᠭᠤᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠲᠣᠭᠲᠠᠭᠰᠠᠨ ᠪᠠᠶᠢᠷᠢᠯᠠᠭᠤᠯᠤᠯᠲᠠ ᠪᠠᠷ ᠢᠶᠠᠨ ᠲᠤᠭᠤᠰᠢᠲᠠᠢ ᠠᠳᠬᠤᠵᠤ᠂ ᠡᠨᠡ ᠵᠢᠯ ᠳᠤ ᠰᠠᠶᠢᠨ ᠬᠢᠷᠢ ᠪᠦᠲᠦᠮᠵᠢ ᠣᠯᠬᠤ ᠶᠢ ᠪᠠᠲᠤᠯᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠵᠠᠷ ᠣᠷᠣᠨ ᠤ ᠡᠨᠧᠷᠭᠢ᠂ ᠡᠬᠢ ᠪᠠᠶᠠᠯᠢᠭ᠂ ᠣᠷᠣᠨ ᠪᠠᠶᠢᠷᠢ ᠵᠡᠷᠭᠡ ᠶᠢᠨ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠲᠣᠭᠤᠷᠢᠨ ᠳᠤ ᠲᠦᠷᠦᠯ ᠵᠦᠢᠯ ᠢ ᠢᠳᠡᠪᠬᠢᠲᠡᠢ ᠲᠥᠰᠥᠪᠯᠡᠵᠦ᠂ ᠠᠵᠤ ᠠᠬᠤᠶᠢᠯᠠᠯ ᠢ ᠲᠠᠲᠠᠵᠤ᠂ ᠢᠵᠢ ᠪᠦᠷᠢᠳᠦᠭᠦᠯᠬᠦ ᠶᠢ ᠰᠠᠶᠢᠲᠤᠷ ᠬᠢᠵᠦ᠂ ᠠᠵᠤ ᠦᠢᠯᠡᠰ ᠤᠨ ᠲᠥᠪᠯᠡᠷᠡᠩᠭᠦᠢ ᠡᠷᠴᠢᠮᠯᠢᠭ ᠪᠥᠭᠡᠮᠨᠡᠷᠡᠬᠦ ᠶᠢ ᠠᠬᠢᠭᠤᠯᠵᠤ᠂ ᠬᠥᠭᠵᠢᠯᠲᠡ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠪᠡᠶᠡᠯᠡᠭᠦᠯᠬᠦ ᠬᠡᠷᠡᠭᠲᠡᠢ᠃ ᠠᠯᠠᠰᠢᠨ ᠦᠬᠡᠷ ᠤᠨ ᠠᠵᠤ ᠦᠢᠯᠡᠰ ᠭᠡᠬᠦ ᠡᠨᠡ ᠬᠦ ᠲᠣᠮᠣ ᠶᠠᠪᠤᠳᠠᠯ ᠢ ᠰᠠᠶᠢᠲᠤᠷ ᠬᠢᠵᠦ᠂ ᠪᠠᠷᠢᠮᠵᠢᠶᠠᠵᠢᠭᠤᠯᠬᠤ ᠳᠤ ᠨᠡᠩ ᠶᠡᠭᠡ ᠬᠦᠴᠦ ᠣᠷᠣᠭᠤᠯᠵᠤ᠂ ᠡᠭᠦᠯᠳᠡᠷ ᠰᠠᠶᠢᠵᠢᠷᠠᠭᠤᠯᠬᠤ᠂ ᠭᠦᠨᠵᠡᠭᠡᠢ ᠪᠣᠷᠳᠣᠬᠤ᠂ ᠨᠢᠲᠤᠯᠵᠤ ᠡᠳ᠋ᠰᠢᠭᠦᠯᠬᠦ᠂ ᠦᠬᠡᠷ ᠤᠨ ᠮᠢᠬᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠪᠣᠳᠠᠲᠠᠢ ᠠᠳᠬᠤᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠪᠦᠲᠦᠭᠡᠭᠳᠡᠬᠦᠨ ᠢ ᠪᠣᠶᠢᠵᠢᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢ ᠪᠠᠶᠠᠯᠢᠭᠵᠢᠭᠤᠯᠵᠤ᠂ ᠨᠡᠩ ᠤᠯᠠᠨ ᠵᠤᠭᠠᠴᠠᠭᠴᠢ ᠶᠢ ᠬᠤᠶᠢᠲᠤ ᠬᠤᠰᠢᠭᠤᠨ ᠳᠤ ᠵᠤᠭᠠᠴᠠᠭᠤᠯᠬᠤ ᠪᠠᠷ ᠲᠠᠲᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠣᠯᠭᠠᠨ ᠴᠣᠭᠴᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠬᠦ ᠬᠡᠷᠡᠭᠲᠡᠢ᠃ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠵᠦ᠂ ᠤᠳᠤᠷᠢᠳᠬᠤ ᠺᠠᠳ᠋ᠷ ᠬᠠᠷᠢᠭᠤᠴᠠᠯᠭ᠎ᠠ ᠡᠭᠦᠷᠭᠡᠯᠡᠨ ᠴᠢᠩᠭ᠎ᠠ ᠠᠩᠬᠠᠷᠴᠤ᠂ ᠡᠯ᠎ᠡ ᠰᠠᠯᠠᠭ᠎ᠠ ᠮᠥᠴᠢᠷ ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠦᠭᠦ ᠬᠤᠰᠢᠭᠤ ᠪᠠᠷ ᠢᠶᠠᠨ ᠬᠠᠮᠲᠤ ᠪᠠᠷ ᠳᠠᠶᠢᠴᠢᠯᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠭᠤᠣᠯ ᠠᠵᠢᠯ ᠪᠠ ᠭᠤᠣᠯᠳᠠᠯᠭ᠎ᠠ ᠲᠠᠢ ᠡᠭᠦᠷᠭᠡ ᠲᠡᠶᠢᠰᠢ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠮᠧᠩ ᠰᠢᠶᠠᠨ ᠳ᠋ᠦᠩ ᠬᠦᠷᠢᠶ᠎ᠡ ᠬᠤᠰᠢᠭᠤᠨ ᠳᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠠᠳ᠂ ᠬᠦᠷᠢᠶ᠎ᠡ ᠬᠤᠰᠢᠭᠤᠨ ᠤ ᠠᠵᠢᠯ ᠢᠳᠡᠪᠬᠢᠳᠡᠢ ᠬᠤᠪᠢᠷᠠᠯᠳᠠ ᠲᠠᠢ ᠪᠤᠯᠤᠭᠰᠠᠨ ᠪᠤᠯᠪᠠᠴᠤ ᠬᠦᠴᠢᠷ ᠪᠡᠷᠭᠡ ᠶᠢ ᠰᠢᠪᠳᠤᠯᠬᠤ᠂ ᠳᠡᠪᠡᠯᠳᠡ ᠲᠠᠢ ᠨᠡᠬᠡᠯᠲᠡ ᠶᠢᠨ ᠬᠠᠷᠠᠯᠳᠠ ᠶᠢ ᠪᠡᠶᠡᠯᠡᠬᠦᠯᠬᠦ ᠳᠤ ᠪᠠᠰᠠ ᠪᠠᠭ᠎ᠠ ᠪᠤᠰᠤ ᠬᠦᠴᠢᠷ ᠪᠡᠷᠬᠡᠰᠢᠶᠠᠯ ᠪᠠ ᠦᠷᠢᠰᠦᠯᠳᠦᠬᠡᠨ ᠤᠷᠤᠰᠢᠵᠦ ᠪᠠᠶᠢᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠲᠡᠮᠡᠴᠡᠵᠦ᠂ ᠰᠢᠷᠭᠠᠭᠤ ᠠᠵᠢᠯᠯᠠᠬᠤ ᠶᠢ ᠳᠡᠷᠢᠭᠦᠨ ᠳᠤ ᠳᠠᠯᠪᠢᠬᠤ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠪᠤᠳᠠᠳᠠᠢ ᠲᠠᠢ ᠨᠢᠭᠳᠠ ᠤᠶᠠᠯᠳᠤᠭᠤᠯᠤᠨ᠂ ᠰᠤᠷᠳᠠᠯ ᠴᠢᠬᠡᠴᠢ ᠤᠪᠤᠷ ᠲᠦᠪ ᠤᠯᠤᠰ ᠳᠦᠷᠦ ᠶᠢᠨ ᠠᠮᠢ ᠠᠬᠤᠢ ᠶᠢ ᠪᠤᠢ ᠪᠤᠯᠭᠠᠬᠤ ᠠᠴᠠ ᠭᠠᠷᠳᠠᠵᠦ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠵᠤᠷᠢᠭ ᠰᠠᠨᠠᠭ᠎ᠠ ᠶᠢ ᠬᠦᠴᠦᠯᠡᠨ ᠬᠦᠪᠴᠢᠯᠡᠵᠦ᠂ ᠰᠢᠨᠳᠠᠷᠠᠰᠢ ᠦᠬᠡᠢ ᠴᠢᠷᠮᠠᠶᠢᠨ ᠠᠵᠢᠯᠯᠠᠵᠦ᠂ ᠭᠠᠵᠠᠷ ᠤᠷᠤᠨ ᠤ ᠡᠷᠳᠡᠬᠡᠨ ᠬᠦᠴᠢᠷ ᠪᠡᠷᠬᠡ ᠶᠢ ᠢᠯᠠᠨ ᠲᠠᠪᠠᠵᠦ᠂ ᠳᠠᠪᠠᠯᠳᠠ ᠲᠠᠢ ᠨᠡᠬᠡᠯᠲᠡ ᠶᠢ ᠠᠬᠢᠭᠤᠯᠬᠤ ᠬᠡᠷᠡᠭᠳᠡᠢ᠃ ᠬᠤᠳᠠᠯᠳᠤᠭᠠᠴᠢᠨ ᠤᠷᠢᠬᠤ ᠪᠠ ᠬᠤᠳᠠᠯᠳᠤᠭ᠎ᠠ ᠡᠵᠡᠩᠨᠡᠬᠦ ᠲᠠᠯ᠎ᠠ ᠪᠠᠷ ᠴᠥᠬᠦᠷᠡᠰᠢ ᠦᠭᠡᠢ ᠪᠠᠶᠢᠬᠤ ᠶᠢ ᠪᠠᠷᠢᠮᠲᠠᠯᠠᠵᠤ᠂ ᠪᠠᠶᠢᠩᠭᠤ ᠠᠳᠬᠤᠨ ᠪᠠᠶᠢᠩᠭᠤ ᠰᠢᠨᠡᠴᠢᠯᠡᠵᠦ᠂ ᠬᠤᠳᠠᠯᠳᠤᠭᠠᠴᠢᠨ ᠤᠷᠢᠬᠤ ᠪᠦᠲᠦᠮᠵᠢᠲᠡᠢ ᠠᠷᠭ᠎ᠠ ᠶᠢᠨ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠲᠣᠯᠢᠳᠠᠵᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ᠂ ᠬᠤᠳᠠᠯᠳᠤᠭ᠎ᠠ ᠶᠢ ᠪᠠᠶᠠᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠴᠢᠩᠭ᠎ᠠ ᠲᠥᠪ ᠴᠢᠩᠭ᠎ᠠ ᠠᠵᠢᠯ ᠤᠨ ᠰᠠᠬᠢᠯᠭ᠎ᠠ ᠪᠠᠲᠤ ᠶᠣᠰᠣ ᠲᠦᠷᠢᠮ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠳᠥᠭᠦᠮ ᠳᠥᠲᠡ ᠦᠢᠯᠡᠴᠢᠯᠡᠭᠡ ᠪᠠ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠬᠦ ᠲᠠᠯ᠎ᠠ ᠪᠠᠷ ᠬᠡᠪ ᠤᠨ ᠵᠤᠷᠰᠢᠯ ᠢ ᠡᠪᠳᠡᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠰᠡᠳᠬᠢᠬᠦᠶ ᠶᠢᠨ ᠬᠠᠨᠳᠤᠰᠢ ᠶᠢ ᠲᠡᠪᠴᠢᠵᠦ᠂ ᠵᠣᠷᠢᠭᠲᠠᠢ ᠪᠠᠷ ᠣᠨᠳᠣᠣ ᠠᠷᠭ᠎ᠠ ᠵᠠᠮ ᠭᠠᠷᠭᠠᠬᠤ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠵᠢᠮ᠎ᠡ ᠶᠣᠰᠣ᠂ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠨᠢᠭᠡᠳᠦᠭᠡᠷ ᠠᠵᠤ ᠦᠢᠯᠡᠰ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠤᠪᠤᠶᠢᠯᠭᠠᠵᠦ᠂ ᠬᠤᠶᠠᠳᠤᠭᠠᠷ ᠠᠵᠤ ᠦᠢᠯᠡᠰ ᠨᠢ ᠡᠨᠧᠷᠭᠢ ᠪᠣᠯᠤᠨ ᠡᠬᠢ ᠪᠠᠶᠠᠯᠢᠭ ᠲᠤ ᠲᠦᠰᠢᠭᠯᠡᠨ ᠲᠣᠮᠣ ᠬᠦᠴᠦᠷᠬᠡᠭ ᠢ ᠣᠷᠣᠭᠤᠯᠤᠨ ᠠᠪᠴᠢᠷᠠᠵᠤ᠂ ᠭᠤᠷᠪᠠᠳᠤᠭᠠᠷ ᠠᠵᠤ ᠦᠢᠯᠡᠰ ᠨᠢ ᠬᠦᠴᠦᠨ ᠢᠶᠠᠨ ᠲᠥᠪᠯᠡᠷᠡᠭᠦᠯᠦᠨ ᠨᠡᠷᠡᠲᠦ ᠱᠣᠰᠢᠭ᠎ᠠ ᠶᠢᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠲᠣᠭᠲᠠᠭᠠᠬᠤ ᠶᠢ ᠵᠡᠷᠭᠡᠪᠡᠷ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠳᠡᠭᠡᠭᠰᠢ ᠤᠯᠤᠯᠴᠠᠨ ᠵᠣᠯᠭᠠᠭᠤᠯᠵᠤ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠢ ᠪᠤᠶᠢᠵᠢᠭᠤᠯᠬᠤ ᠵᠡᠷᠭᠡ ᠲᠠᠯ᠎ᠠ ᠪᠠᠷ ᠳᠡᠭᠡᠳᠦ ᠱᠠᠲᠤᠨ ᠤ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠮᠧᠩ ᠰᠢᠶᠠᠨ ᠳ᠋ᠦᠩ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ — ᠬᠦᠷᠢᠶ᠎ᠡ ᠪᠠᠯᠭᠠᠰᠤᠨ ᠤ ᠭᠤᠷᠪᠡᠨᠭᠡᠷ ᠭᠠᠴᠠᠭ᠎ᠠ ᠳᠤ ᠬᠦᠷᠴᠦ᠂ ᠤᠯᠠᠭᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠭᠠᠴᠠᠭ᠎ᠠ ᠶᠢᠨ ︽ᠳᠦᠷᠪᠡᠯ ᠬᠦᠷᠢᠶ᠎ᠡ︾ ᠶᠢᠨ ᠠᠷᠠᠳ ᠤᠨ ᠣᠷᠣᠨ ᠰᠠᠭᠤᠴᠠᠲᠤ ᠬᠤᠨᠤᠭ ᠪᠠᠭᠤᠳᠠᠯ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠠᠢ ᠶᠠᠷᠢᠯᠴᠠᠨ ᠰᠣᠯᠢᠯᠴᠠᠵᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃      ᠮᠡᠷᠭᠡᠨᠪᠠᠲᠤ ᠣᠷᠣᠯᠴᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ