ᠰᠦ ᠰᠢᠷᠭᠢᠬᠦ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠬᠡᠷᠬᠢᠨ ᠲᠡᠵᠢᠭᠡᠬᠦ ᠪᠣᠢ︖
ᠨᠡᠶᠢᠲᠡᠯᠡᠭᠰᠡᠨ ᠴᠠᠭ᠄
2025/2/28
      ᠰᠦ ᠰᠢᠷᠭᠢᠬᠦ ᠡᠬᠢᠨ ᠤ ᠬᠤᠭᠤᠴᠠᠭᠠᠨ ᠤ ᠲᠡᠵᠢᠭᠡᠯ᠃ ᠳᠠᠩ ᠭᠠᠭᠴᠠ ᠡᠷᠳᠡᠨᠢ ᠰᠢᠰᠢ ᠶᠢᠨ ᠨᠣᠭᠤᠭᠠᠨ ᠳᠠᠷᠤᠰᠢ ᠶᠢᠨ ᠡᠨᠧᠷᠭᠢ ᠨᠢ ᠬᠡᠲᠦᠷᠬᠡᠢ ᠥᠨᠳᠥᠷ ᠤᠴᠢᠷ ᠠᠴᠠ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶᠡᠨ ᠳᠤ ᠲᠡᠶᠢᠮᠦ ᠴᠦ ᠲᠣᠬᠢᠷᠠᠬᠤ ᠡᠪᠡᠰᠦ ᠲᠡᠵᠢᠭᠡᠯ ᠪᠢᠰᠢ ᠶᠤᠮ᠃ ᠬᠡᠷᠪᠡ ᠡᠷᠳᠡᠨᠢ ᠰᠢᠰᠢ ᠶᠢᠨ ᠨᠣᠭᠤᠭᠠᠨ ᠳᠠᠷᠤᠰᠢ ︵35% ᠶᠢᠨ ᠬᠠᠭᠤᠷᠠᠢ ᠪᠣᠳᠠᠰ ᠪᠠᠭᠲᠠᠨ᠎ᠠ︶ ᠪᠠᠷ ᠡᠷᠬᠡᠪᠰᠢ ᠲᠡᠵᠢᠭᠡᠬᠦ ᠴᠢᠬᠤᠯᠠᠳᠠᠢ ᠪᠤᠯ᠂ ᠲᠡᠵᠢᠭᠡᠬᠦ ᠬᠡᠮᠵᠢᠶ᠎ᠡ ᠶᠢ ᠨᠣᠶᠢᠲᠠᠨ ᠬᠦᠨᠳᠦ ᠨᠢ 5—7 ᠺᠢᠯᠣᠭ᠍ᠷᠠᠮ ︵ᠪᠠᠷᠤᠭ 2—2.5 ᠺᠢᠯᠣᠭ᠍ᠷᠠᠮ ᠤᠨ ᠬᠠᠭᠤᠷᠠᠢ ᠬᠦᠨᠳᠦ︶ ᠢᠶᠠᠷ ᠬᠢᠵᠠᠭᠠᠷᠯᠠᠵᠤ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠢᠳᠡᠭᠦᠯᠦᠭᠰᠡᠨ ᠰᠠᠭᠠᠯᠢ ᠶᠢᠨ ᠦᠨᠢᠶᠡᠨ  ᠳᠤ ᠲᠠᠷᠭᠤᠯᠠᠬᠤ ᠨᠡᠶᠢᠯᠡᠭ ᠭᠡᠮ ᠡᠭᠦᠰᠬᠦ ᠶᠢ ᠰᠡᠷᠭᠡᠶᠢᠯᠡᠬᠦ ᠴᠢᠬᠤᠯᠠᠳᠠᠢ᠃ ᠰᠠᠭᠠᠯᠢ ᠶᠢᠨ ᠦᠨᠢᠶᠡᠨ ᠳᠤ ᠶᠡᠭᠡ ᠬᠡᠮᠵᠢᠶᠡᠨ ᠤ ᠨᠠᠷᠢᠯᠢᠭ ᠪᠣᠷᠳᠤᠭ᠎ᠠ ᠵᠢᠴᠢ ︵ᠪᠤᠶᠤ︶ ᠡᠷᠳᠡᠨᠢ ᠰᠢᠰᠢ ᠶᠢᠨ ᠨᠣᠭᠤᠭᠠᠨ ᠳᠠᠷᠤᠰᠢ  ᠪᠠᠷ ᠲᠡᠵᠢᠭᠡᠪᠡᠯ ᠬᠤᠳᠣᠭᠤᠳᠤᠨ ᠤ ᠰᠢᠯᠵᠢᠯᠲᠡ ᠶᠢ ᠡᠭᠦᠰᠬᠡᠵᠦ ᠮᠡᠳᠡᠨ᠎ᠡ᠃ ᠡᠭᠦᠨ ᠠᠴᠠ ᠭᠠᠳᠠᠨ᠎ᠠ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠶᠢᠨ ᠬᠡᠮᠵᠢᠶ᠎ᠡ ᠶᠢ ᠬᠢᠵᠠᠭᠠᠷᠯᠠᠬᠤ ᠨᠢ ᠰᠠᠭᠠᠯᠢ ᠶᠢᠨ ᠦᠨᠢᠶᠡᠨ ᠤ ᠡᠳᠦᠷ ᠤᠨ ᠲᠡᠵᠢᠭᠡᠯ ᠳᠠᠬᠢ ᠺᠠᠯᠼ᠂ ᠺᠠᠯᠢ ᠵᠢᠴᠢ ᠤᠭᠤᠷᠠᠭ ᠤᠨ ᠬᠡᠮᠵᠢᠶ᠎ᠡ ᠶᠢ ᠲᠣᠬᠢᠷᠠᠭᠤᠯᠬᠤ ᠳᠤ ᠠᠰᠢᠭᠲᠠᠢ ᠪᠠᠶᠢᠳᠠᠭ᠃ ᠪᠤᠷᠴᠠᠭ ᠤᠨ ᠢᠵᠠᠭᠤᠷ ᠤᠨ ᠤᠰᠤ ᠪᠠᠭ᠎ᠠ ᠨᠣᠭᠤᠭᠠᠨ ᠳᠠᠷᠤᠰᠢ ᠨᠢ ᠴᠦ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶᠡᠨ ᠳᠤ ᠲᠡᠶᠢᠮᠦ ᠴᠦ ᠲᠣᠬᠢᠷᠠᠬᠤ ᠡᠪᠡᠰᠦ ᠲᠡᠵᠢᠭᠡᠯ ᠪᠢᠰᠢ ᠶᠤᠮ᠃ ᠬᠡᠷᠪᠡ ᠡᠷᠬᠡᠪᠰᠢ ᠤᠰᠤ ᠪᠠᠭ᠎ᠠ ᠨᠣᠭᠤᠭᠠᠨ ᠳᠠᠷᠤᠰᠢ ︵ᠬᠠᠭᠤᠷᠠᠢ ᠪᠣᠳᠠᠰ 45%︶  ᠪᠠᠷ ᠲᠡᠵᠢᠭᠡᠬᠦ ᠳᠤ ᠬᠦᠷᠪᠡᠯ᠂ ᠲᠡᠵᠢᠭᠡᠬᠦ ᠬᠡᠮᠵᠢᠶ᠎ᠡ ᠶᠢ 3 ᠠᠴᠠ 5 ᠺᠢᠯᠣᠭ᠍ᠷᠠᠮ ᠤᠨ ᠴᠢᠭᠢᠭᠯᠢᠭ ᠤᠨ ᠬᠦᠨᠳᠦ ︵ᠪᠠᠷᠤᠭ 1.5 ᠠᠴᠠ 2.0 ᠺᠢᠯᠣᠭ᠍ᠷᠠᠮ ᠤᠨ ᠬᠠᠭᠤᠷᠠᠢ ᠬᠦᠨᠳᠦ︶ ᠪᠠᠷ ᠬᠢᠵᠠᠭᠠᠷᠯᠠᠨ᠎ᠠ᠃      ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠲᠡᠵᠢᠭᠡᠯ᠃ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠭᠡᠳᠡᠭ ᠨᠢ ᠲᠤᠭᠤᠯᠯᠠᠬᠤ ᠠᠴᠠ ᠡᠮᠦᠨᠡᠬᠢ 21 ᠡᠳᠦᠷ ᠤᠨ ᠳᠣᠲᠣᠷᠠᠬᠢ ᠦᠨᠢᠶ᠎ᠡ ᠶᠢ ᠬᠡᠯᠡᠨ᠎ᠡ᠃ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶ᠎ᠡ ᠲᠠᠢ ᠬᠠᠷᠢᠴᠠᠭᠤᠯᠪᠠᠯ᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠶᠡᠷᠦᠩᠬᠡᠢ ᠬᠡᠮᠵᠢᠶ᠎ᠡ ᠶᠢ 15% ᠪᠠᠷ ᠪᠠᠭᠤᠷᠠᠭᠤᠯᠤᠨ᠎ᠠ ︵ᠳᠠᠷᠤᠢ ᠨᠢᠭᠡ ᠲᠣᠯᠣᠭᠠᠢ 650 ᠺᠢᠯᠣᠭ᠍ᠷᠠᠮ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠬᠡᠮᠵᠢᠶ᠎ᠡ ᠶᠢ 10 ᠠᠴᠠ 11 ᠺᠢᠯᠣᠭ᠍ᠷᠠᠮ ᠪᠠᠭᠠᠰᠬᠠᠨ᠎ᠠ︶᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠳᠤᠮᠳᠠᠴᠢ ᠬᠡᠮᠵᠢᠶ᠎ᠡ ᠶᠢ ᠪᠡᠶ᠎ᠡ ᠶᠢᠨ ᠬᠦᠨᠳᠦ ᠶᠢᠨ 1.5% ᠠᠴᠠ 1.7% ᠪᠠᠷ ᠪᠠᠭᠤᠷᠠᠭᠤᠯᠤᠨ᠎ᠠ᠃ ᠰᠦ ᠰᠢᠷᠭᠢᠬᠦ ᠰᠠᠭᠠᠯᠢ ᠶᠢᠨ ᠦᠨᠢᠶᠡᠨ ᠤ ᠲᠤᠭᠤᠯᠯᠠᠬᠤ ᠠᠴᠠ ᠡᠮᠦᠨᠡᠬᠢ 2 ᠭᠠᠷᠠᠭ ᠠᠴᠠ 3 ᠭᠠᠷᠠᠭ ᠤᠨ ᠬᠠᠭᠤᠷᠠᠢ ᠪᠣᠳᠠᠰ ᠢ ᠰᠢᠩᠭᠡᠬᠡᠨ ᠠᠪᠬᠤ ᠬᠡᠮᠵᠢᠶ᠎ᠡ ᠶᠢ ᠭᠠᠷᠠᠭ ᠪᠦᠷᠢ 5% ᠪᠠᠷ ᠪᠠᠭᠤᠷᠠᠭᠤᠯᠵᠤ᠂ ᠬᠥᠩᠭᠡᠵᠢᠬᠦ ᠠᠴᠠ ᠡᠮᠦᠨᠡᠬᠢ 3 ᠠᠴᠠ 5 ᠡᠳᠦᠷ ᠤᠨ ᠳᠣᠲᠣᠷ᠎ᠠ ᠬᠠᠮᠤᠭ ᠠᠷᠪᠢᠨ ᠳᠠᠭᠠᠨ 30% ᠪᠠᠷ ᠪᠠᠭᠤᠷᠠᠭᠤᠯᠤᠨ᠎ᠠ᠃ ᠰᠤᠳᠤᠯᠭᠠᠨ ᠠᠴᠠ ᠦᠵᠡᠪᠡᠯ᠂ ᠬᠥᠩᠭᠡᠵᠢᠬᠦ ᠠᠴᠠ ᠡᠮᠦᠨᠡᠬᠢ 2 ᠭᠠᠷᠠᠭ ᠠᠴᠠ 3 ᠭᠠᠷᠠᠭ ᠲᠤ ᠰᠠᠭᠠᠯᠢ ᠶᠢᠨ ᠦᠨᠢᠶᠡᠨ ᠤ ᠢᠳᠡᠰᠢᠯᠡᠬᠦ ᠬᠡᠮᠵᠢᠶ᠎ᠡ 30% ᠪᠠᠷ ᠪᠠᠭᠤᠷᠠᠵᠤ᠂ ᠡᠳᠦᠷ ᠪᠦᠷᠢ ᠲᠣᠯᠣᠭᠠᠢ ᠪᠦᠷᠢ ᠳᠤ 8 ᠠᠴᠠ 9 ᠺᠢᠯᠣᠭ᠍ᠷᠠᠮ ᠨᠣᠭᠳᠠᠵᠤ ᠮᠡᠳᠡᠨ᠎ᠡ᠃ ᠦᠢᠯᠡᠳᠦᠯᠭᠡ ᠶᠢᠨ ᠳᠤᠮᠳᠠ᠂ ᠬᠥᠩᠭᠡᠵᠢᠬᠦ ᠠᠴᠠ ᠡᠮᠦᠨᠡᠬᠢ 3—5 ᠡᠳᠦᠷ ᠲᠤ᠂ ᠰᠠᠭᠠᠯᠢ ᠶᠢᠨ ᠦᠨᠢᠶᠡᠨ ᠤ ᠬᠠᠭᠤᠷᠠᠢ ᠪᠣᠳᠠᠰ ᠢ ᠰᠢᠩᠭᠡᠬᠡᠨ ᠠᠪᠬᠤ ᠬᠡᠮᠵᠢᠶ᠎ᠡ ᠶᠢᠨ ᠪᠠᠭᠤᠷᠠᠯᠲᠠ ᠶᠢᠨ ᠨᠣᠷᠮ᠎ᠠ ᠨᠢ ᠨᠠᠩ ᠴᠤ 10% ᠠᠴᠠ 20% ᠪᠠᠶᠢᠵᠤ ᠮᠡᠳᠡᠨ᠎ᠡ᠃      ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠲᠡᠵᠢᠭᠡᠬᠦ ᠳᠤ ᠳᠣᠣᠷᠠᠬᠢ ᠬᠡᠳᠦᠨ ᠲᠠᠯ᠎ᠠ ᠶᠢ ᠣᠨᠴᠠᠭᠠᠶᠢᠯᠠᠨ ᠠᠩᠬᠠᠷᠬᠤ ᠬᠡᠷᠡᠭᠲᠡᠢ᠄ 1.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠺᠠᠯᠼ ᠤᠨ ᠬᠡᠮᠵᠢᠶ᠎ᠡ ᠶᠢ ᠨᠠᠷᠢᠨ ᠨᠢᠭᠲᠠ ᠪᠣᠳᠣᠵᠤ᠂ ᠲᠤᠭᠤᠯᠯᠠᠭᠰᠠᠨ ᠤ ᠳᠠᠷᠠᠭ᠎ᠠ ᠲᠠᠮᠪᠠᠷᠠᠬᠤ ᠠᠴᠠ ᠰᠡᠷᠭᠡᠶᠢᠯᠡᠨ᠎ᠡ᠃ 2.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠰᠦ ᠰᠢᠭᠦᠷᠡᠭᠦᠯᠬᠦ ᠡᠳᠦᠷ ᠤᠨ ᠲᠡᠵᠢᠭᠡᠯ ᠤᠨ ᠦᠨᠳᠦᠰᠦᠨ ᠡᠪᠡᠰᠦ ᠪᠣᠷᠳᠤᠭ᠎ᠠ ᠳᠤ ᠵᠣᠬᠢᠴᠠᠭᠤᠯᠤᠨ᠎ᠠ᠃ 3.ᠥᠨᠳᠥᠷ ᠺᠠᠯᠼ ᠥᠨᠳᠥᠷ ᠺᠠᠯᠢ ᠶᠢᠨ ᠡᠳᠦᠷ ᠤᠨ ᠲᠡᠵᠢᠭᠡᠯ ᠲᠡᠵᠢᠭᠡᠬᠦ ᠶᠢᠨ ᠬᠠᠮᠲᠤ ᠪᠢᠯᠢᠭ ᠢᠶᠤᠨ ᠳᠠᠪᠤᠰᠤ ᠲᠡᠵᠢᠭᠡᠨ᠎ᠡ᠃ 4.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠳᠤ ᠡᠳᠦᠷ ᠤᠨ ᠪᠦᠳᠦᠭᠦᠯᠢᠭ ᠠᠮᠤ ᠪᠠᠷ ᠲᠡᠵᠢᠭᠡᠵᠦ᠂ ᠰᠢᠨ᠎ᠡ ᠲᠤᠭᠤᠯᠯᠠᠭᠰᠠᠨ ᠦᠨᠢᠶᠡᠨ ᠳᠤ ᠨᠠᠷᠢᠯᠢᠭ ᠪᠣᠷᠳᠤᠭ᠎ᠠ ᠲᠡᠵᠢᠭᠡᠨ᠎ᠡ᠃ 5.ᠪᠡᠶ᠎ᠡ ᠶᠢᠨ ᠪᠠᠶᠢᠳᠠᠯ ᠢᠶᠠᠷ ᠰᠠᠶᠢᠨ ᠰᠠᠭᠠᠯᠢ ᠶᠢᠨ ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ ᠪᠡᠶ᠎ᠡ ᠶᠢᠨ ᠬᠦᠨᠳᠦ ᠶᠢᠨ 0.5% ︵ᠲᠣᠯᠣᠭᠠᠢ ᠪᠦᠷᠢ ᠳᠤ ᠡᠳᠦᠷ ᠲᠤ 3—3.5kg︶ ᠳᠤ ᠬᠦᠷᠴᠦ᠂ ᠪᠡᠶ᠎ᠡ ᠶᠢᠨ ᠪᠠᠶᠢᠳᠠᠯ ᠢᠶᠠᠷ ᠲᠡᠶᠢᠮᠦ ᠰᠠᠶᠢᠨ ᠪᠢᠰᠢ ᠰᠠᠭᠠᠯᠢ ᠶᠢᠨ ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ ᠪᠡᠶ᠎ᠡ ᠶᠢᠨ ᠬᠦᠨᠳᠦ ᠶᠢᠨ 0.75% ᠶᠢ ᠡᠵᠡᠯᠡᠨ᠎ᠡ᠃ 6.ᠰᠠᠭᠠᠯᠢ ᠶᠢᠨ ᠦᠨᠢᠶ᠎ᠡ ᠶᠢ ᠨᠢᠭᠲᠠ ᠲᠡᠵᠢᠭᠡᠵᠦ ᠪᠠᠶᠢᠭ᠎ᠠ ᠦᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ ᠪᠦᠷᠢ ᠶᠢᠨ ᠰᠦ ᠰᠢᠭᠦᠷᠡᠭᠦᠯᠬᠦ ᠴᠡᠪᠡᠷ ᠡᠨᠧᠷᠭᠢ ᠶᠢᠨ 5.06 ᠮᠧᠭ᠎ᠠ ᠬᠡᠦᠷᠡᠰᠦ ᠪᠠᠶᠢᠬᠤ ᠬᠡᠷᠡᠭᠲᠡᠢ᠂ ᠭᠡᠪᠡᠴᠦ ᠡᠪᠦᠯ ᠤᠨ ᠤᠯᠠᠷᠢᠯ ᠳᠤ ᠭᠠᠳᠠᠨ᠎ᠠ ᠪᠠᠶᠢᠭ᠎ᠠ ᠰᠠᠭᠠᠯᠢ ᠶᠢᠨ ᠦᠨᠢᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ ᠪᠦᠷᠢ ᠶᠢᠨ ᠰᠦ ᠰᠢᠭᠦᠷᠡᠭᠦᠯᠬᠦ ᠴᠡᠪᠡᠷ ᠡᠨᠧᠷᠭᠢ  ᠶᠢᠨ 5.98 ᠮᠧᠭ᠎ᠠ ᠬᠡᠦᠷᠡᠰᠦ ᠪᠣᠯᠣᠨ᠎ᠠ᠃ 7.ᠰᠠᠭᠠᠯᠢ ᠶᠢᠨ ᠦᠨᠢᠶ᠎ᠡ ᠶᠢ ᠲᠠᠭᠠᠯᠠᠮᠵᠢᠲᠠᠢ ᠪᠠᠶᠢᠯᠭᠠᠬᠤ ᠶᠢ ᠠᠩᠬᠠᠷᠴᠤ᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠬᠦᠷᠢᠶ᠎ᠡ ᠬᠠᠰᠢᠶᠠᠨ ᠤ ᠰᠠᠯᠬᠢ ᠨᠡᠪᠲᠡᠷᠡᠬᠦ ᠪᠠ ᠪᠣᠷᠳᠣᠭᠠᠨ ᠤ ᠣᠩᠭᠤᠴᠠ ᠶᠢᠨ ᠬᠠᠮᠢᠶᠠᠷᠤᠯᠲᠠ ᠶᠢ ᠠᠩᠬᠠᠷᠬᠤ ᠬᠡᠷᠡᠭᠲᠡᠢ᠃
ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ