ᠬᠦᠷᠢᠶ᠎ᠡ ᠬᠤᠰᠢᠭᠤ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠦᠢᠯᠡᠴᠢᠯᠡᠬᠦ ᠬᠠᠩᠭᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠨᠠᠷᠢᠯᠢᠭᠵᠢᠭᠤᠯᠤᠯᠲᠠ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ | ᠦᠨᠡᠨ ᠬᠦ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠠᠮᠲᠤᠷᠠᠯᠴᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ | ᠬᠥᠭᠵᠢᠬᠦ ᠰᠢᠨ᠎ᠡ ᠪᠠᠶᠢᠳᠠᠯ ᠢ ᠡᠭᠦᠳᠬᠦ ᠶᠢ ᠲᠦᠯᠬᠢᠨ ᠠᠬᠢᠭᠤᠯᠪᠠ᠃ | ᠲᠤᠤᠷᠵᠢᠯᠠᠬᠰᠠᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠬᠠᠮᠲᠤ ᠶᠢᠨ ᠴᠣᠭᠴᠠ ᠶᠢ ᠪᠠᠶᠢᠭᠤᠯᠪᠠ᠃ | ᠦᠨᠳᠦᠰᠦᠨ ᠱᠠᠲᠤᠨ ᠤ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠲᠣᠥᠷᠵᠢᠭᠤᠯᠤᠬᠰᠠᠨ ᠬᠠᠮᠢᠶᠠᠷᠤᠯᠲᠠ ᠳᠤ ᠣᠷᠣᠭᠤᠯᠵᠤ᠂ | ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠦᠨᠳᠦᠰᠦᠲᠡᠨ ᠤ ᠠᠵᠢᠯ ᠤᠨ ᠬᠤᠯᠪᠣᠭᠠᠴᠢᠨ ᠪᠠ ᠲᠣᠣᠷᠵᠢᠯ ᠤᠨ ᠠᠵᠢᠯᠲᠠᠨ ᠤ ᠡᠩᠨᠡᠭᠡ ᠶᠢ ᠵᠣᠬᠢᠶᠠᠨ | ᠪᠠᠶᠢᠭᠤᠯᠵᠤ᠂ ᠵᠥᠷᠢᠴᠡᠯ ᠵᠢᠭᠤᠷᠠᠯᠳᠤᠭᠠᠨ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ ᠨᠡᠶᠢᠭᠡᠮ | ᠲᠣᠭᠤᠷᠢᠭ ᠤᠨ ᠬᠢᠨ ︽ᠲᠤᠯᠤᠭᠠᠨ ᠥᠩᠭᠡᠲᠦ ᠲᠣᠣᠷᠵᠢᠯ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨᠴᠠᠭᠠᠢ ᠬᠠᠮᠲᠤ ᠨᠡᠶᠢᠳᠡ᠂ ᠬᠦᠴᠢᠷᠳᠡᠯᠲᠡᠢ ᠬᠠᠮᠲᠤ ᠨᠡᠶᠢᠳᠡ᠂ | ᠭᠡᠷ ᠲᠡᠭᠡᠨ ᠬᠤᠴᠣᠷᠤᠭᠰᠠᠨ ᠨᠠᠰᠤᠲᠠᠨ᠂ ᠵᠡᠮᠳᠡᠭ ᠬᠥᠮᠥᠰ᠂ ᠨᠡᠭᠦᠳᠡᠯ ᠲᠦᠷᠢᠶᠡᠰᠦᠨ ᠡᠷᠦᠭᠡ᠂ ᠬᠡᠪ ᠤᠨ ᠰᠠᠭᠤᠭᠠᠯᠢ ᠡᠷᠦᠭᠡ᠂ ᠰᠤᠯᠠ ᠪᠠᠶᠢᠭ᠎ᠠ ᠭᠡᠷ ᠪᠠᠶᠢᠰᠢᠩ ᠢ | ᠤᠯᠠᠭᠠᠨ᠂ ᠤᠯᠠᠪᠤᠷ᠂ ᠪᠣᠷᠣ᠂ ᠰᠢᠷ᠎ᠠ᠂ ᠬᠥᠬᠡ᠂ ᠨᠣᠭᠤᠭᠠᠨ᠂ ᠴᠠᠭᠠᠨ ᠥᠩᠭᠡ ᠲᠠᠢ ᠬᠠᠷᠠᠭᠠᠯᠵᠠᠭᠤᠯᠤᠨ ᠲᠤᠯᠤᠭᠠᠨ ᠥᠩᠭᠡᠲᠦ ᠲᠣᠣᠷᠵᠢᠯ ᠤᠨ ᠬᠠᠮᠢᠶᠠᠷᠤᠯᠲᠠ ᠶᠢ | ᠪᠦᠷᠢᠯᠳᠦᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠪᠠᠴᠢᠮᠳᠠᠬᠤ ᠬᠦᠴᠢᠷᠳᠡᠬᠦ ᠵᠣᠪᠠᠨᠢᠬᠤ ᠬᠦᠰᠡᠬᠦ︾ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ︽ᠳᠥᠷᠪᠡᠨ ᠲᠣᠭᠤᠷᠢᠭ ᠢ ᠬᠠᠮᠲᠤ ᠪᠠᠷ ᠪᠠᠶᠢᠭᠤᠯᠬᠤ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ | ᠥᠪᠡᠷᠲᠡᠭᠡᠨ ᠵᠠᠰᠠᠬᠤ ᠲᠣᠭᠤᠷᠢᠭ︾ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠲᠣᠭᠲᠠᠭᠠᠯ ᠳᠤ ᠨᠡᠶᠢᠴᠡᠭᠦᠯᠦᠨ ᠨᠡᠶᠢᠭᠡᠮ | ᠲᠣᠭᠤᠷᠢᠭ ᠤᠨ ᠬᠡᠷᠡᠭ ᠶᠠᠪᠤᠳᠠᠯ ᠳᠤ ᠣᠷᠤᠯᠴᠠᠬᠤ ᠶᠢ ᠬᠥᠲᠥᠯᠥᠨ ᠵᠢᠯᠤᠭᠤᠳᠪᠠ;ᠬᠤᠪᠢᠰᠬᠠᠯ ᠤᠨ ︽ᠬᠤᠳᠠᠯᠳᠤᠭᠠᠨ ᠤ ᠲᠣᠭᠤᠷᠢᠭ︾ ᠢ ᠥᠷᠭᠡᠳᠬᠡᠵᠦ᠂ | ᠬᠤᠳᠠᠯᠳᠤᠭᠠᠨ ᠤ ᠫᠦᠰᠡ ᠲᠠᠢ ᠬᠤᠯᠪᠤᠭᠠᠯᠠᠨ ᠬᠠᠮᠲᠤ ᠪᠠᠷ ᠨᠡᠶᠢᠲᠡ ᠶᠢᠨ ᠠᠰᠠᠷᠠᠮᠵᠢ ᠶᠢᠨ ᠠᠵᠢᠯ ᠬᠢᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠶ᠎ᠡ | ᠵᠣᠬᠢᠴᠠᠩᠭᠤᠢ ᠲᠣᠭᠲᠠᠭᠤᠨ ᠢ ᠬᠠᠮᠲᠤ ᠪᠠᠷ ᠠᠭᠢᠭᠤᠯᠪᠠ᠃ᠠᠷᠠᠳ ᠲᠤ ᠲᠥᠭᠦᠮ ᠦᠵᠡᠭᠦᠯᠭᠦ ︽ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠡᠭᠦᠳᠡ ᠪᠠᠨ | ᠨᠡᠭᠡᠭᠡᠵᠦ ᠰᠠᠨᠠᠭᠤᠯᠭ᠎ᠠ ᠰᠤᠨᠤᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠴᠥᠬᠡᠨ ᠬᠦᠰᠡᠯ ᠢ ᠬᠤᠷᠢᠶᠠᠨ | ᠴᠤᠭᠯᠠᠭᠤᠯᠵᠤ᠂ ᠦᠨᠳᠦᠰᠦᠲᠡᠨ ᠤ ᠪᠦᠯᠬᠦᠮᠳᠡᠯ ᠬᠢᠭᠡᠳ ᠨᠡᠶᠢᠭᠡᠮ ᠤᠨ ᠵᠠᠰᠠᠯᠲᠠ ᠶᠢ ᠬᠠᠷᠢᠯᠴᠠᠨ ᠤᠶᠠᠯᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠪᠠᠷ | ᠲᠦᠯᠬᠢᠨ ᠠᠭᠢᠭᠤᠯᠪᠠ ᠃ ︽ᠨᠠᠶᠢᠵᠠ ᠶᠢᠨ ᠲᠣᠭᠤᠷᠢᠭ︾ ᠢ ᠢᠳᠡᠪᠬᠢᠲᠡᠢ ᠪᠠᠷ ᠥᠷᠭᠡᠳᠬᠡᠵᠦ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠬᠠᠷᠢᠶ᠎ᠠ ᠣᠷᠣᠨ ᠤ | ᠪᠠᠨ ᠭᠠᠳᠠᠨᠠᠬᠢ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠨᠡᠶᠢᠲᠡ ᠶᠢᠨ ᠠᠰᠠᠷᠠᠮᠵᠢ ᠶᠢᠨ ᠬᠦᠴᠦᠨ ᠲᠠᠢ | ᠬᠠᠷᠢᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠪᠡᠶᠡᠯᠡᠭᠦᠯᠪᠡ᠃ | ᠠᠴᠢᠶᠠᠯᠠᠪᠤᠷᠢ ᠶᠢᠨ ᠤᠬᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠤᠷᠮ᠎ᠠ ᠶᠢ | ᠳᠡᠭᠡᠭᠰᠢᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠺᠠᠳ᠋ᠷ ᠤᠨ ᠬᠥᠮᠦᠵᠢᠯ᠂ ᠨᠠᠮ ᠤᠨ | ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠤᠬᠠᠭᠤᠯᠭ᠎ᠠ ᠬᠥᠮᠦᠵᠢᠯ ᠢ ᠪᠦᠷᠬᠦᠭᠦᠯᠬᠦ ᠶᠢ ᠪᠡᠶᠡᠯᠡᠭᠦᠯᠪᠡ᠃ ᠨᠢᠭᠡᠨᠲᠡ | ᠡᠷᠭᠢᠯᠡᠭᠰᠡᠨ ᠭᠤᠣᠯ ᠠᠩᠭᠢ ᠶᠢᠨ ᠳᠣᠲᠣᠷ᠎ᠠ ᠡᠵᠡᠯᠡᠬᠦ ᠬᠠᠷᠢᠴᠠᠯ ᠨᠢ 21% ᠠᠴᠠ ᠳᠡᠭᠡᠭᠰᠢ ᠳᠤ ᠭᠦᠷᠪᠡ᠄ ︽ᠤᠬᠠᠭᠤᠯᠭ᠎ᠠ ᠲᠠᠶᠢᠯᠤᠮᠵᠢ ᠳᠡᠷᠭᠡᠳᠡ ᠪᠠᠶᠢᠬᠤ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠵᠡᠷᠭᠡ ᠳᠤ | ᠭᠦᠨᠵᠡᠭᠡᠶᠢᠷᠡᠵᠦ ᠵᠠᠭᠤ ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ︽ᠬᠠᠮᠲᠤ ᠶᠢᠨ ᠳᠤᠷᠠᠳᠬᠠᠯ︾ ᠤᠨ ᠦᠵᠡᠭᠦᠯᠭᠡ ᠶᠢᠨ ᠲᠢᠩᠬᠢᠮ᠂ | ᠠᠨᠠᠷ ᠤᠨ ᠦᠷ᠎ᠡ ᠶᠢᠨ ᠠᠭᠤᠳᠠᠮ ᠲᠠᠯᠠᠪᠠᠶ ᠵᠡᠷᠭᠡ ᠲᠠᠯᠠᠪᠤᠷ ᠭᠠᠵᠠᠷ ᠢ ᠪᠠᠶᠢᠭᠤᠯᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ︽ᠠᠨᠠᠷ ᠤᠨ ᠨᠣᠮ ᠤᠨ ᠪᠤᠯᠤᠩ︾ | ᠤᠨ ᠪᠢᠴᠢᠯ ᠵᠢᠭᠰᠠᠭᠠᠯ ᠤᠨ ᠭᠠᠵᠠᠷ ᠢ ᠨᠡᠭᠡᠭᠡᠪᠡ᠃ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠬᠤ᠂ ᠮᠡᠳᠡᠯᠭᠡ ᠶᠢᠨ ᠰᠢᠯᠭᠠᠯᠲᠠ᠂ ᠤᠷᠠᠨ ᠰᠠᠶᠢᠬᠠᠨ ᠤ ᠬᠠᠮᠲᠤᠷᠠᠭᠰᠠᠨ ᠲᠣᠬᠯᠠᠯᠲᠠ ᠵᠡᠷᠭᠡ ᠭᠡᠯᠪᠡᠷᠢ ᠪᠠᠷ ᠳᠠᠮᠵᠢᠭᠤᠯᠤᠨ ᠠᠴᠢᠶᠠᠯᠠᠪᠤᠷᠢ ᠶᠢᠨ | ᠠᠵᠢᠯᠯᠠᠭ᠎ᠠ ᠶᠢ ᠨᠡᠶᠢᠳᠡ 220 ᠭᠠᠷᠤᠢ ᠤᠳᠠᠭ᠎ᠠ ᠥᠷᠨᠢᠭᠦᠯᠵᠦ᠂ 2 ᠲᠦᠮᠡ ᠭᠠᠷᠤᠢ ᠬᠥᠮᠥᠨ ᠢ ᠬᠠᠮᠤᠷᠴᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠢ 2.8 ᠲᠦᠮᠡ ᠭᠠᠷᠤᠢ ᠳᠡᠪᠲᠡᠷ ᠲᠠᠷᠬᠠᠭᠠᠪᠠ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ | ᠡᠳᠦᠷ ᠲᠠᠢ ᠤᠶᠠᠯᠳᠤᠭᠤᠯᠤᠨ᠂ ᠭᠤᠷᠪᠠᠨ ᠵᠢᠯ ᠳᠠᠷᠠᠭᠠᠯᠠᠨ ᠰᠥᠨᠢ ᠶᠢᠨ ᠵᠠᠬ᠎ᠠ ᠳᠡᠯᠭᠡᠭᠦᠷ᠂ ᠠᠭᠤᠳᠠᠮ ᠲᠠᠯᠠᠪᠠᠶ ᠵᠡᠷᠭᠡ ᠲᠠᠯᠠᠪᠤᠷ ᠲᠤ ᠣᠯᠠᠨ ᠲᠦᠮᠡᠨᠴᠢ ᠴᠢᠨᠠᠷᠲᠠᠢ | ᠤᠷᠠᠨ ᠰᠠᠶᠢᠬᠠᠨ ᠤ ᠬᠠᠮᠲᠤᠷᠠᠭᠰᠠᠨ ᠲᠣᠬᠯᠠᠯᠲᠠ ᠶᠢ 50 ᠭᠠᠷᠤᠢ ᠬᠤᠭᠤᠴᠠᠭ᠎ᠠ ᠥᠷᠨᠢᠭᠦᠯᠪᠡ᠃ ᠬᠤᠰᠢᠭᠤᠨ ᠤ ᠭᠤᠣᠯ ᠵᠠᠭᠤᠴᠢᠯᠠᠭᠤᠷ ᠲᠤ ︽ᠰᠡᠳᠬᠢᠯ ᠨᠢᠭᠡᠳᠦᠭᠰᠡᠨ | ᠪᠢᠴᠢᠯ ᠬᠢᠴᠢᠶᠡᠯ ᠤᠨ ᠲᠠᠩᠬᠢᠮ︾ ᠢ 33 ᠬᠤᠭᠤᠴᠠᠭ᠎ᠠ ᠨᠡᠭᠡᠭᠡᠵᠦ᠂ ᠦᠵᠡᠭᠰᠡᠨ ᠬᠡᠮᠵᠢᠶ᠎ᠡ ᠨᠢ 18 ᠲᠦᠮᠡ + ᠬᠦᠷᠴᠦ᠂ ᠸᠢᠴᠠᠲ ᠤᠨ ᠨᠡᠶᠢᠲᠡ ᠶᠢᠨ ᠳ᠋ᠤᠭᠠᠷ ᠲᠤ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠭᠦ ᠣᠷᠣᠨ ᠢ ᠪᠠᠲᠤ ᠴᠣᠭᠴᠠᠯᠠᠶ᠎ᠠ︾ ︽ᠥᠨᠥᠳᠥᠷ ᠤᠨ | ᠰᠤᠷᠤᠯᠴᠠᠯᠭ᠎ᠠ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠵᠥᠪ | ᠲᠡᠦᠬᠡ ᠶᠢᠨ ᠦᠵᠡᠯᠲᠡ ᠲᠠᠢ ᠪᠤᠯᠬᠤ ᠶᠢ ᠬᠥᠲᠥᠯᠥᠨ ᠵᠢᠯᠣᠭᠤᠳᠪᠠ᠃ | ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠪᠤᠢ ᠪᠣᠯᠭᠠᠪᠠ᠃ ᠨᠡᠶᠢᠭᠡᠮ | ᠲᠣᠭᠤᠷᠢᠭ ᠤᠨ ᠡᠶᠡᠳᠡᠭᠦᠯᠬᠦ ᠲᠠᠰᠤᠭ ᠢ ᠪᠠᠶᠢᠭᠤᠯᠵᠤ᠂ ᠠᠬᠠᠮᠠᠳ ᠨᠠᠮ ᠤᠨ ᠭᠡᠰᠢᠭᠦᠨ᠂ ᠠᠷᠠᠳ ᠤᠨ ᠴᠠᠭᠳᠠᠭ᠎ᠠ᠂ ᠰᠡᠳᠬᠢᠴᠡ ᠶᠢᠨ ᠵᠥᠪᠯᠡᠯᠭᠡ ᠥᠭᠭᠦᠭᠴᠢ ᠵᠡᠷᠭᠡ ᠪᠠᠷ | ᠪᠦᠷᠢᠯᠳᠦᠭᠰᠡᠨ ᠡᠶᠡᠳᠡᠭᠦᠯᠬᠦ ᠪᠦᠯᠭᠦᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠨᠢᠭᠡ ᠨᠢ ᠨᠢᠭᠡ ᠲᠠᠢ ᠨᠢᠭᠤᠷᠳᠠᠨ ᠬᠦᠴᠢᠷ ᠠᠰᠠᠭᠤᠳᠠᠯ ᠢ | ᠰᠢᠢᠳᠪᠦᠷᠢᠯᠡᠬᠦ︾ ᠡᠶᠡᠳᠡᠭᠦᠯᠬᠦ ᠠᠵᠢᠯᠯᠠᠭ᠎ᠠ ᠶᠢ ᠥᠷᠨᠢᠭᠦᠯᠪᠡ᠃ ᠪᠠᠶᠢᠴᠠᠭᠠᠬᠤ ᠬᠤᠷᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠦᠨ᠂ ᠦᠢᠯᠡᠴᠢᠯᠡᠭᠡ ᠶᠢ ᠨᠠᠶᠢᠳᠠ 80 ᠭᠠᠷᠤᠢ ᠤᠳᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠪᠢᠴᠢᠯ ᠺᠢᠨᠣ᠋ ᠶᠢ 5 ᠰᠡᠭᠦᠳᠡᠷᠯᠡᠵᠦ᠂ ᠪᠠᠷᠤᠭ 2.6 ᠲᠦᠮᠡᠨ ᠬᠥᠮᠥᠨ ᠤᠳᠠᠭ᠎ᠠ ᠶᠢ ᠬᠠᠮᠤᠷᠴᠤ᠂ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ | ᠵᠥᠷᠢᠴᠡᠯ ᠵᠢᠭᠤᠷᠠᠯᠳᠤᠭᠠᠨ ᠢ ᠠᠷᠢᠯᠭᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠪᠠ᠃ ᠰᠢᠭᠦᠬᠦ ᠬᠤᠷᠢᠶᠠᠨ ᠤ ᠵᠥᠷᠢᠴᠡᠯ ᠢ ᠰᠢᠢᠳᠪᠦᠷᠢᠯᠡᠬᠦ | ᠲᠥᠪ ᠤᠨ ᠬᠢᠨ 11 ᠡᠶᠡᠳᠡᠭᠦᠯᠦᠭᠴᠢ ︵4 ᠴᠥᠭᠡᠨ ᠲᠣᠭᠠᠲᠤ ᠦᠨᠳᠦᠰᠦᠲᠡᠨ ᠤ ᠡᠶᠡᠳᠡᠭᠦᠯᠦᠭᠴᠢ ᠶᠢ ᠪᠠᠭᠲᠠᠨ᠎ᠠ︶ ᠶᠢ ᠲᠤᠰᠬᠠᠶᠢᠯᠠᠨ ᠤᠷᠢᠵᠤ᠂ ᠢᠷᠭᠡᠨ ᠤ ᠪᠠ | ᠬᠤᠳᠠᠯᠳᠤᠭᠠᠨ ᠤ ᠬᠡᠷᠡᠭ ᠢ ᠲᠣᠮᠢᠯᠠᠭᠰᠠᠨ ︵ᠨᠠᠶᠢᠳᠠᠭᠰᠠᠨ︶ ᠬᠡᠷᠡᠭ ᠢ ᠡᠶᠡᠳᠡᠭᠦᠯᠬᠦ ᠶᠢ ᠬᠠᠷᠢᠭᠤᠴᠠᠭᠤᠯᠵᠤ᠂ ᠨᠡᠶᠢᠳᠡ 1971 ᠬᠡᠷᠡᠭ ᠢ ᠡᠶᠡᠳᠡᠭᠦᠯᠵᠦ᠂ 1909 | ᠬᠡᠷᠡᠭ ᠢ ᠳᠠᠭᠤᠰᠬᠠᠵᠤ᠂ 1719 ᠬᠡᠷᠡᠭ ᠢ ᠡᠶᠡᠳᠡᠭᠦᠯᠦᠨ ᠠᠮᠵᠢᠯᠲᠠ ᠣᠯᠵᠤ᠂ ᠠᠮᠵᠢᠯᠲᠠ ᠣᠯᠣᠭᠰᠠᠨ ᠨᠤᠷᠮ᠎ᠠ ᠨᠢ 90.05% ᠳᠤ ᠬᠦᠷᠴᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠪᠠ᠃ ᠣᠯᠠᠨ ᠠᠷᠭ᠎ᠠ ᠬᠡᠮᠵᠢᠶ᠎ᠡ ᠪᠠᠷ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠷᠠᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ | ᠴᠤᠭᠯᠠᠭᠠᠨ᠂ ᠠᠳᠠᠯ ᠦᠢᠯᠡᠰ ᠴᠣᠭᠴᠠᠯᠠᠬᠤ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠰᠠᠭᠠᠭ ᠤᠨ ᠨᠤᠲᠤᠭ ᠤᠨ | ᠵᠠᠯᠠᠭᠤᠴᠤᠳ ᠰᠢᠨ᠎ᠡ ᠶᠢ ᠡᠭᠦᠳᠬᠦ︾ ᠰᠢᠷᠢᠰ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ︽ᠰᠦᠯᠵᠢᠶᠡᠨ ᠳᠡᠭᠡᠷ᠎ᠡ ᠰᠢᠭᠤᠳ | ᠨᠠᠪᠲᠠᠷᠡᠭᠦᠯᠵᠦ ᠠᠵᠢᠯ ᠤᠨ ᠪᠠᠶᠢᠷᠢ ᠲᠠᠨᠢᠯᠴᠠᠭᠤᠯᠬᠤ + ᠰᠦᠯᠵᠢᠶᠡᠨ ᠭᠠᠳᠠᠨ᠎ᠠ ᠠᠵᠢᠯᠲᠠᠨ ᠠᠵᠢᠯᠴᠢᠨ ᠡᠯᠰᠡᠬᠦ︾ ᠵᠠᠭᠪᠤᠷ ᠢ ᠬᠡᠷᠡᠭᠯᠡᠨ᠂ ︽ᠤᠷᠢᠬᠠᠨ ᠰᠠᠯᠬᠢᠨ ᠤ | ᠠᠵᠢᠯᠯᠠᠭ᠎ᠠ︾ ᠵᠡᠷᠭᠡ ᠲᠤᠰᠬᠠᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ 3 ᠲᠠᠯᠠᠪᠤᠷ ᠥᠷᠨᠢᠭᠦᠯᠵᠦ᠂ 1490 ᠭᠠᠷᠤᠢ ᠠᠵᠢᠯ ᠤᠨ ᠪᠠᠶᠢᠷᠢ ᠬᠠᠩᠭᠠᠵᠤ᠂ 330 | ᠭᠠᠷᠤᠢ ᠬᠥᠮᠥᠨ ᠳᠤ ᠠᠵᠢᠯ ᠣᠯᠭᠤᠬᠤ ᠰᠠᠨᠠᠮᠵᠢ ᠠᠩᠬ᠎ᠠ ᠠᠯᠬᠤᠮ ᠲᠣᠬᠢᠷᠠᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ | ᠮᠠᠶ᠋ᠢᠭ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠠ᠃ ︽ᠠᠷᠠᠳ ᠤᠨ ᠬᠦᠰᠡᠨ ᠡᠷᠡᠮᠡᠯᠵᠡᠵᠦ ᠪᠠᠶᠢᠭ᠎ᠠ ᠵᠦᠢᠯ ᠢ ᠰᠠᠯᠠᠭ᠎ᠠ ᠮᠥᠴᠢᠷ ᠢᠷᠡᠵᠦ ᠭᠦᠢᠴᠡᠳᠬᠡᠬᠦ︾ | ᠲᠤᠰᠬᠠᠢ ᠠᠵᠢᠯᠯᠠᠭ᠎ᠠ ᠳᠤ ᠲᠦᠰᠢᠭᠯᠡᠨ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠵᠠᠮ ᠤᠨ ᠳ᠋ᠧᠩ ᠨᠡᠮᠡᠬᠦ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ | ᠲᠣᠬᠢᠷᠠᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 36 ᠬᠤᠪᠢ ᠪᠡᠶᠡᠯᠡᠭᠦᠯᠵᠦ᠂ ᠵᠠᠮ ᠤᠨ ᠭᠠᠳᠠᠷᠭᠤ ᠶᠢ 6505 ᠲᠡᠭᠰᠢ ᠳᠥᠷᠪᠡᠯᠵᠢᠨ | ᠮᠧᠲᠷ ᠬᠠᠲᠠᠭᠤᠷᠠᠭᠤᠯᠵᠤ᠂ ᠭᠤᠣᠯ ᠳᠠᠭᠠᠤ ᠵᠠᠮ ᠱᠤᠭᠤᠮ ᠢ 150 ᠮᠧᠲᠷ ᠠᠷᠢᠯᠭᠠᠨ ᠴᠡᠪᠡᠷᠰᠢᠭᠦᠯᠵᠦ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ 12 ᠨᠡᠮᠡᠨ | ᠪᠠᠶᠢᠭᠤᠯᠵᠤ᠂ ᠤᠰᠤ ᠲᠠᠲᠠᠷᠠᠭᠤᠯᠬᠤ ᠬᠤᠭᠤᠯᠠᠢ ᠶᠢ 20 ᠮᠧᠲᠷ ᠰᠡᠯᠪᠢᠨ ᠵᠠᠰᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ | ᠦᠷᠭᠦᠯᠵᠢᠯᠡᠨ ᠳᠡᠭᠡᠭᠰᠢᠯᠡᠭᠦᠯᠪᠡ᠃ | |